︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾ ᠶᠢᠨ ᠣᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠠᠪᠣᠭᠳᠠᠯ᠎ᠠ
ᠨᠡᠶᠢᠲᠡᠯᠡᠭᠰᠡᠨ ᠴᠠᠭ᠄
2020-06-02
        ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾ ᠶᠢᠨ            ᠣᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠠᠪᠣᠭᠳᠠᠯ᠎ᠠ                                   5 ᠰᠠᠷ᠎ᠠ ᠶᠢᠨ ᠰᠡᠬᠦᠯᠴᠢ ᠶᠢᠨ ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾  ᠶᠢᠨ ᠣᠬᠠᠭᠤᠯᠭ᠎ᠠ ᠶᠢᠨ ᠭᠠᠷᠠᠭ ᠲᠤ ᠳᠣᠬᠢᠶᠠᠯᠳᠣᠭᠤᠯᠣᠨ᠂ ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠬᠤ ᠵᠣᠷᠢᠯᠭ᠎ᠠ ᠠᠴᠠ᠂ 5 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠢᠬᠡᠳᠦᠮᠡᠯ ᠹᠠᠷᠣᠨᠲ ᠤᠨ ᠬᠡᠯᠲᠡᠰ᠂ ᠬᠤᠰᠢᠭᠤ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ᠂ ᠬᠤᠰᠢᠭᠤ ᠬᠠᠣᠯᠢ ᠴᠠᠭᠠᠵᠠ ᠶᠢᠨ ᠲᠣᠪᠴᠢᠶ᠎ᠠ ᠠᠴᠠ ᠬᠠᠮᠳᠣᠷᠠᠨ᠂ ᠪᠠᠷᠠᠭᠤᠨ ᠦᠵᠦᠮᠦᠴᠢᠨ ᠬᠤᠰᠢᠭᠤᠨ ᠤ ᠰᠡᠯᠡᠬᠦᠴᠡᠯ ᠤᠨ ᠠᠭᠤᠳᠠᠮ ᠲᠠᠯᠠᠪᠠᠢ ᠳᠤ᠂ ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾ ᠶᠢᠨ ᠣᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠬᠦᠯᠦᠭᠰᠡᠨ ᠪᠠᠶᠢᠨ᠎ᠠ᠃
