ᠡᠯ᠎ᠡ ᠪᠠᠭ᠎ᠠ ᠰᠣᠷᠭᠠᠭᠤᠯᠢ ᠶᠢᠨ ᠨᠢᠭᠡ᠂ ᠬᠤᠶᠠᠷ᠂  ᠭᠤᠷᠪᠠᠳᠤᠭᠠᠷ ᠤᠨ ᠤ ᠰᠣᠷᠣᠭᠴᠢᠳ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2020-06-04
    ᠡᠯ᠎ᠡ ᠪᠠᠭ᠎ᠠ ᠰᠣᠷᠭᠠᠭᠤᠯᠢ ᠶᠢᠨ ᠨᠢᠭᠡ  ᠂ ᠬᠤᠶᠠᠷ᠂  ᠭᠤᠷᠪᠠᠳᠤᠭᠠᠷ ᠤᠨ ᠤ ᠰᠣᠷᠣᠭᠴᠢᠳ ᠬᠢᠴᠢᠶᠡᠯ ᠡᠬᠢᠯᠡᠯ᠎ᠡ                       ᠰᠢᠯᠢ ᠶᠢᠨ ᠭᠤᠣᠯ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠥᠪ ᠤᠨ ᠰᠣᠷᠭᠠᠭᠤᠯᠢ ᠡᠬᠢᠯᠡᠬᠦ ᠲᠤᠬᠠᠢ ᠮᠡᠳᠡᠭᠳᠡᠯ ᠵᠢᠴᠢ ᠬᠤᠰᠢᠭᠤ ᠰᠣᠷᠭᠠᠨ ᠬᠦᠮᠦᠵᠢᠯ ᠤᠨ ᠲᠤᠪᠴᠢᠶᠠᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ 6 ᠰᠠᠷ᠎ᠠ ᠶᠢᠨ 2 ᠤ ᠡᠳᠦᠷ ᠬᠤᠰᠢᠭᠤᠨ ᠤ ᠡᠯ᠎ᠡ ᠪᠠᠭ᠎ᠠ ᠰᠣᠷᠭᠠᠭᠤᠯᠢ ᠶᠢᠨ ᠨᠢᠭᠡ᠂ ᠬᠤᠶᠠᠷ᠂ ᠭᠤᠷᠪᠠᠳᠤᠭᠠᠷ ᠤᠨ ᠤ ᠰᠣᠷᠣᠭᠴᠢᠳ ᠬᠢᠴᠢᠶᠡᠯ ᠡᠬᠢᠯᠡᠵᠤ᠂ ᠲᠤᠤᠷ᠎ᠠ ᠤᠨ ᠤ ᠪᠠᠭᠠᠴᠣᠳ ᠬᠡᠣᠬᠡᠳ ᠬᠥᠷ ᠬᠥᠭᠵᠢᠶᠡᠨ ᠪᠢᠯᠬᠠᠭᠰᠠᠨ ᠰᠣᠷᠭᠠᠭᠤᠯᠢ ᠶᠢᠨ ᠬᠦᠷᠢᠶᠡᠨ ᠳᠡᠭᠡᠨ  ᠪᠤᠴᠠᠯ᠎ᠠ᠃
      ᠤᠶᠢᠯᠠᠭᠠᠭᠰᠠᠨ ᠢᠶᠠᠷ᠂ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠨᠢᠭᠡ ᠠᠴᠠ ᠭᠤᠷᠪᠠ ᠤᠨ ᠳᠤ ᠨᠡᠶᠢᠲᠡ 612 ᠰᠣᠷᠣᠭᠴᠢ ᠲᠠᠢ ᠪᠠᠶᠢᠵᠤ᠂ ᠡᠳᠡᠭᠡᠷ ᠰᠣᠷᠣᠭᠴᠢᠳ ᠤᠨ᠂ ᠠᠩᠭᠢ ᠬᠤᠪᠢᠶᠠᠨ ᠴᠠᠭ ᠵᠦᠷᠢᠭᠦᠯᠦᠨ ᠰᠣᠷᠭᠠᠭᠤᠯᠢ ᠳᠠᠭᠠᠨ ᠢᠷᠡᠵᠦ ᠨᠡᠷ᠎ᠡ ᠮᠡᠳᠡᠭᠦᠯᠦᠨ ᠬᠢᠴᠢᠶᠡᠯ ᠡᠬᠢᠯᠡᠵᠦ᠂ ᠰᠣᠷᠭᠠᠭᠤᠯᠢ ᠡᠬᠢᠯᠡᠬᠦ ᠠᠵᠢᠯ ᠡᠮᠬᠢ ᠴᠡᠭᠴᠡ  ᠲᠠᠢ᠂ ᠠᠯᠬᠤᠮ ᠳᠠᠷᠠᠭ᠎ᠠ ᠲᠠᠢ ᠶᠠᠪᠤᠭᠳᠠᠵᠠᠢ᠃ ᠰᠣᠷᠭᠠᠭᠤᠯᠢ ᠶᠢᠨ ᠡᠭᠦᠳᠡᠨ ᠳᠤ ᠨᠢᠭᠡ᠂ ᠬᠤᠶᠠᠷ᠂ ᠭᠤᠷᠪᠠᠳᠤᠭᠠᠷ ᠤᠨ ᠤ ᠰᠣᠷᠣᠭᠴᠢᠳ ᠪᠦᠭᠦᠳᠡᠭᠡᠷ ᠠᠮᠠᠪᠴᠢ ᠵᠡᠭᠦᠵᠦ᠂ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ ᠬᠤᠭᠤᠷᠤᠨᠳᠤ ᠪᠠᠨ ᠵᠣᠬᠢᠬᠤ ᠵᠠᠢ ᠲᠠᠢ ᠮᠦᠷᠯᠡᠨ ᠨᠢᠭᠡ ᠨᠢᠭᠡ ᠪᠠᠷ ᠳᠡᠰ ᠳᠠᠷᠠᠭ᠎ᠠ ᠲᠠᠢ ᠪᠡᠶ᠎ᠡ ᠶᠢᠨ ᠲᠤᠯᠠᠭᠠᠨ ᠢᠶᠠᠨ ᠬᠡᠮᠵᠢᠬᠦᠯᠵᠤ᠂ ᠰᠣᠷᠭᠠᠭᠤᠯᠢ ᠶᠢᠨ ᠬᠦᠷᠢᠶᠡᠨ ᠳᠡᠭᠡᠨ ᠤᠷᠤᠵᠠᠭᠠᠵᠤ ᠪᠠᠶᠢᠯ᠎ᠠ᠃ ᠭᠤᠷᠪᠠ ᠶᠢᠨ ᠳᠥᠷᠪᠡ ᠠᠩᠭᠢ ᠶᠢᠨ ᠠᠩᠭᠢ ᠶᠢᠨ ᠡᠷᠬᠢᠯᠡᠭᠴᠢ ᠬᠠᠰ ᠪᠠᠭᠰᠢ ᠠᠩᠭᠢ ᠶᠢᠨ ᠰᠣᠷᠣᠭᠴᠢᠳ ᠲᠠᠢ ᠪᠠᠨ ᠰᠣᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢᠶᠠᠨ ᠤᠷᠤᠵᠤ᠂ ᠰᠣᠷᠣᠭᠴᠢᠳ ᠲᠠᠭᠠᠨ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠥᠷᠪᠢᠰᠦᠯ ᠤᠨ ᠤᠬᠠᠭᠳᠠᠬᠤᠨ᠂ ᠰᠡᠷᠭᠡᠶᠢᠯᠡᠬᠦ ᠮᠡᠳᠡᠯᠭᠡ ᠵᠢᠴᠢ ᠰᠣᠷᠭᠠᠭᠤᠯᠢ ᠶᠢᠨ ᠬᠥᠷᠢᠶᠡᠨ ᠤ ᠠᠮᠤᠷ ᠳᠦᠪᠰᠢᠨ ᠤ ᠲᠠᠯ᠎ᠠ ᠪᠠᠷ ᠬᠢ ᠠᠩᠬᠠᠷᠬᠤ ᠵᠤᠬᠢᠰᠲᠠᠢ ᠵᠦᠢᠯᠡᠰ ᠢ ᠲᠠᠶᠢᠯᠪᠤᠷᠢᠯᠠᠨ ᠶᠠᠷᠢᠪᠠ᠃
         ᠨᠢᠭᠡᠳᠦᠭᠡᠷ ᠪᠠᠭ᠎ᠠ ᠰᠣᠷᠭᠠᠭᠤᠯᠢ ᠶᠢᠨ ᠭᠤᠷᠪᠠ ᠶᠢᠨ ᠳᠥᠷᠪᠡ ᠠᠩᠭᠢ ᠶᠢᠨ ᠠᠩᠭᠢ ᠶᠢᠨ ᠡᠷᠬᠢᠯᠡᠭᠴᠢ ᠬᠠᠰ᠄ ︽ᠬᠢᠴᠢᠶᠡᠯ ᠡᠬᠢᠯᠡᠬᠦ ᠠᠴᠠ ᠡᠮᠦᠨ᠎ᠡ ᠮᠠᠨ ᠤ ᠰᠣᠷᠭᠠᠭᠤᠯᠢ ᠶᠢᠨ ᠠᠩᠭᠢ ᠶᠢᠨ ᠡᠷᠬᠢᠯᠡᠭᠴᠢ ᠪᠠᠭᠰᠢ ᠨᠠᠷ ᠠᠩᠭᠢ ᠶᠢᠨ ᠭᠡᠷ ᠪᠤᠯᠤᠨ ᠤᠷᠴᠢᠨ ᠲᠤᠭᠤᠷᠢᠨ ᠤ ᠠᠷᠢᠭᠤᠳᠬᠠᠯ ᠤᠨ ᠠᠵᠢᠯ ᠢ ᠰᠠᠶᠢᠲᠤᠷ ᠬᠢᠵᠦ᠂ ᠰᠣᠷᠭᠠᠭᠤᠯᠢ ᠶᠢᠨ ᠡᠮᠴᠢ ᠶᠢᠨ ᠲᠡᠨᠳᠡ ᠠᠴᠠ ᠪᠠᠰᠠ ᠰᠡᠷᠭᠡᠶᠢᠯᠡᠯᠲᠡ ᠶᠢᠨ ᠡᠳ᠋ ᠪᠤᠳᠠᠰ ᠢ ᠬᠤᠪᠢᠶᠠᠨ ᠠᠪᠴᠠᠢ᠃ ᠠᠮᠠᠷᠠᠯᠲᠠ ᠶᠢᠨ ᠬᠤᠭᠤᠴᠠᠭᠠᠨ ᠳᠤ ᠪᠠᠭᠰᠢ ᠨᠠᠷ ᠰᠦᠯᠵᠢᠶ᠎ᠡ ᠪᠠᠷ ᠳᠠᠮᠵᠢᠨ ᠰᠣᠷᠤᠭᠴᠢᠳ ᠲᠤ ᠬᠢᠵᠢᠭ ᠢ ᠰᠡᠷᠭᠡᠶᠢᠯᠡᠬᠦ  ᠲᠤᠬᠠᠢ ᠮᠡᠳᠡᠯᠭᠡ  ᠪᠤᠯᠤᠨ ᠠᠮᠤᠷ ᠳᠦᠪᠰᠢᠨ ᠤ ᠬᠦᠮᠦᠵᠢᠯ ᠢ ᠥᠷᠭᠦᠯᠵᠢ ᠬᠢᠳᠡᠭ᠃ ᠥᠨᠦᠳᠦᠷ ᠪᠢᠳᠡ ᠠᠩᠭᠢ ᠶᠢᠨ ᠰᠣᠷᠣᠭᠴᠢ ᠪᠠᠨ ᠤᠭᠳᠤᠨ ᠠᠪᠴᠦ᠂ ᠰᠣᠷᠭᠠᠭᠤᠯᠢ ᠶᠢᠨ ᠲᠤᠭᠲᠠᠭᠠᠯ ᠢᠶᠠᠷ ᠲᠤᠭᠲᠠᠭᠰᠠᠨ ᠵᠠᠮ ᠱᠤᠭᠤᠮ ᠢᠶᠠᠷ ᠠᠩᠭᠢ ᠶᠢᠨ ᠭᠡᠷ ᠲᠡᠭᠡᠨ ᠢᠷᠡᠵᠦ᠂  ᠠᠩᠬᠠᠨ ᠤ ᠬᠢᠴᠢᠶᠡᠯ ᠢᠶᠠᠨ ᠤᠷᠣᠯ᠎ᠠ︾ ᠭᠡᠯ᠎ᠡ᠃
      ᠠᠳᠠᠯᠢᠬᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠡᠭᠦᠳᠡᠨ ᠳᠤ ᠴᠦ  ᠠᠩᠭᠢ ᠶᠢᠨ ᠡᠷᠬᠢᠯᠡᠭᠴᠢ ᠪᠠᠭᠰᠢ ᠨᠠᠷ ᠠᠩᠭᠢ ᠶᠢᠨ ᠰᠣᠷᠣᠭᠴᠢᠳ ᠤᠨ ᠢᠶᠠᠨ ᠪᠡᠶ᠎ᠡ ᠶᠢᠨ ᠳᠤᠯᠠᠭᠠᠨ ᠢ ᠨᠢᠭᠡᠳ ᠨᠢᠭᠡ ᠪᠠᠷ ᠬᠡᠮᠵᠢᠨ᠂ ᠰᠣᠷᠣᠭᠴᠢ ᠶᠢᠨ ᠢᠶᠠᠨ ᠠᠮᠠᠷᠠᠯᠲᠠ ᠶᠢᠨ ᠬᠤᠭᠤᠴᠠᠭᠠᠨ ᠤ ᠡᠷᠡᠭᠦᠯ ᠮᠡᠨᠳᠦ ᠶᠢᠨ ᠺᠠᠷᠲ ᠪᠤᠯᠤᠨ ᠭᠡᠷ ᠤᠨ ᠠᠬᠠᠮᠠᠳ ᠤᠨ ᠡᠷᠡᠭᠦᠯ ᠮᠡᠨᠳᠦ ᠶᠢᠨ ᠺᠤᠲ᠂ ᠭᠠᠳᠠᠭᠰᠢ ᠠᠶᠠᠯᠠᠭᠰᠠᠨ ᠵᠠᠮ ᠱᠣᠭᠤᠮ ᠤᠨ ᠮᠦᠷᠳᠡᠯᠲᠡ ᠶᠢ ᠬᠢᠨᠠᠨ ᠪᠠᠶᠢᠴᠠᠭᠠᠵᠤ ᠪᠠᠶᠢᠯ᠎ᠠ᠃ ᠤᠶᠢᠯᠠᠭᠠᠭᠰᠠᠨ ᠢᠶᠠᠷ᠂ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠬᠤᠶᠠᠷ᠂ ᠭᠤᠷᠪᠠᠳᠤᠭᠠᠷ ᠤᠨ ᠤ ᠰᠣᠷᠣᠭᠴᠢᠳ ᠤᠨ ᠬᠤᠪᠢᠶᠠᠨ ᠥᠨᠦᠳᠦᠷ ᠦᠳᠡ ᠶᠢᠨ ᠡᠮᠦᠨ᠎ᠡ᠂ ᠦᠳᠡ ᠶᠢᠨ ᠬᠤᠶᠢᠨ᠎ᠠ ᠴᠠᠭ ᠵᠦᠷᠢᠭᠦᠯᠦᠨ ᠰᠣᠷᠭᠠᠭᠤᠯᠢ ᠡᠬᠢᠯᠡᠵᠦ᠂ ᠨᠢᠭᠡ ᠤᠨ ᠤ ᠰᠣᠷᠣᠭᠴᠢᠳ ᠮᠠᠷᠭᠠᠰᠢ ᠦᠳᠡ ᠶᠢᠨ ᠡᠮᠦᠨ᠎ᠡ ᠴᠠᠭ ᠠᠯᠤᠰᠯᠠᠨ ᠰᠣᠷᠭᠠᠭᠤᠯᠢ ᠳᠠᠭᠠᠨ ᠢᠷᠡᠨ᠎ᠡ᠃ ᠰᠣᠷᠭᠠᠨ ᠬᠦᠮᠦᠵᠢᠯ ᠤᠨ ᠰᠠᠯᠠᠭ᠎ᠠ ᠮᠦᠴᠢᠷ᠂ ᠰᠣᠷᠭᠠᠭᠤᠯᠢ ᠪᠤᠯᠤᠨ ᠭᠡᠷ ᠤᠨ ᠠᠬᠠᠮᠠᠳ ᠤᠨ ᠬᠠᠮᠲᠤ ᠶᠢᠨ ᠴᠢᠷᠮᠠᠶᠢᠯᠭ᠎ᠠ ᠪᠠᠷ ᠰᠣᠷᠣᠭᠴᠢᠳ ᠪᠠᠶᠠᠷ ᠬᠥᠷ ᠲᠠᠢ ᠪᠠᠷ ᠰᠣᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂  ᠰᠢᠨ᠎ᠡ ᠰᠣᠷᠣᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ ᠢᠶᠠᠨ ᠤᠷᠤᠵᠠᠭᠠᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号