ᠮᠠᠯᠴᠢᠳ ᠤᠨ ᠬᠤᠷᠰᠢᠶᠠᠨ ᠤ ᠰᠢᠨ᠎ᠡ ᠰᠣᠨᠣᠰᠬᠠᠯ
ᠨᠡᠶᠢᠲᠡᠯᠡᠭᠰᠡᠨ ᠴᠠᠭ᠄
2020/6/18
             ᠮᠠᠯᠴᠢᠳ ᠤᠨ ᠬᠤᠷᠰᠢᠶᠠᠨ ᠤ ᠰᠢᠨ᠎ᠡ ᠰᠣᠨᠣᠰᠬᠠᠯ                        ᠬᠦᠳᠡᠭᠡ ᠨᠣᠳᠤᠭ ᠢᠶᠠᠷ ᠨᠠᠷᠠ ᠬᠤᠷ᠎ᠠ ᠲᠡᠭᠰᠢᠷᠡᠵᠦ ᠠᠵᠢᠯ ᠤᠨ ᠬᠦᠭ ᠠᠶᠢᠵᠢᠮ ᠡᠷᠴᠢᠮᠯᠡᠵᠦ ᠪᠠᠶᠢᠭ᠎ᠠ ᠵᠣᠨ  ᠤ ᠰᠠᠷ᠎ᠠ ᠪᠠᠷ ᠪᠠᠷᠠᠭᠤᠨ ᠦᠵᠦᠮᠦᠴᠢᠨ ᠬᠤᠰᠢᠭᠤᠨ ᠤ ︿ᠲᠠᠭᠠᠭᠠᠴᠠ﹀ ᠮᠠᠯᠵᠢᠯ ᠤᠨ ᠦᠢᠯᠡᠰ ᠤᠨ ᠲᠣᠰᠠᠬᠠᠢ  ᠬᠤᠷᠰᠢᠶ᠎ᠠ ᠨᠢ ᠬᠡᠰᠢᠭᠦᠳ ᠢᠶᠠᠨ ᠴᠣᠭᠯᠠᠭᠤᠯᠣᠨ᠂ ᠴᠠᠭᠠᠨ ᠢᠳᠡᠭᠡᠨ ᠤ ᠦᠢᠯᠡᠳᠪᠦᠷᠢ ᠪᠠᠶᠢᠭᠤᠯᠵᠣ ᠡᠵᠡᠩᠨᠡᠯᠲᠡ ᠡᠬᠢᠯᠡᠭᠦᠯᠦᠭᠰᠡᠨ ᠠᠵᠢᠯᠯᠠᠭ᠎ᠠ ᠪᠠᠨ ᠬᠠᠮᠳᠣ ᠪᠠᠷ ᠲᠡᠮᠳᠡᠭᠯᠡᠵᠦ᠂ ᠬᠤᠶᠢᠰᠢᠲᠠ ᠶᠢᠨ ᠠᠵᠢᠯ ᠤᠨ ᠲᠦᠰᠦᠪ  ᠲᠦᠯᠦᠪᠯᠡᠭᠡ ᠪᠠᠨ ᠬᠠᠮᠳᠣ ᠪᠠᠷ ᠵᠦᠪᠳᠡᠵᠡᠭᠡᠯ᠎ᠡ᠃     ᠪᠠᠯᠭᠠᠷᠭᠤᠤᠯ ᠪᠠᠯᠭᠠᠰᠤᠨ ᠳᠤ ᠣᠯᠠᠨ ᠵᠢᠯ ᠡᠵᠡᠩᠨᠡᠯᠳᠠ ᠪᠠᠨ ᠬᠢᠵᠦ᠂ ︿ᠬᠠᠭᠤᠴᠢᠳ﹀ ᠨᠡᠷ᠎ᠡ ᠳᠡᠮᠳᠡᠭ ᠢᠶᠠᠷ  ᠢᠶᠠᠨ ᠣᠯᠠᠨ ᠬᠦᠮᠥᠨ ᠳᠤ ᠲᠠᠨᠢᠭᠳᠠᠭᠰᠠᠨ ︿ᠬᠠᠭᠤᠴᠢᠳ﹀ ᠴᠠᠭᠠᠨ ᠢᠳᠡᠭᠡᠨ ᠤ ᠬᠤᠷᠰᠢᠶᠠᠵᠢᠯ ᠨᠢ ᠡᠨᠡ ᠣᠳᠠᠭ᠎ᠠ ︿ ᠳᠠᠭᠠᠭᠠᠴᠠ﹀  ᠬᠤᠷᠰᠢᠶᠠᠵᠢᠯ ᠲᠠᠢ ᠬᠠᠮᠳᠣᠷᠠᠨ ᠬᠦᠳᠡᠭᠡ ᠶᠢᠨ ᠲᠣᠬᠢᠲᠠᠢ ᠨᠦᠭᠦᠴᠡᠯ ᠳᠤ ᠴᠠᠭᠠᠨ ᠢᠳᠡᠭᠡ ᠪᠣᠯᠪᠠᠰᠣᠷᠠᠭᠤᠯᠬᠤ᠂ ᠵᠢᠩᠭᠢᠨᠢ ᠪᠠᠶᠢᠭᠠᠯᠢᠯᠢᠭ ᠴᠠᠭᠠᠨ ᠢᠳᠡᠭᠡᠨ ᠤ ᠪᠣᠷᠣᠯᠠᠭᠤᠯᠭ᠎ᠠ ᠶᠢ ᠵᠠᠬ᠎ᠠ ᠲᠡᠯᠭᠡᠭᠦᠷ ᠲᠤ ᠭᠠᠷᠭᠠᠬᠤ ᠲᠠᠯ᠎ᠠ ᠪᠠᠷ ᠵᠣᠷᠢᠯᠭ᠎ᠠ ᠨᠢᠭᠡᠳᠦᠨ ᠠᠵᠢᠯᠯᠠᠵᠣ᠂ ᠡᠳᠦᠭᠡ ᠪᠣᠯᠬᠤ ᠳᠤ ᠦᠨᠳᠦᠰᠦᠨ ᠪᠦᠳᠦᠭᠡᠨ ᠪᠠᠶᠢᠭᠤᠯᠣᠯᠲᠠ ᠪᠠᠨ ᠲᠠᠭᠤᠰᠬᠠᠨ ᠰᠠᠷ᠎ᠠ ᠭᠠᠷᠣᠢ ᠡᠵᠡᠩᠨᠡᠭᠰᠡᠨ  ᠪᠦᠭᠡᠳ ᠣᠳᠣᠬᠠᠨ ᠪᠣᠯᠬᠤ ᠳᠤ ᠠᠷᠪᠠᠨ ᠲᠦᠷᠦᠯ ᠤᠨ ᠪᠦᠳᠦᠭᠡᠭᠳᠡᠭᠦᠨ ᠪᠣᠯᠪᠠᠰᠣᠷᠠᠭᠤᠯᠣᠭᠠᠳ ᠪᠠᠶᠢᠯ᠎ᠠ᠃      ᠬᠠᠮᠤᠭ ᠠᠩᠬ᠎ᠠ 2017 ᠣᠨ ᠳᠤ  ᠪᠠᠶᠠᠨᠬᠤᠸᠠ ᠪᠠᠯᠭᠠᠰᠣᠨ ᠤ ᠪᠣᠷᠣᠬᠤᠰᠢᠭᠤ ᠭᠠᠴᠠᠭᠠᠨ ᠤ ᠮᠠᠯᠴᠢᠨ ᠪᠠᠶᠠᠠᠮᠦ᠋ᠩᠭᠡ᠂ ᠬᠦᠦ ᠵᠠᠭᠤᠨᠠᠰᠣᠳᠣ ᠲᠠᠢ ᠪᠠᠨ ᠰᠠᠨᠠᠭᠠᠴᠢᠯᠡᠨ ᠪᠠᠶᠢᠭᠤᠯᠵᠣ᠂ ᠪᠣᠷᠣᠬᠤᠰᠢᠭᠤ᠂ ᠬᠠᠭᠭᠤᠯᠠ ᠬᠤᠶᠠᠷ ᠭᠠᠴᠠᠭᠠᠨ ᠤ ᠵᠢᠷᠭᠤᠭᠠᠨ ᠮᠠᠯᠴᠢᠨ ᠡᠷᠦᠭᠡ ᠨᠣᠳᠤᠭ ᠪᠡᠯᠴᠢᠭᠡᠷ᠂ ᠮᠠᠯ ᠣᠨᠤᠭ᠎ᠠ᠂ ᠪᠦᠳᠦᠭᠡᠨ ᠪᠠᠶᠢᠭᠤᠯᠣᠯᠲᠠ ᠪᠠᠷ  ᠢᠶᠠᠨ  ᠬᠠᠮᠳᠣᠷᠠᠵᠣ᠂  ᠠᠶᠢᠯ ᠤᠳ ᠤᠨ ᠢᠶᠠᠨ ᠬᠤᠭᠤᠷᠣᠨᠳᠣᠬᠢ ᠲᠣᠣᠷ ᠬᠦᠷᠢᠶ᠎ᠡ ᠶᠢ ᠪᠠᠭᠤᠯᠭᠠᠨ ᠭᠤᠷᠪᠠᠨ ᠵᠢᠯ ᠤᠨ ᠲᠣᠷᠰᠢ ᠬᠠᠮᠳᠣᠷᠠᠨ ᠠᠵᠢᠯᠯᠠᠵᠣ᠂ ᠬᠦᠳᠡᠯᠮᠦᠷᠢ ᠬᠦᠴᠦ ᠪᠠᠨ ᠠᠷᠪᠢᠯᠠᠬᠤ᠂ ᠪᠡᠯᠴᠢᠭᠡᠷ ᠣᠰᠣ ᠪᠠᠨ ᠰᠡᠯᠭᠦᠨ ᠰᠡᠷᠭᠦᠭᠡᠬᠦ ᠵᠡᠷᠭᠡ ᠪᠠᠷ ᠪᠦᠳᠦᠮᠵᠢᠲᠡᠢ ᠠᠵᠢᠯᠯᠠᠵᠣ ᠢᠷᠡᠵᠡᠢ᠃      ᠣᠶᠢᠯᠠᠭᠠᠭᠰᠠᠨ ᠢᠶᠠᠷ᠂  ᠠᠰᠢᠭ ᠣᠷᠣᠯᠭ᠎ᠠ ᠶᠢᠨ ᠬᠤᠪᠢᠶᠠᠷᠢᠯᠠᠯᠳᠠ᠂ ᠪᠡᠯᠴᠢᠭᠡᠷ ᠣᠰᠣᠨ ᠤ ᠰᠡᠷᠭᠦᠯᠳᠡ ᠵᠡᠷᠭᠡ ᠲᠠᠯ᠎ᠠ ᠪᠠᠷ ᠣᠶᠢᠷ᠎ᠠ  ᠲᠦᠰᠦᠷ ᠤᠨ ᠬᠦᠮᠦᠰ ᠲᠤ ᠮᠡᠳᠡᠷᠡᠭᠳᠡᠨ ᠲᠠᠨᠢᠭᠳᠠᠭᠰᠠᠨ ︿ᠲᠠᠭᠠᠭᠠᠴᠠ﹀ ᠬᠤᠷᠰᠢᠶᠠᠵᠢᠯ  ᠨᠢ᠂ ᠡᠨᠡ ᠵᠢᠯ ᠰᠢᠨ᠎ᠡ ᠪᠠᠷ ᠡᠷᠡᠮᠡᠯᠵᠡᠯᠡᠭᠰᠡᠨ‌ᠠᠶᠢᠯ ᠡᠷᠦᠭᠡ ᠣᠶᠣᠲᠠᠨ ᠵᠠᠯᠠᠭᠤᠰ ᠲᠠᠢ ᠪᠠᠨ ᠠᠷᠪᠠᠨ ᠲᠦᠷᠪᠡᠨ ᠭᠡᠰᠢᠭᠦᠨ ᠡᠷᠦᠭᠡ ᠲᠠᠢ ᠪᠣᠯᠣᠭᠰᠠᠨ ᠪᠦᠭᠡᠳ ᠬᠤᠷᠰᠢᠶᠡᠵᠢᠯ ᠤᠨ ᠢᠶᠠᠨ ᠪᠦᠳᠦᠭᠡᠨ ᠪᠠᠶᠢᠭᠤᠯᠣᠯᠲᠠ᠂ ᠲᠦᠷᠢᠮᠵᠢᠯ᠂ ᠠᠵᠢᠯ ᠤᠨ ᠬᠤᠪᠢᠶᠠᠷᠢᠯᠠᠯᠲᠠ ᠵᠡᠷᠭᠡ ᠶᠢ ᠣᠯᠠᠮ ᠨᠠᠷᠢᠯᠢᠭᠵᠢᠭᠤᠯᠵᠣ᠂ ᠦᠢᠯᠡᠴᠢᠯᠡᠭᠡᠨ ᠤ  ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠪᠡᠯᠴᠢᠭᠡᠷ ᠣᠰᠣ ᠬᠠᠮᠠᠭᠠᠯᠠᠵᠣ᠂ ᠪᠡᠯᠴᠢᠭᠡᠷ ᠤᠨ ᠮᠠᠯ ᠠᠵᠣ ᠠᠬᠤᠢ᠂ ᠮᠠᠯ ᠲᠡᠵᠢᠭᠡᠪᠦᠷᠢ ᠶᠢᠨ ᠦᠢᠯᠡᠰ ᠂ ᠪᠠᠶᠢᠭᠠᠯᠢᠯᠢᠭ ᠪᠦᠳᠦᠭᠡᠭᠳᠡᠬᠦᠨ ᠢ ᠵᠠᠬ᠎ᠠ ᠳᠤ ᠭᠠᠷᠭᠠᠬᠤ ᠵᠡᠷᠭᠡ ᠪᠠᠷ ᠬᠠᠷᠠᠯᠳᠠ ᠲᠣᠳᠣᠷᠬᠠᠢ ᠠᠵᠢᠯᠯᠠᠵᠣ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号