ᠲᠥᠷᠥ ᠶᠢᠨ ᠪᠣᠳᠣᠯᠭ᠎ᠠ ᠶᠢᠨ ᠰᠠᠶᠢᠨ ᠢᠶᠠᠷ ᠠᠮᠢᠳᠤᠷᠠᠯ ᠮᠢᠨᠢ ᠰᠠᠶᠢᠵᠢᠷᠠᠯ᠎ᠠ
ᠨᠡᠶᠢᠲᠡᠯᠡᠭᠰᠡᠨ ᠴᠠᠭ᠄
2020-06-03
        ᠲᠥᠷᠥ ᠶᠢᠨ ᠪᠣᠳᠣᠯᠭ᠎ᠠ ᠶᠢᠨ ᠰᠠᠶᠢᠨ ᠢᠶᠠᠷ ᠠᠮᠢᠳᠤᠷᠠᠯ ᠮᠢᠨᠢ ᠰᠠᠶᠢᠵᠢᠷᠠᠯ᠎ᠠ                                                                                 ᠵᠣᠣ ᠶᠦᠨ ᠯᠥᠩ ᠪᠣᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠳᠣᠯᠣᠭᠠᠨᠳᠠᠪᠠᠭ᠎ᠠ ᠭᠠᠴᠠᠭᠠᠨ ᠤ ᠮᠠᠯᠴᠢᠨ᠂ ᠭᠡᠷ ᠲᠡᠭᠡᠨ ᠬᠤᠶᠠᠷᠬᠠᠨ ᠬᠥᠳᠡᠯᠮᠦᠷᠢ ᠬᠦᠴᠦᠨ ᠲᠠᠢ᠂ ᠵᠢᠯ ᠤᠨ ᠳᠤᠮᠳᠠᠴᠢ ᠣᠷᠣᠯᠭ᠎ᠠ ᠨᠢ 2603 ᠲᠦᠭᠦᠷᠢᠭ ᠯᠠ ᠮᠥᠷᠲᠡᠭᠡᠨ ᠬᠦᠮᠦᠨ ᠳᠤᠮᠳᠠᠴᠢ ᠶᠢᠨ ᠣᠷᠣᠯᠭ᠎ᠠ ᠨᠢ ᠤᠯᠤᠰ ᠤᠨ ᠪᠠᠷᠢᠮᠵᠢᠶᠠᠨ ᠠᠴᠠ ᠳᠣᠣᠷ᠎ᠠ ᠪᠠᠶᠢᠵᠤ ᠠᠮᠢᠳᠤᠷᠠᠯ ᠨᠢ ᠬᠦᠴᠢᠷᠲᠡᠢ ᠪᠠᠶᠢᠭᠰᠠᠨ ᠠᠴᠠ 2017 ᠣᠨ ᠳᠤ ᠶᠠᠳᠠᠭᠤ ᠡᠷᠦᠬᠡ ᠪᠠᠷ ᠳᠠᠩᠰᠠᠯᠠᠭᠳᠠᠵᠠᠢ᠃
    ᠬᠤᠭᠤᠯᠠᠲᠤ ᠶᠢᠨ ᠭᠤᠣᠯ ᠪᠠᠯᠭᠠᠰᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠪᠤᠶᠠᠨ ᠠᠴᠠ ᠵᠣᠣ ᠶᠦᠨ ᠯᠥᠩ ᠤᠨ ᠲᠤᠬᠠᠢ ᠶᠢᠨ ᠦᠶ᠎ᠡ ᠶᠢᠨ ᠬᠦᠴᠢᠷᠳᠡᠯᠲᠡᠢ ᠪᠠᠶᠢᠳᠠᠯ ᠢ ᠡᠷᠭᠢᠴᠡᠭᠦᠯᠬᠦ ᠳᠡᠭᠡᠨ ᠰᠡᠭᠦᠷᠡᠰᠦ ᠠᠯᠳᠠᠵᠤ ᠪᠠᠶᠢᠯ᠎ᠠ᠃ ᠭᠡᠲᠡᠯ᠎ᠡ ᠵᠣᠣ ᠶᠦᠨ ᠯᠥᠩ ᠮᠠᠯ ᠠᠵᠤ ᠠᠬᠤᠢ ᠡᠵᠡᠩᠨᠡᠬᠦ ᠳᠡᠭᠡᠨ ᠤᠬᠠᠭᠠᠨ ᠰᠠᠮᠪᠠᠭ᠎ᠠ ᠲᠠᠢ ᠮᠥᠷᠲᠡᠭᠡᠨ ᠰᠢᠷᠭᠠᠭᠤ ᠬᠥᠳᠡᠯᠮᠦᠷᠢᠯᠡᠳᠡᠭ᠃ ᠲᠡᠷᠡ ᠦᠷᠭᠦᠯᠵᠢ᠄ ︽ᠨᠠᠮ ᠤᠨ ᠲᠥᠷᠥ ᠶᠢᠨ ᠪᠣᠳᠣᠯᠭ᠎ᠠ ᠡᠶᠢᠮᠦ ᠰᠠᠶᠢᠨ ᠪᠠᠶᠢᠬᠤ ᠳᠤ ᠪᠢ ᠯᠠᠪᠲᠠᠢ ᠡᠷᠲᠡ ᠨᠢᠭᠡᠨ ᠡᠳᠦᠷ ᠶᠠᠳᠠᠭᠤ ᠠᠴᠠ ᠠᠩᠭᠢᠵᠢᠷᠠᠬᠤ ᠶᠤᠮ︾ ᠭᠡᠵᠦ ᠬᠡᠯᠡᠳᠡᠭ ᠭᠡᠨ᠎ᠡ
    ᠵᠣᠣ ᠶᠦᠨ ᠯᠥᠩ ᠤᠨ ᠶᠠᠳᠠᠭᠤ ᠠᠴᠠ ᠠᠩᠭᠢᠵᠢᠷᠠᠭᠰᠠᠨ ᠨᠢ ᠬᠤᠰᠢᠭᠤ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ 2018 ᠣᠨ ᠳᠤ᠂ ᠵᠠᠰᠠᠭ ᠤᠨ ᠣᠷᠳᠣᠨ ᠠᠴᠠ ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠣᠰᠣᠭᠠᠷ᠂ ᠵᠣᠣ ᠶᠦᠨ ᠯᠥᠩ ᠳᠤ 5 ᠲᠣᠯᠣᠭᠠᠢ ᠦᠬᠡᠷ ᠬᠤᠳᠠᠯᠳᠤᠨ ᠠᠪᠴᠤ ᠥᠭᠴᠡᠢ᠂ ᠵᠣᠣ ᠶᠦᠨ ᠯᠥᠩ ᠡᠷᠳᠡᠨᠢ ᠣᠯᠣᠭᠰᠠᠨ ᠮᠡᠲᠦ ᠪᠠᠶᠠᠷᠯᠠᠨ ᠲᠠᠯᠠᠷᠬᠠᠵᠤ᠂ ᠦᠬᠡᠷ ᠢᠶᠠᠨ ᠨᠠᠷᠢᠨ ᠨᠢᠮᠪᠠᠢ ᠠᠷᠠᠴᠢᠯᠠᠨ ᠮᠠᠯᠵᠢᠵᠤ ᠡᠬᠢᠯᠡᠭᠰᠡᠨ ᠪᠠᠶᠢᠨ᠎ᠠ᠃     ᠵᠠᠰᠠᠭ ᠤᠨ ᠣᠷᠳᠣᠨ ᠠᠴᠠ ᠵᠣᠣ ᠶᠦᠨ ᠯᠥᠩ ᠳᠤ ᠪᠠᠰᠠ 5 ᠲᠦᠮᠡᠨ ᠲᠦᠭᠦᠷᠢᠭ ᠤᠨ ᠶᠠᠳᠠᠭᠤ ᠶᠢ ᠳᠡᠳᠬᠦᠬᠦ ᠵᠢᠭᠡᠯᠡᠯᠭᠡ ᠡᠷᠡᠮᠡᠯᠵᠡᠨ ᠥᠭᠴᠡᠢ᠃ ᠠᠵᠢᠯᠴᠢ ᠵᠠᠩ ᠲᠠᠢ ᠲᠡᠷᠡ ᠪᠠᠰᠠ ᠭᠠᠴᠠᠭᠠᠨ ᠳᠠᠭᠠᠨ ᠰᠤᠯᠠ ᠠᠵᠢᠯ ᠡᠷᠢᠨ᠂ ᠠᠶᠢᠯ ᠤᠨ ᠬᠤᠨᠢ ᠶᠢ ᠬᠠᠷᠢᠭᠤᠯᠠᠨ᠂ ᠰᠠᠷ᠎ᠠ ᠪᠦᠷᠢ 5000 ᠲᠦᠭᠦᠷᠢᠭ ᠣᠯᠵᠤ᠂ ᠬᠠᠭᠠᠰ ᠵᠢᠯ ᠳᠤ 30000 ᠲᠦᠭᠦᠷᠢᠭ ᠤᠨ ᠣᠷᠣᠯᠭ᠎ᠠ ᠣᠯᠣᠭᠰᠠᠨ ᠪᠦᠭᠡᠳ ᠪᠠᠰᠠ 5119.2 ᠲᠦᠭᠦᠷᠢᠭ ‍ᠦᠨ‌ᠠᠮᠢ ᠠᠬᠤᠢ ᠶᠢᠨ ᠨᠦᠬᠦᠪᠦᠷᠢ ᠱᠠᠩᠨᠠᠯ ᠤᠨ ᠮᠥᠩᠭᠦ ᠶᠢ ᠣᠯᠣᠭᠰᠠᠨ ᠪᠠᠶᠢᠨ᠎ᠠ᠃ ᠭᠠᠴᠠᠭᠠᠨ ᠠᠴᠠ ᠨᠢ ᠲᠡᠭᠦᠨ ᠢ ᠬᠠᠪᠰᠤᠷᠴᠤ᠂ 5 ᠲᠣᠯᠣᠭᠠᠢ ︽ᠶᠠᠳᠠᠭᠤ ᠶᠢ ᠳᠡᠳᠬᠦᠬᠦ︾ ᠦᠬᠡᠷ ᠢ ᠨᠢ ᠳᠠᠭᠠᠳᠬᠠᠯ ᠳᠤ ᠣᠷᠤᠭᠤᠯᠵᠠᠢ᠃ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠪᠠᠷ ᠶᠠᠳᠠᠭᠤ ᠶᠢ ᠳᠡᠳᠬᠦᠬᠦ᠂ ᠬᠠᠷᠠᠭᠠᠯᠵᠠᠯᠲᠤ ᠵᠢᠭᠡᠯᠡᠯᠭᠡ᠂ ᠠᠮᠢ ᠠᠬᠤᠢ ᠶᠢᠨ ᠨᠦᠬᠦᠪᠦᠷᠢ᠂ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠤᠮᠵᠢ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠵᠣᠣ ᠶᠦᠨ ᠯᠥᠩ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠡᠷᠴᠢ ᠵᠣᠷᠢᠭ ᠲᠠᠢ ᠪᠣᠯᠣᠭᠰᠠᠨ ᠪᠠᠶᠢᠨ᠎ᠠ᠃
    ᠲᠡᠷᠡ ᠴᠥᠬᠦᠷᠡᠯ ᠦᠭᠡᠢ ᠴᠢᠷᠮᠠᠶᠢᠨ᠂ ᠡᠷᠲᠡᠯᠡᠵᠦ ᠣᠷᠣᠶᠢᠯᠠᠨ ᠰᠢᠷᠭᠠᠭᠤ ᠬᠥᠳᠡᠯᠮᠦᠷᠢᠯᠡᠵᠦ᠂ 2018 ᠣᠨ ᠤ ᠰᠡᠭᠦᠯᠴᠢ ᠪᠠᠷ᠂ ᠶᠠᠳᠠᠭᠤ ᠮᠠᠯᠠᠭᠠᠢ ᠪᠠᠨ ᠲᠠᠶᠠᠭᠳᠠᠭᠰᠠᠨ ᠪᠠᠶᠢᠨ᠎ᠠ᠃ ᠲᠡᠭᠦᠨ ᠤ ᠬᠦᠰᠡᠵᠦ ᠮᠥᠷᠥᠭᠡᠳᠦᠭᠰᠡᠭᠡᠷ ᠢᠷᠡᠭᠰᠡᠨ ᠭᠡᠷ ᠣᠷᠣᠨ ᠲᠠᠢ᠂ ᠮᠠᠯ ᠤᠨᠤᠭ᠎ᠠ ᠲᠠᠢ ᠰᠠᠶᠢᠬᠠᠨ ᠠᠮᠢᠳᠤᠷᠠᠯ ᠨᠢ ᠪᠡᠶᠡᠯᠡᠭᠳᠡᠯ᠎ᠡ᠃ ᠭᠡᠷ ᠪᠦᠯᠢ ᠶᠢᠨ ᠴᠡᠪᠡᠷ ᠣᠷᠣᠯᠭ᠎ᠠ ᠨᠢ 17159.2 ᠲᠦᠭᠦᠷᠢᠭ ᠬᠦᠷᠴᠦ᠂ ᠬᠦᠮᠦᠨ ᠳᠤᠮᠳᠠᠴᠢ ᠶᠢᠨ ᠣᠷᠣᠯᠭ᠎ᠠ ᠨᠢ 8579.6 ᠲᠦᠭᠦᠷᠢᠭ ᠬᠦᠷᠦᠭᠰᠡᠨ ᠪᠦᠭᠡᠳ 13 ᠦᠬᠡᠷ᠂ 26 ᠬᠤᠨᠢ ᠲᠠᠢ ᠪᠣᠯᠣᠭᠰᠠᠨ ᠪᠠᠶᠢᠨ᠎ᠠ᠃ᠵᠣᠣ ᠶᠦᠨ ᠯᠥᠩ ᠤᠨ ᠬᠢ ᠨᠠᠮ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠳᠣᠣᠷ᠎ᠠ᠂ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠬᠦᠴᠦᠲᠡᠢ ᠳᠡᠮᠵᠢᠯᠭᠡ ᠪᠣᠯᠣᠨ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠵᠠᠮ ᠢ ᠡᠯᠭᠦᠭᠰᠡᠨ ᠶᠤᠮ᠃
     ᠵᠣᠣ ᠶᠦᠨ ᠯᠥᠩ᠄ ︽ᠥᠩᠭᠡᠷᠡᠭᠰᠡᠨ ᠳᠤ ᠮᠠᠨ ᠤ ᠠᠮᠢᠳᠤᠷᠠᠯ ᠤᠨ ᠨᠥᠭᠦᠴᠡᠯ ᠲᠤᠶᠢᠯ ᠤᠨ ᠠᠨᠠᠢ ᠪᠠᠶᠢᠭᠰᠠᠨ ᠃ ᠬᠤᠰᠢᠭᠤ᠂ ᠪᠠᠯᠭᠠᠰᠤ᠂ ᠭᠠᠴᠠᠭᠠᠨ ᠤ ᠬᠠᠪᠰᠤᠷᠤᠯᠭ᠎ᠠ ᠳᠡᠮᠵᠢᠯᠭᠡ ᠪᠠᠷ᠂ ᠣᠳᠣ ᠮᠠᠨ ᠤ ᠠᠮᠢᠳᠤᠷᠠᠯ ᠢᠯᠡᠳᠳᠡ ᠰᠠᠶᠢᠵᠢᠷᠠᠵᠠᠢ᠂ ᠰᠠᠶᠢᠨ ᠬᠥᠳᠡᠯᠮᠦᠷᠢᠯᠡᠶ᠎ᠡ ᠭᠡᠰᠡᠨ ᠢᠲᠡᠭᠡᠯ ᠵᠣᠷᠢᠭ ᠲᠠᠢ ᠪᠣᠯᠣᠯ᠎ᠠ᠂ ᠨᠡᠶᠢᠭᠡᠮ ᠨᠡᠭᠡᠷᠡᠨ ᠰᠠᠶᠢᠬᠠᠨ ᠪᠣᠯᠵᠠᠢ᠃︶
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号