ᠮᠠᠯᠴᠢᠨ ᠬᠦᠮᠦᠨ ᠤ ᠠᠮᠢ ᠭᠤᠣᠯ— ᠨᠤᠲᠤᠭ ᠪᠡᠯᠴᠢᠭᠡᠷ
ᠨᠡᠶᠢᠲᠡᠯᠡᠭᠰᠡᠨ ᠴᠠᠭ᠄
2020-06-02
        ᠮᠠᠯᠴᠢᠨ ᠬᠦᠮᠦᠨ ᠤ ᠠᠮᠢ ᠭᠤᠣᠯ— ᠨᠤᠲᠤᠭ ᠪᠡᠯᠴᠢᠭᠡᠷ                        ︽ᠨᠤᠲᠤᠭ ᠪᠡᠯᠴᠢᠭᠡᠷ ᠭᠡᠳᠡᠭ ᠴᠢᠨᠢ ᠮᠠᠨ ᠤ ᠮᠠᠯᠴᠢᠨ ᠬᠦᠮᠦᠨ ᠤ ᠠᠮᠢ ᠭᠤᠣᠯ ᠲᠠᠢ ᠠᠳᠠᠯᠢᠬᠠᠨ᠂  ᠡᠭᠦᠨ ᠢᠶᠠᠷ ᠢᠶᠠᠨ  ᠪᠢᠳᠡ ᠮᠠᠯ ᠢᠶᠠᠨ ᠥᠰᠭᠡᠵᠦ ᠦᠷᠡᠵᠢᠭᠦᠯᠦᠨ ᠦᠶ᠎ᠡ ᠶᠢᠨ ᠦᠶ᠎ᠡ ᠠᠵᠠ ᠵᠢᠷᠭᠠᠯ ᠲᠠᠢ ᠠᠮᠢᠳᠤᠷᠠᠳᠠᠭ᠂  ᠡᠶᠢᠮᠦ ᠠᠴᠠ ᠬᠠᠮᠠᠭᠠᠯᠠᠬᠤ ᠦᠭᠡᠢ ᠶᠠᠭᠠᠭᠢᠵᠤ ᠪᠤᠯᠬᠤ ᠪᠤᠢ︾ ᠭᠡᠮᠡᠨ ᠨᠠᠷᠠᠨᠮᠠᠨᠳᠤᠯ᠎ᠠ ᠭᠤᠸᠠᠢ ᠪᠢᠳᠡᠨ ᠳᠤ ᠰᠡᠳᠭᠢᠯ ᠤᠨ ᠦᠭᠡ ᠪᠠᠨ ᠶᠠᠷᠢᠯ᠎ᠠ᠃  ᠡᠨᠡ ᠨᠢ ᠶᠠᠭ ᠶᠡᠷᠦᠩᠬᠡᠢ ᠱᠦᠵᠢ ᠰᠢ   ᠶᠢᠨ  ᠫᠢᠩ ᠤᠨ ᠵᠠᠬᠢᠭᠰᠠᠨ ︽ᠲᠡᠷᠡ ᠬᠡᠪ ᠢᠶᠠᠷ ᠨᠢ ᠦᠯᠡᠳᠡᠭᠡ᠂ ᠦᠷ᠎ᠡ ᠬᠤᠶᠢᠴᠢᠰ ᠲᠤ ᠴᠢᠨᠢ ᠪᠤᠶᠠᠨ ᠪᠣᠯᠬᠤ ᠶᠤᠮ︾ ᠬᠡᠬᠦ ᠠᠮᠢ ᠠᠬᠤᠢ ᠶᠢ ᠬᠠᠮᠠᠭᠠᠯᠠᠵᠤ ᠬᠦᠭᠵᠢᠭᠦᠯᠬᠦ ᠲᠤᠬᠠᠢ ᠵᠢᠭᠠᠪᠤᠷᠢ ᠲᠠᠢ ᠶᠠᠪ ᠴᠠᠪ ᠨᠡᠶᠢᠴᠡᠵᠦ᠂ ᠶᠡᠷᠦᠩᠬᠡᠢ ᠱᠦᠵᠢ ᠶᠢᠨ  ᠶᠠᠷᠢᠶ᠎ᠠ  ᠮᠠᠯᠴᠢᠨ ᠲᠦᠮᠡᠨ ᠤ ᠰᠡᠳᠭᠢᠯ  ᠳᠤ ᠬᠦᠷᠦᠭᠰᠡᠨ ᠢ ᠢᠯᠡᠳᠭᠡᠵᠦ ᠪᠠᠶᠢᠯ᠎ᠠ᠃
    ᠨᠠᠷᠠᠨᠮᠠᠨᠳᠤᠯ᠎ᠠ ᠪᠣᠯ ᠪᠠᠶᠠᠨᠬᠤᠰᠢᠭᠤ ᠰᠣᠮᠣᠨ ᠤ ᠪᠠᠶᠠᠨᠴᠠᠭᠠᠨ ᠭᠠᠴᠠᠭᠠᠨ ᠤ ᠮᠠᠯᠴᠢᠨ ᠶᠤᠮ᠃ ᠡᠳᠡᠨᠡᠶᠢᠬᠢᠨ ᠤ ᠵᠢᠯ ᠤᠨ ᠳᠦᠷᠪᠡᠨ ᠤᠯᠠᠷᠢᠯ ᠬᠠᠭᠳᠠ ᠨᠤᠭᠤᠭ᠎ᠠ ᠨᠢ ᠬᠠᠯᠢᠭᠤᠷᠠᠭᠰᠠᠨ ᠦᠩᠰᠢᠭ ᠰᠠᠶᠢᠬᠠᠨ ᠪᠡᠯᠴᠢᠭᠡᠷ ᠨᠤᠲᠤᠭ ᠢ ᠬᠠᠷᠠᠭᠰᠠᠨ ᠪᠦᠬᠦᠨ  ᠱᠠᠭᠰᠢᠷᠠᠵᠣ᠂ ᠮᠠᠯ ᠪᠡᠯᠴᠢᠭᠡᠷ ᠢᠶᠠᠨ ᠵᠣᠬᠢᠴᠠᠭᠤᠯᠵᠤ ᠪᠠᠶᠢᠳᠠᠭ ᠤᠬᠠᠭᠠᠨ ᠬᠦᠳᠡᠯᠮᠦᠷᠢ ᠶᠢ ᠨᠢ ᠪᠢᠰᠢᠷᠡᠳᠡᠭ ᠪᠠᠶᠢᠯ᠎ᠠ᠃ ᠨᠠᠷᠠᠨᠮᠠᠨᠳᠤᠯ᠎ᠠ ᠤᠨ ᠬᠢ ᠥᠪᠡᠷ ᠤᠨ ᠬᠤᠪᠢᠳᠠᠭᠰᠠᠨ 6180 ᠮᠦ ᠨᠤᠲᠤᠭ ᠪᠡᠯᠴᠢᠭᠡᠷ ᠠᠴᠠ ᠪᠠᠨ ᠭᠠᠳᠠᠨ᠎ᠠ 3420 ᠮᠦ ᠪᠣᠰᠣᠳ ᠤᠨ ᠨᠤᠲᠤᠭ ᠢ  ᠳᠦᠷᠢᠶᠡᠰᠦᠯᠡᠵᠦ᠂ 140 ᠭᠠᠷᠣᠢ ᠦᠬᠡᠷ᠂ 600 ᠭᠠᠷᠤᠢ ᠬᠤᠨᠢ ᠮᠠᠯᠵᠢᠳᠠᠭ᠃2000 ᠣᠨ ᠠᠴᠠ ᠬᠤᠶᠢᠰᠢ ᠠᠮᠢ ᠠᠬᠤᠢ ᠮᠠᠭᠤᠲᠠᠵᠤ᠂ ᠪᠡᠯᠴᠢᠭᠡᠷ ᠨᠤᠲᠤᠭ  ᠨᠢ ᠲᠠᠴᠢᠷᠰᠢᠬᠤ ᠪᠠᠶᠢᠳᠠᠯ ᠭᠠᠷᠬᠤ ᠪᠠᠷ ᠨᠠᠷᠠᠨᠮᠠᠨᠳᠤᠯ᠎ᠠ ᠪᠣᠰᠣᠳ ᠤᠨ ᠨᠤᠲᠤᠭ ᠢ ᠳᠦᠷᠢᠶᠡᠰᠦᠯᠡᠵᠦ  ᠂ ᠮᠢᠩᠭ᠎ᠠ ᠶᠢᠨ ᠲᠤᠭ᠎ᠠ ᠶᠢ ᠳᠠᠪᠠᠭᠰᠠᠨ ᠬᠤᠨᠢ ᠪᠠᠨ ᠴᠦᠬᠡᠴᠢᠯᠡᠨ᠂ ᠲᠠᠪᠢ ᠭᠠᠷᠤᠢ ᠠᠳᠤᠭᠤ ᠪᠠᠨ  ᠬᠤᠳᠠᠯᠳᠤᠵᠤ᠂2002 ᠤᠨ ᠳᠤ ᠳ᠋ᠠᠴᠢᠨᠪᠤᠯᠠᠭ ᠮᠠᠯᠵᠢᠯ ᠤᠨ ᠲᠠᠯᠠᠪᠠᠢ ᠠᠴᠠ ᠬᠡᠳᠦᠨ ᠱᠠᠷᠦ᠋ᠯᠠᠢ ᠦᠬᠡᠷ ᠬᠤᠳᠠᠯᠳᠣᠨ ᠠᠪᠴᠦ᠂2011 ᠣᠨ ᠳᠤ ᠪᠠᠰᠠ ᠬᠤᠷᠢᠭᠠᠳ ᠦᠬᠡᠷ  ᠨᠡᠮᠡᠵᠦ ᠠᠪᠤᠭᠰᠠᠨ ᠢᠶᠠᠷ ᠦᠬᠡᠷ ᠭᠤᠣᠯᠲᠠᠢ ᠮᠠᠯᠵᠢᠳᠠᠭ ᠪᠤᠯᠵᠠᠢ᠃ ᠪᠡᠯᠴᠢᠭᠡᠷ ᠨᠤᠲᠤᠭ ᠢᠶᠠᠨ ᠬᠠᠮᠠᠭᠠᠯᠠᠬᠤ ᠡᠭᠦᠳᠡᠨ ᠠᠴᠠ ᠡᠳᠡᠨᠡᠶᠢᠬᠢᠨ ᠪᠡᠯᠴᠢᠭᠡᠷ ᠢᠶᠠᠨ ᠳᠤᠯᠤᠭᠠᠨ  ᠭᠡᠰᠡᠭ ᠬᠤᠪᠢᠶᠠᠨ ᠰᠡᠯᠭᠦᠨ ᠮᠠᠯᠵᠢᠳᠠᠭ ᠢᠶᠠᠷ ᠪᠠᠷᠠᠬᠤ ᠦᠭᠡᠢ ᠬᠠᠪᠤᠷ ᠵᠤᠨ ᠤ ᠤᠯᠠᠷᠢᠯ ᠳᠠᠭᠠᠨ ᠦᠬᠡᠷ ᠤᠨ ᠰᠦᠷᠦᠭ ᠢᠶᠠᠨ ᠴᠤ ᠳᠦᠷᠪᠡᠨ ᠪᠦᠯᠦᠭ ᠬᠤᠪᠢᠶᠠᠨ ᠮᠠᠯᠵᠢᠵᠤ᠂ ᠪᠡᠯᠴᠢᠭᠡᠷ ᠤᠨ ᠳᠠᠭᠠᠭᠠᠴᠠ ᠳᠤ ᠪᠠᠨ ᠵᠤᠬᠢᠴᠠᠭᠤᠯᠳᠠᠭ ᠪᠠᠶᠢᠨ᠎ᠠ᠃ ᠢᠩᠭᠢᠵᠦ ᠮᠠᠯᠵᠢᠬᠤ ᠨᠢ ᠬᠡᠳᠦᠶᠢᠪᠡᠷ ᠬᠦᠳᠡᠯᠮᠦᠷᠢ ᠬᠦᠴᠦ ᠶᠡᠭᠡ ᠵᠠᠷᠤᠴᠠᠭᠤᠯᠳᠠᠭ ᠪᠤᠯᠪᠠᠴᠣ ᠪᠡᠯᠴᠢᠭᠡᠷ ᠨᠤᠲᠤᠭ ᠲᠠᠭᠠᠨ ᠭᠠᠮᠲᠠᠢ ᠤᠴᠢᠷ ᠠᠴᠠ ᠢᠯᠡᠭᠦᠦ ᠬᠦᠳᠡᠯᠮᠦᠷᠢ ᠤᠷᠤᠭᠤᠯᠬᠤ ᠠᠴᠠ ᠨᠠᠷᠠᠨᠮᠠᠨᠳᠤᠯ᠎ᠠ ᠭᠤᠸᠠᠢ ᠶᠡᠷᠦ  ᠳᠠᠳᠠᠭᠠᠯᠵᠠᠳᠠᠭ ᠦᠭᠡᠢ  ᠪᠠᠶᠢᠯ᠎ᠠ᠃ ︽ᠬᠠᠳᠤᠯᠠᠩ ᠢᠶᠠᠨ ᠵᠢᠯ ᠳᠠᠷᠠᠭᠠᠯᠠᠨ ᠬᠠᠳᠣᠭᠠᠳ ᠪᠠᠶᠢᠪᠠᠯ ᠤᠷᠭᠤᠴᠠ ᠨᠢ ᠠᠨᠠᠢ ᠪᠣᠯᠣᠨ᠎ᠠ᠂ ᠡᠶᠢᠮᠦ ᠠᠴᠠ ᠮᠠᠨᠠᠶᠢᠬᠢᠨ ᠵᠢᠯ ᠦᠨᠵᠢᠭᠡᠳ ᠬᠠᠳᠣᠳᠠᠭ ᠶᠤᠮ︾ ᠭᠡᠮᠡᠨ ᠨᠠᠷᠠᠨᠮᠠᠨᠳᠣᠯ᠎ᠠ ᠭᠤᠸᠠᠢ ᠲᠤᠷᠰᠢᠯᠭ᠎ᠠ ᠠᠴᠠ ᠪᠠᠨ ᠬᠤᠪᠢᠶᠠᠯᠴᠠᠯ᠎ᠠ᠃ ᠡᠳᠡᠨᠡᠶᠢᠬᠢᠨ ᠵᠢᠯ ᠪᠦᠷᠢ ᠬᠠᠳᠣᠯᠠᠩ ᠠᠴᠠ ᠪᠠᠨ ᠲᠦᠮᠡ ᠭᠠᠷᠣᠢ ᠪᠤᠭᠤᠯᠲᠠ ᠡᠪᠡᠰᠦ ᠬᠤᠷᠢᠶᠠᠵᠤ᠂ ᠡᠪᠤᠯ ᠬᠠᠪᠤᠷ ᠤᠨ ᠤᠯᠠᠷᠢᠯ  ᠳᠠᠭᠠᠨ ᠮᠠᠯ ᠢᠶᠠᠨ ᠮᠡᠨᠳᠦ  ᠰᠠᠶᠢᠬᠠᠨ ᠤᠨᠳᠤᠷᠣᠭᠤᠯᠳᠠᠭ ᠪᠠᠶᠢᠵᠠᠢ᠃
 ᠮᠠᠯᠴᠢᠨ ᠨᠠᠷᠠᠨᠮᠠᠨᠳᠣᠯ᠎ᠠ᠄ ︽ᠨᠤᠲᠤᠭ ᠤᠨ ᠪᠤᠶᠠᠨ ᠢᠶᠠᠨ ᠳᠦᠰᠢᠵᠦ ᠮᠠᠯ ᠢᠶᠠᠨ ᠮᠠᠯᠵᠢᠳᠠᠭ ᠮᠠᠯᠴᠢᠨ ᠬᠦᠮᠦᠨ ᠤ ᠰᠡᠳᠭᠢᠯ ᠳᠤ ᠨᠤᠲᠤᠭ ᠤᠰᠤ ᠨᠢ ᠠᠯᠲᠠ ᠠᠴᠠ ᠦᠨᠡᠲᠡᠢ ᠠᠮᠢᠨ ᠡᠷᠳᠡᠨᠢ ᠪᠠᠶᠢᠳᠠᠭ᠃ ᠨᠠᠷᠠᠨᠮᠠᠨᠳᠤᠯ᠎ᠠ ᠭᠤᠸᠠᠢ ᠴᠤ ᠬᠦᠴᠦ  ᠬᠦᠳᠡᠯᠮᠦᠷᠢ ᠤᠶᠤᠨ ᠤᠬᠠᠭᠠᠨ ᠢᠶᠠᠨ ᠵᠠᠷᠤᠴᠠᠭᠤᠯᠤᠨ ᠪᠠᠶᠢᠵᠤ᠂ ᠪᠡᠯᠴᠢᠭᠡᠷ ᠨᠤᠲᠤᠭ ᠢᠶᠠᠨ ᠬᠠᠮᠠᠭᠠᠯᠠᠨ ᠥᠩ ᠰᠢᠮ᠎ᠡ ᠶᠢ ᠨᠢ  ᠡᠳ᠋ᠯᠡᠨ᠂ ᠦᠷ᠎ᠡ ᠬᠤᠶᠢᠴᠢᠰ ᠳᠠᠭᠠᠨ ᠪᠦᠷᠢᠨ ᠪᠦᠲᠦᠨ ᠢᠶᠠᠷ ᠨᠢ ᠦᠯᠡᠳᠡᠭᠡᠬᠦ ᠶᠢ  ᠵᠣᠷᠢᠵᠤ ᠶᠠᠪᠤᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号