ᠮᠠᠨ ᠤ ᠬᠤᠰᠢᠭᠤ 2020 ᠣᠨ ᠤ ᠠᠩᠬᠠᠳᠤᠭᠠᠷ ᠤᠳᠠᠭᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/3
    ᠮᠠᠨ ᠤ ᠬᠤᠰᠢᠭᠤ 2020 ᠣᠨ ᠤ ᠠᠩᠬᠠᠳᠤᠭᠠᠷ ᠤᠳᠠᠭᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠬᠤᠷᠠᠯᠳᠤᠭᠤᠯᠪᠠ                                                     6 ᠰᠠᠷ᠎ᠠ ᠶᠢᠨ 1 ᠤ ᠡᠳᠦᠷ᠂  ᠮᠠᠨ ᠤ ᠬᠤᠰᠢᠭᠤ 2020 ᠣᠨ ᠤ ᠠᠩᠬᠠᠳᠤᠭᠠᠷ ᠤᠳᠠᠭᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠶᠡᠷᠦᠩᠬᠡᠶᠢᠯᠡᠭᠰᠡᠨ ᠨᠠᠭᠤᠷ ᠭᠤᠣᠯ ᠤᠨ ᠳᠠᠷᠤᠭ᠎ᠠ ᠪᠠᠢ ᠶᠥᠩ ᠴᠦᠨ ᠬᠤᠷᠠᠯ ᠡᠷᠬᠢᠯᠡᠵᠦ᠂ ᠬᠤᠰᠢᠭᠤ ᠤᠳᠤᠷᠢᠳᠤᠯᠭ᠎ᠠ ᠪᠣᠯᠣᠳ᠂ ᠮᠠᠰᠢᠪᠠᠭᠠᠲᠤᠷ᠂ ᠯᠢ ᠰᠢᠤᠸᠠᠢ ᠶᠢᠩ᠂ ᠳᠠᠯᠠᠩᠭᠤᠷᠪᠠ ᠪᠣᠯᠣᠨ ᠬᠤᠰᠢᠭᠤᠨ ᠤ  ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠪᠦᠷᠢᠯᠳᠦᠭᠦᠨ ᠪᠠᠶᠢᠭᠤᠯᠤᠯᠭ᠎ᠠ ᠵᠢᠴᠢ ᠡᠯ᠎ᠡ ᠰᠣᠮᠣ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
     ᠪᠠᠢ ᠶᠥᠩ ᠴᠦᠨ ᠱᠠᠭᠠᠷᠳᠠᠬᠤ ᠳᠠᠭᠠᠨ ᠨᠢᠭᠡ ᠳᠤ᠂ ᠭᠤᠣᠯ ᠤᠨ ᠳᠠᠷᠤᠭ᠎ᠠ ᠶᠢᠨ ᠳᠦᠷᠢᠮ ᠪᠣᠯᠣᠨ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠢ ᠴᠢᠩᠭᠠᠳᠬᠠᠨ ᠳᠦᠷᠢᠮᠵᠢᠭᠦᠯᠬᠦ ᠬᠡᠷᠡᠭᠲᠡᠢ᠃ ᠭᠤᠣᠯ ᠤᠨ ᠳᠠᠷᠤᠭ᠎ᠠ ᠶᠢᠨ ᠳᠦᠷᠢᠮ ᠪᠣᠯᠣᠨ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠪᠠᠷ ᠲᠠᠪᠴᠠᠩ ᠪᠣᠯᠭᠠᠨ᠂ ᠨᠠᠮ ᠵᠠᠰᠠᠭ ᠠᠴᠠ ᠬᠠᠷᠢᠭᠤᠴᠠᠭᠰᠠᠨ᠂ ᠤᠰᠤᠨ ᠠᠰᠢᠭᠯᠠᠯᠲᠠ ᠢᠶᠠᠷ ᠲᠣᠯᠣᠭᠠᠶᠢᠯᠠᠭᠤᠯᠤᠭᠰᠠᠨ᠂ ᠡᠯ᠎ᠡ ᠰᠠᠯᠠᠭ᠎ᠠ ᠮᠥᠴᠢᠷ ᠬᠤᠯᠪᠣᠭᠠᠯᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠨᠠᠭᠤᠷ ᠭᠤᠣᠯ ᠤᠨ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠵᠤ᠂ ᠡᠯ᠎ᠡ ᠡᠲᠡᠭᠡᠳ ᠤᠨ ᠬᠢᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠱᠠᠲᠤᠨ ᠤ ᠨᠠᠭᠤᠷ ᠭᠤᠣᠯ ᠤᠨ ᠳᠠᠷᠤᠭ᠎ᠠ ᠨᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠲᠣᠭᠲᠠᠭᠰᠠᠨ ᠬᠤᠭᠤᠴᠠᠭ᠎ᠠ᠂ ᠱᠠᠭᠠᠷᠳᠠᠯᠭ᠎ᠠ ᠶᠣᠰᠣᠭᠠᠷ ᠨᠠᠭᠤᠷ ᠭᠤᠣᠯ ᠢ ᠴᠠᠭᠳᠠᠨ ᠪᠠᠶᠢᠴᠠᠭᠠᠬᠤ ᠠᠵᠢᠯ ᠥᠷᠨᠢᠭᠦᠯᠵᠦ᠂ ︽ᠾᠧ ᠵᠠᠩ ᠲᠥᠩ︾ APP ᠲᠠᠪᠴᠠᠩ ᠢ ᠪᠦᠲᠦᠮᠵᠢᠲᠡᠢ ᠠᠰᠢᠭᠯᠠᠵᠤ᠂ ᠨᠠᠭᠤᠷ ᠭᠤᠣᠯ ᠢ ᠰᠠᠶᠢᠲᠤᠷ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ︽ᠲᠦᠷᠪᠡ ᠶᠢ ᠴᠡᠭᠴᠡᠯᠡᠬᠦ︾ ᠶᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ︽ ᠲᠦᠷᠪᠡ ᠶᠢ ᠴᠡᠭᠴᠡᠯᠡᠬᠦ︾ ᠪᠣᠯ ᠭᠤᠣᠯ ᠤᠨ ᠳᠠᠷᠤᠭ᠎ᠠ ᠶᠢᠨ ᠳᠦᠷᠢᠮ ᠢ ᠪᠣᠳᠠᠲᠠᠢ ᠨᠠᠶᠢᠳᠠᠪᠤᠷᠢᠵᠢᠭᠤᠯᠬᠤ ᠶᠢᠨ ᠴᠢᠬᠤᠯᠠ ᠵᠦᠢᠯ ᠪᠦᠭᠡᠳ ᠨᠠᠭᠤᠷ ᠭᠤᠣᠯ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠪᠠᠷᠢᠯ ᠪᠣᠯᠣᠨ᠎ᠠ᠃ ᠡᠯ᠎ᠡ ᠰᠣᠮᠣ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤᠨ ᠤ ᠭᠤᠣᠯ ᠤᠨ ᠳᠠᠷᠤᠭ᠎ᠠ ᠶᠢᠨ ᠠᠯᠪᠠᠨ ᠭᠡᠷ ᠪᠣᠯᠣᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠢᠳᠡᠪᠬᠢᠲᠡᠢ ᠠᠬᠢᠭᠤᠯᠬᠤ ᠬᠡᠷᠡᠭᠲᠡᠢ᠃ ᠭᠤᠷᠪᠠ᠂ ᠨᠠᠭᠤᠷ ᠭᠤᠣᠯ ᠤᠨ ᠬᠠᠮᠢᠶᠠᠷᠤᠯᠲᠠ ᠶᠢᠨ ᠪᠠᠶᠢᠩᠭᠤ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃
    ᠭᠤᠣᠯ ᠤᠨ ᠳᠠᠷᠤᠭ᠎ᠠ ᠶᠢᠨ ᠳᠦᠷᠢᠮ ᠪᠣᠯᠣᠨ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠣᠯᠣᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠬᠤ ᠶᠢ ᠭᠤᠣᠯ ᠤᠨ ᠳᠠᠷᠤᠭ᠎ᠠ ᠪᠣᠯᠣᠨ ᠨᠠᠭᠤᠷ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠴᠢᠬᠤᠯᠠ ᠡᠭᠦᠷᠭᠡ ᠪᠣᠯᠭᠠᠨ᠂ ᠭᠤᠣᠯ ᠤᠨ ᠳᠠᠷᠤᠭ᠎ᠠ ᠪᠣᠯᠣᠨ ᠨᠠᠭᠤᠷ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠣᠯᠭᠠᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ︽ᠨᠢᠭᠡ ᠭᠤᠣᠯ ᠳᠤ ᠨᠢᠭᠡ ᠪᠣᠳᠣᠯᠭ᠎ᠠ︾᠂ ︽ᠨᠢᠭᠡ ᠠᠭᠤᠷ ᠲᠤ ᠨᠢᠭᠡ ᠪᠣᠳᠣᠯᠭ᠎ᠠ︾ ᠶᠢ ᠬᠡᠷᠡᠭᠵᠢᠭᠦᠯᠬᠦ ᠳᠥᠰᠥᠯ ᠢ ᠨᠠᠶᠢᠷᠠᠭᠤᠯᠤᠨ ᠲᠣᠭᠲᠠᠭᠠᠬᠤ ᠠᠵᠢᠯ ᠢ ᠳᠠᠷᠤᠶᠢᠬᠠᠨ ᠵᠣᠬᠢᠶᠠᠨ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠨᠠᠭᠤᠷ ᠭᠤᠣᠯ ᠤᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠬᠡᠵᠠᠢ᠃      ᠬᠤᠷᠠᠯ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠨᠠᠭᠤᠷ ᠤᠨ ᠳᠠᠷᠤᠭ᠎ᠠ ᠶᠢᠨ 1 ᠳ᠋ᠦ᠋ᠭᠡᠷ ᠲᠣᠭᠠᠲᠤ ᠵᠠᠷᠯᠢᠭ︾ ᠪᠣᠯᠣᠨ ︽ᠰᠢᠯᠢ ᠶᠢᠨ ᠭᠤᠣᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠶᠡᠷᠦᠩᠬᠡᠶᠢᠯᠡᠭᠰᠡᠨ ᠭᠤᠣᠯ ᠨᠠᠭᠤᠷ ᠤᠨ ᠳᠠᠷᠤᠭ᠎ᠠ ᠶᠢᠨ 6 ᠳ᠋ᠤᠭᠠᠷ ᠲᠣᠭᠠᠲᠤ ᠵᠠᠷᠯᠢᠭ︾ ᠢ ᠤᠯᠠᠮᠵᠢᠯᠠᠨ ᠳᠠᠮᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ 2020 ᠣᠨ ᠤ ᠭᠤᠣᠯ ᠤᠨ ᠳᠠᠷᠤᠭ᠎ᠠ ᠶᠢᠨ ᠳᠦᠷᠢᠮ ᠪᠣᠯᠣᠨ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ ᠳᠠᠷᠠᠭᠠᠴᠢ ᠶᠢᠨ ᠠᠵᠢᠯ ᠤᠨ ᠲᠣᠬᠢᠷᠠᠭᠤᠯᠤᠯᠲᠠ ᠶᠢ ᠨᠡᠶᠢᠲᠡᠯᠡᠪᠡ᠃ ᠪᠠᠷᠠᠭᠤᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ ᠭᠤᠣᠯ ᠨᠠᠭᠤᠷ ᠤᠨ ᠳᠠᠷᠤᠭ᠎ᠠ ᠶᠢᠨ 3 ᠳ᠋ᠤᠭᠠᠷ ᠲᠣᠭᠠᠲᠤ ᠵᠠᠷᠯᠢᠭ ᠲᠤ ᠭᠠᠷ ᠤᠨ ᠦᠰᠦᠭ ᠵᠢᠷᠤᠪᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号