   ᠣᠬᠠᠭᠤᠯᠭ᠎ᠠ ᠶᠢᠨ ᠠᠬᠤᠢ ᠲᠠᠯᠠᠪᠠᠢ ᠳᠤ᠂ ᠡᠯ᠎ᠡ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠳ ᠠᠴᠠ ᠣᠬᠠᠭᠤᠯᠭ᠎ᠠ ᠶᠢᠨ ᠪᠢᠴᠢᠬᠡᠰᠦ ᠡᠯᠬᠦᠨ᠂ ᠣᠬᠠᠭᠤᠯᠭ᠎ᠠ ᠶᠢᠨ ᠬᠠᠭᠤᠳᠠᠰᠦ ᠳᠠᠷᠬᠠᠭᠠᠵᠦ᠂ ᠰᠠᠭᠤᠭᠠᠯᠢ ᠠᠷᠠᠳ ᠲᠤ ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾᠂ ᠥᠪᠥᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠨᠡᠶᠢᠬᠡᠮ ᠤᠨ ᠥᠩᠭᠡᠨ ᠬᠡᠷᠡᠭᠯᠡᠬᠡᠨ ᠳᠤ ᠮᠣᠩᠭᠤᠯ ᠬᠢᠳᠡᠳ ᠦᠰᠦᠭ ᠪᠢᠴᠢᠭ ᠢ ᠵᠡᠷᠬᠡ ᠪᠠᠷ ᠬᠡᠷᠡᠭᠯᠡᠬᠦ ᠬᠠᠮᠢᠶᠠᠷᠣᠯᠳᠠ ᠶᠢᠨ ᠠᠷᠭ᠎ᠠ᠂ ᠬᠤᠲᠠ ᠶᠢᠨ ᠦᠨᠳᠦᠰᠦᠳᠡᠨ ᠤ ᠠᠵᠢᠯ ᠤᠨ ᠳᠦᠷᠢᠮ᠂ ᠥᠪᠥᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠥᠷᠢᠮ ᠵᠡᠷᠬᠡ ᠠᠭᠤᠯᠭ᠎ᠠ ᠶᠢᠨ ᠲᠣᠭᠤᠷᠢᠨ ᠳᠤ ᠳᠠᠶᠢᠯᠪᠣᠷᠢ ᠬᠢᠭᠰᠡᠨ ᠪᠠᠶᠢᠨ᠎ᠠ᠃ ᠲᠣᠰ ᠣᠳᠠᠭᠠᠨ ᠤ ᠠᠵᠢᠯᠯᠠᠭ᠎ᠠ ᠳᠤ᠂ ᠪᠦᠬᠦ ᠨᠡᠶᠢᠲᠡ 2000 ᠬᠤᠪᠢ ᠣᠬᠠᠭᠤᠯᠭ᠎ᠠ ᠶᠢᠨ ᠮᠠᠲᠸᠠᠷᠢᠶᠠᠯ ᠳᠠᠷᠬᠠᠭᠠᠭᠰᠠᠨ ᠪᠠᠶᠢᠨ᠎ᠠ᠃
   ︽ᠦᠨᠳᠦᠰᠦᠳᠡᠨ ᠤ ᠣᠷᠣᠨ ᠤ ᠥᠪᠡᠷᠳᠡᠬᠡᠨ ᠵᠠᠰᠠᠬᠤ ᠬᠠᠣᠯᠢ︾ ᠶᠢᠨ ᠣᠬᠠᠭᠤᠯᠭ᠎ᠠ ᠶᠢᠨ ᠭᠠᠷᠠᠭ ᠤᠨ ᠠᠵᠢᠯᠯᠠᠭ᠎ᠠ‌ᠨᠢ ᠨᠠᠮ ᠤᠨ ᠦᠨᠳᠦᠰᠦᠳᠡᠨ ᠤ ᠲᠦᠷᠥ ᠶᠢᠨ ᠪᠣᠳᠣᠯᠭ᠎ᠠ ᠪᠣᠯᠣᠨ ᠴᠦᠬᠡᠨ ᠳᠣᠭᠠᠳᠦ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ  ᠲᠦᠷᠦ   ᠶᠢᠨ ᠪᠣᠳᠣᠯᠭ᠎ᠠ ᠶᠢ ᠴᠢᠨᠠᠭᠰᠢᠳᠠ ᠨᠠᠶᠢᠳᠠᠪᠣᠷᠢᠵᠢᠭᠤᠯᠣᠨ᠂ ᠡᠯ᠎ᠡ ᠦᠨᠳᠦᠰᠦᠳᠡᠨ ᠤ ᠣᠯᠠᠨ ᠲᠦᠮᠡᠨ ᠤ ᠣᠯᠣᠰ ᠤᠨ ᠲᠦᠷᠥ ᠶᠢᠨ ᠪᠣᠳᠣᠯᠭ᠎ᠠ ᠬᠠᠣᠯᠢ ᠳᠥᠷᠢᠮ ᠤᠨ ᠬᠠᠮᠢᠶᠠᠳᠠᠢ ᠮᠡᠳᠡᠯᠬᠡ ᠶᠢ ᠥᠷᠬᠡᠳᠬᠡᠵᠦ᠂ ᠡᠯ᠎ᠡ ᠦᠨᠳᠦᠰᠦᠳᠡᠨ ᠤ ᠣᠯᠠᠨ ᠲᠦᠮᠡᠨ ᠤ ᠳᠣᠮᠳᠠ ︽ᠬᠠᠮᠳᠣᠪᠡᠷ ᠪᠦᠯᠬᠦᠮᠳᠡᠨ ᠳᠡᠮᠡᠴᠡᠵᠦ᠂ ᠬᠠᠮᠳᠣᠪᠡᠷ ᠴᠡᠴᠡᠭᠯᠡᠨ ᠬᠥᠭᠵᠢᠬᠦ︾ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号