ᠲᠥᠷᠥ ᠶᠢᠨ ᠪᠣᠳᠣᠯᠭ᠎ᠠ ᠶᠢᠨ ᠰᠠᠶᠢᠨ ᠢᠶᠠᠷ ᠠᠮᠢᠳᠤᠷᠠᠯ ᠮᠢᠨᠢ ᠰᠠᠶᠢᠵᠢᠷᠠᠯ᠎ᠠ | | | | ᠵᠣᠣ ᠶᠦᠨ ᠯᠥᠩ ᠪᠣᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ | ᠳᠣᠯᠣᠭᠠᠨᠳᠠᠪᠠᠭ᠎ᠠ ᠭᠠᠴᠠᠭᠠᠨ ᠤ ᠮᠠᠯᠴᠢᠨ᠂ ᠭᠡᠷ ᠲᠡᠭᠡᠨ ᠬᠤᠶᠠᠷᠬᠠᠨ ᠬᠥᠳᠡᠯᠮᠦᠷᠢ ᠬᠦᠴᠦᠨ ᠲᠠᠢ᠂ ᠵᠢᠯ ᠤᠨ | ᠳᠤᠮᠳᠠᠴᠢ ᠣᠷᠣᠯᠭ᠎ᠠ ᠨᠢ 2603 ᠲᠦᠭᠦᠷᠢᠭ ᠯᠠ ᠮᠥᠷᠲᠡᠭᠡᠨ ᠬᠦᠮᠦᠨ ᠳᠤᠮᠳᠠᠴᠢ ᠶᠢᠨ ᠣᠷᠣᠯᠭ᠎ᠠ ᠨᠢ ᠤᠯᠤᠰ ᠤᠨ | ᠪᠠᠷᠢᠮᠵᠢᠶᠠᠨ ᠠᠴᠠ ᠳᠣᠣᠷ᠎ᠠ ᠪᠠᠶᠢᠵᠤ ᠠᠮᠢᠳᠤᠷᠠᠯ ᠨᠢ ᠬᠦᠴᠢᠷᠲᠡᠢ ᠪᠠᠶᠢᠭᠰᠠᠨ ᠠᠴᠠ 2017 ᠣᠨ ᠳᠤ ᠶᠠᠳᠠᠭᠤ | ᠡᠷᠦᠬᠡ ᠪᠠᠷ ᠳᠠᠩᠰᠠᠯᠠᠭᠳᠠᠵᠠᠢ᠃ | | | | | ᠬᠤᠭᠤᠯᠠᠲᠤ ᠶᠢᠨ ᠭᠤᠣᠯ ᠪᠠᠯᠭᠠᠰᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠪᠤᠶᠠᠨ ᠠᠴᠠ | ᠵᠣᠣ ᠶᠦᠨ ᠯᠥᠩ ᠤᠨ ᠲᠤᠬᠠᠢ ᠶᠢᠨ ᠦᠶ᠎ᠡ ᠶᠢᠨ ᠬᠦᠴᠢᠷᠳᠡᠯᠲᠡᠢ ᠪᠠᠶᠢᠳᠠᠯ ᠢ ᠡᠷᠭᠢᠴᠡᠭᠦᠯᠬᠦ ᠳᠡᠭᠡᠨ ᠰᠡᠭᠦᠷᠡᠰᠦ | ᠠᠯᠳᠠᠵᠤ ᠪᠠᠶᠢᠯ᠎ᠠ᠃ ᠭᠡᠲᠡᠯ᠎ᠡ ᠵᠣᠣ ᠶᠦᠨ ᠯᠥᠩ ᠮᠠᠯ ᠠᠵᠤ ᠠᠬᠤᠢ ᠡᠵᠡᠩᠨᠡᠬᠦ ᠳᠡᠭᠡᠨ ᠤᠬᠠᠭᠠᠨ ᠰᠠᠮᠪᠠᠭ᠎ᠠ ᠲᠠᠢ | ᠮᠥᠷᠲᠡᠭᠡᠨ ᠰᠢᠷᠭᠠᠭᠤ ᠬᠥᠳᠡᠯᠮᠦᠷᠢᠯᠡᠳᠡᠭ᠃ ᠲᠡᠷᠡ ᠦᠷᠭᠦᠯᠵᠢ᠄ ︽ᠨᠠᠮ ᠤᠨ ᠲᠥᠷᠥ ᠶᠢᠨ ᠪᠣᠳᠣᠯᠭ᠎ᠠ ᠡᠶᠢᠮᠦ | ᠰᠠᠶᠢᠨ ᠪᠠᠶᠢᠬᠤ ᠳᠤ ᠪᠢ ᠯᠠᠪᠲᠠᠢ ᠡᠷᠲᠡ ᠨᠢᠭᠡᠨ ᠡᠳᠦᠷ ᠶᠠᠳᠠᠭᠤ ᠠᠴᠠ ᠠᠩᠭᠢᠵᠢᠷᠠᠬᠤ ᠶᠤᠮ︾ ᠭᠡᠵᠦ ᠬᠡᠯᠡᠳᠡᠭ ᠭᠡᠨ᠎ᠡ | ᠃ | | | | | ᠵᠣᠣ ᠶᠦᠨ ᠯᠥᠩ ᠤᠨ ᠶᠠᠳᠠᠭᠤ ᠠᠴᠠ ᠠᠩᠭᠢᠵᠢᠷᠠᠭᠰᠠᠨ ᠨᠢ ᠬᠤᠰᠢᠭᠤ ᠵᠠᠰᠠᠭ ᠤᠨ ᠣᠷᠳᠣᠨ ᠪᠣᠯᠣᠨ ᠬᠠᠮᠢᠶ᠎ᠠ | ᠪᠦᠬᠦᠢ ᠪᠠᠶᠢᠭᠤᠯᠤᠯᠭ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ 2018 ᠣᠨ ᠳᠤ᠂ | ᠵᠠᠰᠠᠭ ᠤᠨ ᠣᠷᠳᠣᠨ ᠠᠴᠠ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠣᠰᠣᠭᠠᠷ᠂ ᠵᠣᠣ ᠶᠦᠨ ᠯᠥᠩ ᠳᠤ 5 | ᠲᠣᠯᠣᠭᠠᠢ ᠦᠬᠡᠷ ᠬᠤᠳᠠᠯᠳᠤᠨ ᠠᠪᠴᠤ ᠥᠭᠴᠡᠢ᠂ ᠵᠣᠣ ᠶᠦᠨ ᠯᠥᠩ ᠡᠷᠳᠡᠨᠢ ᠣᠯᠣᠭᠰᠠᠨ ᠮᠡᠲᠦ ᠪᠠᠶᠠᠷᠯᠠᠨ | ᠲᠠᠯᠠᠷᠬᠠᠵᠤ᠂ ᠦᠬᠡᠷ ᠢᠶᠠᠨ ᠨᠠᠷᠢᠨ ᠨᠢᠮᠪᠠᠢ ᠠᠷᠠᠴᠢᠯᠠᠨ ᠮᠠᠯᠵᠢᠵᠤ ᠡᠬᠢᠯᠡᠭᠰᠡᠨ ᠪᠠᠶᠢᠨ᠎ᠠ᠃ | ᠵᠠᠰᠠᠭ ᠤᠨ ᠣᠷᠳᠣᠨ ᠠᠴᠠ ᠵᠣᠣ ᠶᠦᠨ ᠯᠥᠩ ᠳᠤ ᠪᠠᠰᠠ 5 ᠲᠦᠮᠡᠨ ᠲᠦᠭᠦᠷᠢᠭ ᠤᠨ ᠶᠠᠳᠠᠭᠤ ᠶᠢ ᠳᠡᠳᠬᠦᠬᠦ | ᠵᠢᠭᠡᠯᠡᠯᠭᠡ ᠡᠷᠡᠮᠡᠯᠵᠡᠨ ᠥᠭᠴᠡᠢ᠃ ᠠᠵᠢᠯᠴᠢ ᠵᠠᠩ ᠲᠠᠢ ᠲᠡᠷᠡ ᠪᠠᠰᠠ ᠭᠠᠴᠠᠭᠠᠨ ᠳᠠᠭᠠᠨ ᠰᠤᠯᠠ ᠠᠵᠢᠯ ᠡᠷᠢᠨ᠂ | ᠠᠶᠢᠯ ᠤᠨ ᠬᠤᠨᠢ ᠶᠢ ᠬᠠᠷᠢᠭᠤᠯᠠᠨ᠂ ᠰᠠᠷ᠎ᠠ ᠪᠦᠷᠢ 5000 ᠲᠦᠭᠦᠷᠢᠭ ᠣᠯᠵᠤ᠂ ᠬᠠᠭᠠᠰ ᠵᠢᠯ ᠳᠤ 30000 | ᠲᠦᠭᠦᠷᠢᠭ ᠤᠨ ᠣᠷᠣᠯᠭ᠎ᠠ ᠣᠯᠣᠭᠰᠠᠨ ᠪᠦᠭᠡᠳ ᠪᠠᠰᠠ 5119.2 ᠲᠦᠭᠦᠷᠢᠭ ᠦᠨᠠᠮᠢ ᠠᠬᠤᠢ ᠶᠢᠨ ᠨᠦᠬᠦᠪᠦᠷᠢ | ᠱᠠᠩᠨᠠᠯ ᠤᠨ ᠮᠥᠩᠭᠦ ᠶᠢ ᠣᠯᠣᠭᠰᠠᠨ ᠪᠠᠶᠢᠨ᠎ᠠ᠃ ᠭᠠᠴᠠᠭᠠᠨ ᠠᠴᠠ ᠨᠢ ᠲᠡᠭᠦᠨ ᠢ ᠬᠠᠪᠰᠤᠷᠴᠤ᠂ 5 ᠲᠣᠯᠣᠭᠠᠢ ︽ | ᠶᠠᠳᠠᠭᠤ ᠶᠢ ᠳᠡᠳᠬᠦᠬᠦ︾ ᠦᠬᠡᠷ ᠢ ᠨᠢ ᠳᠠᠭᠠᠳᠬᠠᠯ ᠳᠤ ᠣᠷᠤᠭᠤᠯᠵᠠᠢ᠃ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠪᠠᠷ ᠶᠠᠳᠠᠭᠤ ᠶᠢ ᠳᠡᠳᠬᠦᠬᠦ᠂ ᠬᠠᠷᠠᠭᠠᠯᠵᠠᠯᠲᠤ ᠵᠢᠭᠡᠯᠡᠯᠭᠡ᠂ ᠠᠮᠢ ᠠᠬᠤᠢ ᠶᠢᠨ ᠨᠦᠬᠦᠪᠦᠷᠢ᠂ ᠠᠵᠤ | ᠦᠢᠯᠡᠰ ᠤᠨ ᠬᠥᠭᠵᠢᠯᠲᠡ ᠶᠢᠨ ᠵᠢᠯᠣᠭᠤᠳᠤᠮᠵᠢ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠣᠯᠠᠨ ᠵᠦᠢᠯ ᠤᠨ | ᠠᠷᠭ᠎ᠠ ᠬᠡᠯᠪᠡᠷᠢ ᠪᠠᠷ ᠳᠠᠮᠵᠢᠨ᠂ ᠵᠣᠣ ᠶᠦᠨ ᠯᠥᠩ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠡᠷᠴᠢ | ᠵᠣᠷᠢᠭ ᠲᠠᠢ ᠪᠣᠯᠣᠭᠰᠠᠨ ᠪᠠᠶᠢᠨ᠎ᠠ᠃ | | | | | ᠲᠡᠷᠡ ᠴᠥᠬᠦᠷᠡᠯ ᠦᠭᠡᠢ ᠴᠢᠷᠮᠠᠶᠢᠨ᠂ ᠡᠷᠲᠡᠯᠡᠵᠦ ᠣᠷᠣᠶᠢᠯᠠᠨ ᠰᠢᠷᠭᠠᠭᠤ ᠬᠥᠳᠡᠯᠮᠦᠷᠢᠯᠡᠵᠦ᠂ 2018 ᠣᠨ ᠤ | ᠰᠡᠭᠦᠯᠴᠢ ᠪᠠᠷ᠂ ᠶᠠᠳᠠᠭᠤ ᠮᠠᠯᠠᠭᠠᠢ ᠪᠠᠨ ᠲᠠᠶᠠᠭᠳᠠᠭᠰᠠᠨ ᠪᠠᠶᠢᠨ᠎ᠠ᠃ ᠲᠡᠭᠦᠨ ᠤ ᠬᠦᠰᠡᠵᠦ ᠮᠥᠷᠥᠭᠡᠳᠦᠭᠰᠡᠭᠡᠷ | ᠢᠷᠡᠭᠰᠡᠨ ᠭᠡᠷ ᠣᠷᠣᠨ ᠲᠠᠢ᠂ ᠮᠠᠯ ᠤᠨᠤᠭ᠎ᠠ ᠲᠠᠢ ᠰᠠᠶᠢᠬᠠᠨ ᠠᠮᠢᠳᠤᠷᠠᠯ ᠨᠢ ᠪᠡᠶᠡᠯᠡᠭᠳᠡᠯ᠎ᠡ᠃ ᠭᠡᠷ ᠪᠦᠯᠢ ᠶᠢᠨ ᠴᠡᠪᠡᠷ | ᠣᠷᠣᠯᠭ᠎ᠠ ᠨᠢ 17159.2 ᠲᠦᠭᠦᠷᠢᠭ ᠬᠦᠷᠴᠦ᠂ ᠬᠦᠮᠦᠨ ᠳᠤᠮᠳᠠᠴᠢ ᠶᠢᠨ ᠣᠷᠣᠯᠭ᠎ᠠ ᠨᠢ 8579.6 | ᠲᠦᠭᠦᠷᠢᠭ ᠬᠦᠷᠦᠭᠰᠡᠨ ᠪᠦᠭᠡᠳ 13 ᠦᠬᠡᠷ᠂ 26 ᠬᠤᠨᠢ ᠲᠠᠢ ᠪᠣᠯᠣᠭᠰᠠᠨ ᠪᠠᠶᠢᠨ᠎ᠠ᠃ | ᠵᠣᠣ ᠶᠦᠨ ᠯᠥᠩ ᠤᠨ ᠬᠢ ᠨᠠᠮ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠳᠣᠣᠷ᠎ᠠ᠂ ᠬᠠᠮᠢᠶ᠎ᠠ ᠪᠦᠬᠦᠢ | ᠪᠠᠶᠢᠭᠤᠯᠤᠯᠭ᠎ᠠ ᠨᠢᠭᠡᠴᠡ ᠶᠢᠨ ᠬᠦᠴᠦᠲᠡᠢ ᠳᠡᠮᠵᠢᠯᠭᠡ ᠪᠣᠯᠣᠨ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ | ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠵᠠᠮ ᠢ ᠡᠯᠭᠦᠭᠰᠡᠨ ᠶᠤᠮ᠃ | | | | | ᠵᠣᠣ ᠶᠦᠨ ᠯᠥᠩ᠄ ︽ᠥᠩᠭᠡᠷᠡᠭᠰᠡᠨ ᠳᠤ ᠮᠠᠨ ᠤ ᠠᠮᠢᠳᠤᠷᠠᠯ ᠤᠨ ᠨᠥᠭᠦᠴᠡᠯ ᠲᠤᠶᠢᠯ ᠤᠨ ᠠᠨᠠᠢ ᠪᠠᠶᠢᠭᠰᠠᠨ | ᠃ ᠬᠤᠰᠢᠭᠤ᠂ ᠪᠠᠯᠭᠠᠰᠤ᠂ ᠭᠠᠴᠠᠭᠠᠨ ᠤ ᠬᠠᠪᠰᠤᠷᠤᠯᠭ᠎ᠠ ᠳᠡᠮᠵᠢᠯᠭᠡ ᠪᠠᠷ᠂ ᠣᠳᠣ ᠮᠠᠨ ᠤ ᠠᠮᠢᠳᠤᠷᠠᠯ ᠢᠯᠡᠳᠳᠡ | ᠰᠠᠶᠢᠵᠢᠷᠠᠵᠠᠢ᠂ ᠰᠠᠶᠢᠨ ᠬᠥᠳᠡᠯᠮᠦᠷᠢᠯᠡᠶᠡ ᠭᠡᠰᠡᠨ ᠢᠲᠡᠭᠡᠯ ᠵᠣᠷᠢᠭ ᠲᠠᠢ ᠪᠣᠯᠣᠯ᠎ᠠ᠂ ᠨᠡᠶᠢᠭᠡᠮ ᠨᠡᠭᠡᠷᠡᠨ ᠰᠠᠶᠢᠬᠠᠨ | ᠪᠣᠯᠵᠠᠢ᠃︶ |