ᠪᠦᠬᠦ ᠬᠤᠰᠢᠭᠤᠨ ᠤ ᠶᠠᠳᠠᠭᠤ ᠶᠢ ᠳᠡᠳᠬᠦᠨ  ᠨᠡᠭᠡᠭᠡᠨ ᠭᠦᠭᠵᠢᠬᠦᠯᠭᠦ ᠤᠳᠤᠷᠢᠳᠬᠤ ᠳᠤᠭᠤᠶᠢᠯᠠᠩ ᠤᠨ 2020 ᠤᠨ ᠤ  6 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-04
    ᠪᠦᠬᠦ ᠬᠤᠰᠢᠭᠤᠨ ᠤ ᠶᠠᠳᠠᠭᠤ ᠶᠢ ᠳᠡᠳᠬᠦᠨ  ᠨᠡᠭᠡᠭᠡᠨ ᠭᠦᠭᠵᠢᠬᠦᠯᠭᠦ ᠤᠳᠤᠷᠢᠳᠬᠤ ᠳᠤᠭᠤᠶᠢᠯᠠᠩ ᠤᠨ 2020 ᠤᠨ ᠤ  6 ᠳ᠋ᠤᠭᠠᠷ ᠤᠳᠠᠭᠠᠨ ᠤ ᠬᠤᠷᠠᠯ ᠬᠤᠷᠠᠯᠳᠤᠪᠠ                                                       6 ᠰᠠᠷ᠎ᠠ ᠶᠢᠨ 1᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠶ ᠶᠦᠩ ᠴᠦᠨ ᠪᠦᠬᠦ ᠬᠤᠰᠢᠭᠤᠨ ᠤ ᠶᠠᠳᠠᠭᠤ ᠶᠢ ᠳᠡᠳᠬᠦᠨ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2020 ᠤᠨ ᠤ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠰᠡᠴᠡᠨᠭᠡᠷᠡᠯ᠂ ᠡᠤ ᠵᠤ᠋᠂ ᠵᠠᠩ ᠯᠢ ᠭᠦᠸᠧ᠂ ᠬᠠᠶ ᠱᠠᠨ᠂  ᠡᠤ ᡁᠢ ᠴᠢᠶᠠᠩ᠂  ᠮᠠᠰᠢᠪᠠᠭᠠᠲᠤᠷ᠂ ᠯᠢ ᠰᠢᠤᠸᠠᠢ ᠶᠢᠩ᠂ ᠪᠤᠯᠤᠳ᠂ ᠳᠠᠯᠠᠩᠭᠤᠷᠪᠠ ᠵᠢᠴᠢ ᠬᠤᠰᠢᠭᠤᠨ ᠤ ᠶᠠᠳᠠᠭᠤ ᠶᠢ ᠳᠡᠳᠬᠦᠨ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠳᠠᠷᠤᠭ᠎ᠠ᠂ ᠶᠠᠳᠠᠭᠤ ᠶᠢ ᠳᠡᠳᠬᠦᠨ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ  ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ 6 ᠰᠠᠷ᠎ᠠ ᠶᠢᠨ 1᠎ ᠤ ᠦᠳᠡ ᠶᠢᠨ ᠡᠮᠦᠨ᠎ᠡ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠴᠡᠭᠴᠡᠯᠡᠨ ᠰᠠᠶᠢᠵᠢᠷᠠᠭᠤᠯᠵᠤ  ᠨᠠᠶᠢᠳᠠᠪᠤᠷᠢᠵᠢᠭᠤᠯᠬᠤ  ᠲᠧᠯᠸᠢᠰ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠨ ᠲᠤᠤᠱᠠᠯᠠᠭᠤᠯᠵᠤ᠂ ᠮᠠᠨ ᠤ ᠬᠤᠰᠢᠭᠤᠨ ᠤ  ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠭᠤᠤᠯᠳᠠᠯᠭ᠎ᠠ ᠲᠠᠢ ᠠᠵᠢᠯ ᠳᠤ  ᠪᠤᠳᠠᠳᠠᠢ ᠪᠠᠶᠢᠷᠢᠯᠠᠭᠤᠯᠤᠯᠲᠠ ᠬᠢᠪᠡ᠃         ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠠᠨ ᠤ  ᠱᠦᠵᠢ ᠪᠠᠢ ᠶᠥᠩ ᠴᠦᠨ ᠠᠴᠠ ︽ᠰᠢ ᠶᠢᠨ ᠫᠢᠩ ᠶᠡᠷᠥᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ  ︾᠎ ᠶᠢ ᠤᠯᠠᠮᠵᠢᠯᠠᠨ ᠳᠠᠮᠵᠢᠭᠤᠯᠵᠠᠢ᠃        ᠪᠠᠢ ᠶᠥᠩ ᠴᠦᠨ ᠴᠢᠬᠤᠯᠠᠴᠢᠯᠠᠬᠤ ᠳᠠᠭᠠᠨ᠂ ᠬᠠᠷᠢᠭᠤᠴᠠᠯᠭ᠎ᠠ ᠡᠭᠦᠷᠭᠡᠯᠡᠯ  ᠪᠤᠯᠤᠨ ᠰᠤᠷᠤᠯᠴᠠᠯᠭ᠎ᠠ  ᠎ ᠪᠠᠨ  ᠴᠢᠨᠠᠭᠰᠢᠳᠠ ᠴᠢᠩᠭᠠᠳᠬᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ  ᠰᠤᠷᠤᠯᠴᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠮᠡᠳᠡᠯᠭᠡ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠰᠤᠷᠤᠯᠴᠠᠨ ᠡᠵᠡᠮᠰᠢᠵᠦ᠂ ᠤᠨᠤᠯ ᠤᠨ ᠰᠤᠷᠤᠯᠴᠠᠯᠭ᠎ᠠ ᠪᠠᠷ ᠦᠢᠯᠡᠳᠦᠯᠭᠡ ᠶᠢ ᠵᠢᠯᠤᠭᠤᠳᠴᠤ᠂ ᠡᠯ᠎ᠡ ᠰᠤᠮᠤ ᠪᠠᠯᠭᠠᠰᠤ ᠂ ᠡᠯ᠎ᠡ ᠰᠠᠯᠠᠭ᠎ᠠ ᠮᠦᠴᠢᠷ ᠨᠢ ᠦᠷᠭᠦᠯᠵᠢᠯᠡᠨ ᠴᠢᠷᠮᠠᠶᠢᠨ ᠠᠵᠢᠯᠯᠠᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂  ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠪᠦᠬᠦ ᠬᠦᠴᠦ ᠪᠠᠷ ᠠᠬᠢᠭᠤᠯᠬᠤ ᠬᠡᠷᠡᠭᠲᠡᠢ᠃  ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ  ᠦᠷ᠎ᠡ ᠪᠦᠲᠦᠮᠵᠢ ᠶᠢ ᠬᠢᠨᠠᠨ ᠰᠢᠯᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠧᠯᠸᠢᠰ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠦᠴᠦᠨ ᠢᠶᠠᠨ ᠲᠥᠪᠯᠡᠷᠡᠭᠦᠯᠦᠨ᠂ ᠪᠡᠷᠬᠡ  ᠠᠰᠠᠭᠤᠳᠠᠯ  ᠢ ᠰᠢᠶᠳᠪᠦᠷᠢᠯᠡᠵᠦ᠂ ᠴᠡᠭᠴᠡᠯᠡ ᠵᠠᠰᠠᠬᠤ ᠡᠭᠦᠷᠭᠡ ᠶᠢ ᠴᠠᠭ ᠲᠤᠬᠠᠶ ᠳᠤᠨᠢ ᠰᠢᠳᠪᠤᠷᠢᠯᠡᠬᠦ ᠶᠢᠨ ᠬᠠᠮᠲᠤ ᠳ᠋ᠦᠩᠨᠡᠨ ᠡᠮᠬᠢᠯᠡᠵᠦ᠂ ᠠᠳᠠᠯᠢ ᠲᠦᠷᠦᠯ ᠤᠨ ᠠᠰᠠᠭᠤᠳᠠᠯ ᠳᠠᠬᠢᠨ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠶᠠᠳᠠᠭᠤ ᠬᠦᠴᠢᠷᠳᠡᠯᠲᠡᠶ ᠭᠠᠴᠠᠭ᠎ᠠ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠥᠷᠭᠦᠯᠵᠢᠯᠡᠨ ᠠᠩᠬᠠᠷᠤᠯ ᠲᠠᠯᠪᠢᠨ᠂  ᠪᠠᠶᠢᠳᠠᠯ ᠢ ᠨᠢ ᠭᠦᠢᠴᠡᠳ ᠤᠶᠢᠯᠠᠭᠠᠭᠰᠠᠨ  ᠰᠠᠭᠤᠷᠢᠨ ᠳᠤ᠂ ᠤᠰᠤ ᠤᠮᠳᠠ ᠪᠠ ᠣᠷᠣᠨ ᠰᠠᠭᠤᠴᠠ ᠳᠤ ᠬᠦᠴᠦᠲᠡᠶ ᠪᠠᠲᠤᠯᠠᠭ᠎ᠠ ᠬᠠᠩᠭᠠᠬᠤ ᠶᠢᠨ ᠬᠠᠮᠲᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠤᠳᠠᠭᠠᠨ ᠴᠢᠨᠠᠷᠲᠠᠢ ᠡᠪᠡᠳᠴᠢᠲᠡᠨ ᠳᠤ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡ ᠬᠠᠩᠭᠠᠬᠤ ᠬᠡᠷᠡᠭᠳᠠᠢ᠂ ᠡᠭᠦᠨ ᠤ ᠬᠠᠮᠲᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠪᠠ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ  ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ ᠣᠷᠣᠵᠤ  ᠬᠦᠯᠦᠰᠦᠨ ᠠᠵᠢᠯ ᠬᠢᠵᠦ ᠪᠠᠶᠢᠭ᠎ᠠ  ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ  ᠠᠵᠢᠯ ᠤᠯᠭᠤᠯᠲᠠ ᠶᠢᠨ ᠲᠣᠭᠲᠠᠪᠤᠷᠢᠲᠤ ᠴᠢᠨᠠᠷ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠰᠡᠨ ᠪᠠᠶᠢᠨ᠎ᠠ᠃    ᠬᠤᠷᠠᠯ ᠠᠴᠠ ᠪᠠᠰᠠ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠢ  ᠥᠷᠨᠢᠭᠦᠯᠦᠭᠰᠡᠨ  ᠪᠠᠶᠢᠳᠠᠯ ᠢ  ᠵᠠᠷᠯᠠᠨ ᠨᠡᠶᠢᠲᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号