ᠡᠯ᠎ᠡ ᠪᠠᠭ᠎ᠠ ᠰᠣᠷᠭᠠᠭᠤᠯᠢ ᠶᠢᠨ ᠨᠢᠭᠡ ᠂ ᠬᠤᠶᠠᠷ᠂ ᠭᠤᠷᠪᠠᠳᠤᠭᠠᠷ ᠤᠨ ᠤ ᠰᠣᠷᠣᠭᠴᠢᠳ ᠬᠢᠴᠢᠶᠡᠯ | ᠡᠬᠢᠯᠡᠯ᠎ᠡ | | | ᠰᠢᠯᠢ ᠶᠢᠨ ᠭᠤᠣᠯ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠥᠪ ᠤᠨ ᠰᠣᠷᠭᠠᠭᠤᠯᠢ | ᠡᠬᠢᠯᠡᠬᠦ ᠲᠤᠬᠠᠢ ᠮᠡᠳᠡᠭᠳᠡᠯ ᠵᠢᠴᠢ ᠬᠤᠰᠢᠭᠤ ᠰᠣᠷᠭᠠᠨ ᠬᠦᠮᠦᠵᠢᠯ ᠤᠨ ᠲᠤᠪᠴᠢᠶᠠᠨ ᠤ ᠬᠤᠯᠪᠤᠭᠳᠠᠯ ᠪᠦᠬᠦᠢ | ᠱᠠᠭᠠᠷᠳᠠᠯᠭ᠎ᠠ ᠶᠢ ᠦᠨᠳᠦᠰᠦᠯᠡᠨ 6 ᠰᠠᠷ᠎ᠠ ᠶᠢᠨ 2 ᠤ ᠡᠳᠦᠷ ᠬᠤᠰᠢᠭᠤᠨ ᠤ ᠡᠯ᠎ᠡ ᠪᠠᠭ᠎ᠠ ᠰᠣᠷᠭᠠᠭᠤᠯᠢ ᠶᠢᠨ ᠨᠢᠭᠡ᠂ | ᠬᠤᠶᠠᠷ᠂ ᠭᠤᠷᠪᠠᠳᠤᠭᠠᠷ ᠤᠨ ᠤ ᠰᠣᠷᠣᠭᠴᠢᠳ ᠬᠢᠴᠢᠶᠡᠯ ᠡᠬᠢᠯᠡᠵᠤ᠂ ᠲᠤᠤᠷ᠎ᠠ ᠤᠨ ᠤ ᠪᠠᠭᠠᠴᠣᠳ ᠬᠡᠣᠬᠡᠳ ᠬᠥᠷ | ᠬᠥᠭᠵᠢᠶᠡᠨ ᠪᠢᠯᠬᠠᠭᠰᠠᠨ ᠰᠣᠷᠭᠠᠭᠤᠯᠢ ᠶᠢᠨ ᠬᠦᠷᠢᠶᠡᠨ ᠳᠡᠭᠡᠨ ᠪᠤᠴᠠᠯ᠎ᠠ᠃ | | | | | ᠤᠶᠢᠯᠠᠭᠠᠭᠰᠠᠨ ᠢᠶᠠᠷ᠂ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠨᠢᠭᠡ ᠠᠴᠠ ᠭᠤᠷᠪᠠ ᠤᠨ ᠳᠤ | ᠨᠡᠶᠢᠲᠡ 612 ᠰᠣᠷᠣᠭᠴᠢ ᠲᠠᠢ ᠪᠠᠶᠢᠵᠤ᠂ ᠡᠳᠡᠭᠡᠷ ᠰᠣᠷᠣᠭᠴᠢᠳ ᠤᠨ᠂ ᠠᠩᠭᠢ ᠬᠤᠪᠢᠶᠠᠨ ᠴᠠᠭ ᠵᠦᠷᠢᠭᠦᠯᠦᠨ | ᠰᠣᠷᠭᠠᠭᠤᠯᠢ ᠳᠠᠭᠠᠨ ᠢᠷᠡᠵᠦ ᠨᠡᠷ᠎ᠡ ᠮᠡᠳᠡᠭᠦᠯᠦᠨ ᠬᠢᠴᠢᠶᠡᠯ ᠡᠬᠢᠯᠡᠵᠦ᠂ ᠰᠣᠷᠭᠠᠭᠤᠯᠢ ᠡᠬᠢᠯᠡᠬᠦ ᠠᠵᠢᠯ ᠡᠮᠬᠢ ᠴᠡᠭᠴᠡ | ᠲᠠᠢ᠂ ᠠᠯᠬᠤᠮ ᠳᠠᠷᠠᠭ᠎ᠠ ᠲᠠᠢ ᠶᠠᠪᠤᠭᠳᠠᠵᠠᠢ᠃ ᠰᠣᠷᠭᠠᠭᠤᠯᠢ ᠶᠢᠨ ᠡᠭᠦᠳᠡᠨ ᠳᠤ ᠨᠢᠭᠡ᠂ ᠬᠤᠶᠠᠷ᠂ ᠭᠤᠷᠪᠠᠳᠤᠭᠠᠷ | ᠤᠨ ᠤ ᠰᠣᠷᠣᠭᠴᠢᠳ ᠪᠦᠭᠦᠳᠡᠭᠡᠷ ᠠᠮᠠᠪᠴᠢ ᠵᠡᠭᠦᠵᠦ᠂ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ | ᠬᠤᠭᠤᠷᠤᠨᠳᠤ ᠪᠠᠨ ᠵᠣᠬᠢᠬᠤ ᠵᠠᠢ ᠲᠠᠢ ᠮᠦᠷᠯᠡᠨ ᠨᠢᠭᠡ ᠨᠢᠭᠡ ᠪᠠᠷ ᠳᠡᠰ ᠳᠠᠷᠠᠭ᠎ᠠ ᠲᠠᠢ ᠪᠡᠶ᠎ᠡ ᠶᠢᠨ ᠲᠤᠯᠠᠭᠠᠨ ᠢᠶᠠᠨ | ᠬᠡᠮᠵᠢᠬᠦᠯᠵᠤ᠂ ᠰᠣᠷᠭᠠᠭᠤᠯᠢ ᠶᠢᠨ ᠬᠦᠷᠢᠶᠡᠨ ᠳᠡᠭᠡᠨ ᠤᠷᠤᠵᠠᠭᠠᠵᠤ ᠪᠠᠶᠢᠯ᠎ᠠ᠃ ᠭᠤᠷᠪᠠ ᠶᠢᠨ ᠳᠥᠷᠪᠡ ᠠᠩᠭᠢ ᠶᠢᠨ | ᠠᠩᠭᠢ ᠶᠢᠨ ᠡᠷᠬᠢᠯᠡᠭᠴᠢ ᠬᠠᠰ ᠪᠠᠭᠰᠢ ᠠᠩᠭᠢ ᠶᠢᠨ ᠰᠣᠷᠣᠭᠴᠢᠳ ᠲᠠᠢ ᠪᠠᠨ ᠰᠣᠷᠭᠠᠭᠤᠯᠢ ᠡᠬᠢᠯᠡᠭᠰᠡᠨ ᠠᠩᠬᠠᠨ ᠤ | ᠬᠢᠴᠢᠶᠡᠯ ᠢᠶᠠᠨ ᠤᠷᠤᠵᠤ᠂ ᠰᠣᠷᠣᠭᠴᠢᠳ ᠲᠠᠭᠠᠨ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠥᠷᠪᠢᠰᠦᠯ ᠤᠨ | ᠤᠬᠠᠭᠳᠠᠬᠤᠨ᠂ ᠰᠡᠷᠭᠡᠶᠢᠯᠡᠬᠦ ᠮᠡᠳᠡᠯᠭᠡ ᠵᠢᠴᠢ ᠰᠣᠷᠭᠠᠭᠤᠯᠢ ᠶᠢᠨ ᠬᠥᠷᠢᠶᠡᠨ ᠤ ᠠᠮᠤᠷ ᠳᠦᠪᠰᠢᠨ ᠤ ᠲᠠᠯ᠎ᠠ ᠪᠠᠷ ᠬᠢ | ᠠᠩᠬᠠᠷᠬᠤ ᠵᠤᠬᠢᠰᠲᠠᠢ ᠵᠦᠢᠯᠡᠰ ᠢ ᠲᠠᠶᠢᠯᠪᠤᠷᠢᠯᠠᠨ ᠶᠠᠷᠢᠪᠠ᠃ | | | | | ᠨᠢᠭᠡᠳᠦᠭᠡᠷ ᠪᠠᠭ᠎ᠠ ᠰᠣᠷᠭᠠᠭᠤᠯᠢ ᠶᠢᠨ ᠭᠤᠷᠪᠠ ᠶᠢᠨ ᠳᠥᠷᠪᠡ ᠠᠩᠭᠢ ᠶᠢᠨ ᠠᠩᠭᠢ ᠶᠢᠨ ᠡᠷᠬᠢᠯᠡᠭᠴᠢ | ᠬᠠᠰ᠄ ︽ᠬᠢᠴᠢᠶᠡᠯ ᠡᠬᠢᠯᠡᠬᠦ ᠠᠴᠠ ᠡᠮᠦᠨ᠎ᠡ ᠮᠠᠨ ᠤ ᠰᠣᠷᠭᠠᠭᠤᠯᠢ ᠶᠢᠨ ᠠᠩᠭᠢ ᠶᠢᠨ ᠡᠷᠬᠢᠯᠡᠭᠴᠢ ᠪᠠᠭᠰᠢ ᠨᠠᠷ | ᠠᠩᠭᠢ ᠶᠢᠨ ᠭᠡᠷ ᠪᠤᠯᠤᠨ ᠤᠷᠴᠢᠨ ᠲᠤᠭᠤᠷᠢᠨ ᠤ ᠠᠷᠢᠭᠤᠳᠬᠠᠯ ᠤᠨ ᠠᠵᠢᠯ ᠢ ᠰᠠᠶᠢᠲᠤᠷ ᠬᠢᠵᠦ᠂ ᠰᠣᠷᠭᠠᠭᠤᠯᠢ ᠶᠢᠨ | ᠡᠮᠴᠢ ᠶᠢᠨ ᠲᠡᠨᠳᠡ ᠠᠴᠠ ᠪᠠᠰᠠ ᠰᠡᠷᠭᠡᠶᠢᠯᠡᠯᠲᠡ ᠶᠢᠨ ᠡᠳ᠋ ᠪᠤᠳᠠᠰ ᠢ ᠬᠤᠪᠢᠶᠠᠨ ᠠᠪᠴᠠᠢ᠃ ᠠᠮᠠᠷᠠᠯᠲᠠ ᠶᠢᠨ | ᠬᠤᠭᠤᠴᠠᠭᠠᠨ ᠳᠤ ᠪᠠᠭᠰᠢ ᠨᠠᠷ ᠰᠦᠯᠵᠢᠶ᠎ᠡ ᠪᠠᠷ ᠳᠠᠮᠵᠢᠨ ᠰᠣᠷᠤᠭᠴᠢᠳ ᠲᠤ ᠬᠢᠵᠢᠭ ᠢ ᠰᠡᠷᠭᠡᠶᠢᠯᠡᠬᠦ ᠲᠤᠬᠠᠢ | ᠮᠡᠳᠡᠯᠭᠡ ᠪᠤᠯᠤᠨ ᠠᠮᠤᠷ ᠳᠦᠪᠰᠢᠨ ᠤ ᠬᠦᠮᠦᠵᠢᠯ ᠢ ᠥᠷᠭᠦᠯᠵᠢ ᠬᠢᠳᠡᠭ᠃ ᠥᠨᠦᠳᠦᠷ ᠪᠢᠳᠡ ᠠᠩᠭᠢ ᠶᠢᠨ | ᠰᠣᠷᠣᠭᠴᠢ ᠪᠠᠨ ᠤᠭᠳᠤᠨ ᠠᠪᠴᠦ᠂ ᠰᠣᠷᠭᠠᠭᠤᠯᠢ ᠶᠢᠨ ᠲᠤᠭᠲᠠᠭᠠᠯ ᠢᠶᠠᠷ ᠲᠤᠭᠲᠠᠭᠰᠠᠨ ᠵᠠᠮ ᠱᠤᠭᠤᠮ ᠢᠶᠠᠷ | ᠠᠩᠭᠢ ᠶᠢᠨ ᠭᠡᠷ ᠲᠡᠭᠡᠨ ᠢᠷᠡᠵᠦ᠂ ᠠᠩᠬᠠᠨ ᠤ ᠬᠢᠴᠢᠶᠡᠯ ᠢᠶᠠᠨ ᠤᠷᠣᠯᠠ︾ ᠭᠡᠯᠡ᠃ | | | | | ᠠᠳᠠᠯᠢᠬᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ | ᠰᠣᠷᠭᠠᠭᠤᠯᠢ ᠶᠢᠨ ᠡᠭᠦᠳᠡᠨ ᠳᠤ ᠴᠦ ᠠᠩᠭᠢ ᠶᠢᠨ ᠡᠷᠬᠢᠯᠡᠭᠴᠢ ᠪᠠᠭᠰᠢ ᠨᠠᠷ ᠠᠩᠭᠢ ᠶᠢᠨ ᠰᠣᠷᠣᠭᠴᠢᠳ ᠤᠨ ᠢᠶᠠᠨ | ᠪᠡᠶ᠎ᠡ ᠶᠢᠨ ᠳᠤᠯᠠᠭᠠᠨ ᠢ ᠨᠢᠭᠡᠳ ᠨᠢᠭᠡ ᠪᠠᠷ ᠬᠡᠮᠵᠢᠨ᠂ ᠰᠣᠷᠣᠭᠴᠢ ᠶᠢᠨ ᠢᠶᠠᠨ ᠠᠮᠠᠷᠠᠯᠲᠠ ᠶᠢᠨ ᠬᠤᠭᠤᠴᠠᠭᠠᠨ ᠤ | ᠡᠷᠡᠭᠦᠯ ᠮᠡᠨᠳᠦ ᠶᠢᠨ ᠺᠠᠷᠲ ᠪᠤᠯᠤᠨ ᠭᠡᠷ ᠤᠨ ᠠᠬᠠᠮᠠᠳ ᠤᠨ ᠡᠷᠡᠭᠦᠯ ᠮᠡᠨᠳᠦ ᠶᠢᠨ ᠺᠤᠲ᠂ ᠭᠠᠳᠠᠭᠰᠢ ᠠᠶᠠᠯᠠᠭᠰᠠᠨ | ᠵᠠᠮ ᠱᠣᠭᠤᠮ ᠤᠨ ᠮᠦᠷᠳᠡᠯᠲᠡ ᠶᠢ ᠬᠢᠨᠠᠨ ᠪᠠᠶᠢᠴᠠᠭᠠᠵᠤ ᠪᠠᠶᠢᠯ᠎ᠠ᠃ ᠤᠶᠢᠯᠠᠭᠠᠭᠰᠠᠨ ᠢᠶᠠᠷ᠂ ᠮᠣᠩᠭᠤᠯ | ᠦᠨᠳᠦᠰᠦᠲᠡᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠬᠤᠶᠠᠷ᠂ ᠭᠤᠷᠪᠠᠳᠤᠭᠠᠷ ᠤᠨ ᠤ ᠰᠣᠷᠣᠭᠴᠢᠳ ᠤᠨ | ᠬᠤᠪᠢᠶᠠᠨ ᠥᠨᠦᠳᠦᠷ ᠦᠳᠡ ᠶᠢᠨ ᠡᠮᠦᠨ᠎ᠡ᠂ ᠦᠳᠡ ᠶᠢᠨ ᠬᠤᠶᠢᠨ᠎ᠠ ᠴᠠᠭ ᠵᠦᠷᠢᠭᠦᠯᠦᠨ ᠰᠣᠷᠭᠠᠭᠤᠯᠢ ᠡᠬᠢᠯᠡᠵᠦ᠂ | ᠨᠢᠭᠡ ᠤᠨ ᠤ ᠰᠣᠷᠣᠭᠴᠢᠳ ᠮᠠᠷᠭᠠᠰᠢ ᠦᠳᠡ ᠶᠢᠨ ᠡᠮᠦᠨ᠎ᠡ ᠴᠠᠭ ᠠᠯᠤᠰᠯᠠᠨ ᠰᠣᠷᠭᠠᠭᠤᠯᠢ ᠳᠠᠭᠠᠨ ᠢᠷᠡᠨ᠎ᠡ᠃ | ᠰᠣᠷᠭᠠᠨ ᠬᠦᠮᠦᠵᠢᠯ ᠤᠨ ᠰᠠᠯᠠᠭ᠎ᠠ ᠮᠦᠴᠢᠷ᠂ ᠰᠣᠷᠭᠠᠭᠤᠯᠢ ᠪᠤᠯᠤᠨ ᠭᠡᠷ ᠤᠨ ᠠᠬᠠᠮᠠᠳ ᠤᠨ ᠬᠠᠮᠲᠤ ᠶᠢᠨ | ᠴᠢᠷᠮᠠᠶᠢᠯᠭ᠎ᠠ ᠪᠠᠷ ᠰᠣᠷᠣᠭᠴᠢᠳ ᠪᠠᠶᠠᠷ ᠬᠥᠷ ᠲᠠᠢ ᠪᠠᠷ ᠰᠣᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂ ᠰᠢᠨ᠎ᠡ | ᠰᠣᠷᠣᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ ᠢᠶᠠᠨ ᠤᠷᠤᠵᠠᠭᠠᠯᠠ᠃ |