ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ | ᠢᠳᠡᠪᠬᠢᠲᠡᠢ ᠪᠠᠷ ᠥᠷᠨᠢᠭᠦᠯᠵᠦ ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ ᠵᠣᠯ ᠵᠢᠷᠭᠠᠯᠲᠤ ᠲᠥᠷᠥᠭᠳᠡᠯ ᠪᠠ ᠠᠮᠤᠷ | ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ | | | ᠰᠤᠷᠪᠤᠯᠵᠢᠯᠠᠭᠰᠠᠨ ᠴᠠᠭ᠄ 2019 ᠣᠨ ᠤ 07 ᠳ᠋ᠤᠭᠠᠷ ᠰᠠᠷ᠎ᠠ ᠶᠢᠨ 29 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ | ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ | ᠤᠳᠠᠭᠠᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ | ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠤ ᠡᠨᠡ ᠬᠦ | ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ ᠯᠢ ᠲᠣᠪᠴᠢᠶᠠᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ ᠯᠢ ᠳ᠋ᠦᠩ ᠱᠧᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠶᠠᠭᠤᠨ ᠳᠤ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ | ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠲᠤᠬᠠᠢ ᠲᠠᠨᠢᠯᠴᠠᠭᠤᠯᠤᠭᠠᠳ | ᠥᠭᠭᠦᠨ᠎ᠡ ᠦᠦ︖ | ᠯᠢ ᠳ᠋ᠦᠩ ᠱᠧᠩ᠄ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠣᠢ᠂ ᠮᠥᠨ ᠴᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠤᠨ ᠬᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠨ ᠪᠡᠶᠡᠯᠡᠭᠦᠯᠦᠨ᠂ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ | ᠰᠢᠨ᠎ᠡ ᠬᠥᠭᠵᠢᠯᠲᠡ ᠶᠢ ᠪᠡᠶᠡᠯᠡᠭᠦᠯᠦᠭᠰᠡᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ | ᠮᠥᠨ︾ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠡᠨᠡ ᠵᠢᠯ ᠤᠨ ᠬᠤᠶᠠᠷ ᠬᠤᠷᠠᠯ ᠤᠨ | ᠬᠤᠭᠤᠴᠠᠭᠠᠨ ᠳᠤ ᠪᠠᠰᠠ ︽ᠪᠢᠳᠡ ᠠᠵᠤ ᠠᠬᠤᠢ ᠶᠢ ᠬᠥᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠵᠠᠷᠢᠮ ᠭᠤᠣᠯᠳᠠᠯᠭ᠎ᠠ ᠲᠠᠢ᠂ ᠬᠦᠴᠢᠷᠳᠡᠯ ᠲᠠᠢ ᠠᠰᠠᠭᠤᠳᠠᠯ ᠢ ᠠᠳᠬᠤᠵᠤ᠂ | ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠠᠷᠠᠳ | ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠲᠠᠯ᠎ᠠ ᠪᠠᠷ ᠮᠥᠨ ᠬᠦ ᠮᠠᠰᠢ ᠣᠯᠠᠨ ᠠᠰᠠᠭᠤᠳᠠᠯ ᠣᠷᠣᠰᠢᠵᠤ ᠪᠠᠶᠢᠨ᠎ᠠ | ᠃ ᠡᠨᠡ ᠬᠦ ᠪᠠᠶᠢᠳᠠᠯ ᠳᠣᠣᠷ᠎ᠠ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠳᠤ ᠪᠠᠨ ᠰᠠᠭᠤᠷᠢᠯᠠᠨ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠬᠤ ᠲᠠᠯ᠎ᠠ ᠪᠠᠷ ᠠᠩᠬᠠᠷᠤᠭᠤᠯᠤᠨ | ᠲᠥᠪᠯᠡᠷᠡᠭᠦᠯᠵᠦ᠂ ᠠᠮᠤᠷ ᠲᠦᠪᠰᠢᠨ ᠮᠥᠷᠲᠡᠭᠡᠨ ᠬᠠᠨᠤᠮᠵᠢᠲᠠᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ | ᠠᠷᠠᠳ ᠲᠦᠮᠡᠨ ᠤ ︽ᠢᠳᠡᠬᠦ︾ ᠳᠤ ᠰᠠᠨᠠᠭ᠎ᠠ ᠠᠮᠤᠷ᠂ ︽ᠡᠮᠦᠰᠬᠦ︾ ᠳᠤ ᠲᠣᠬᠢᠲᠠᠢ᠂ ︽ᠰᠠᠭᠤᠬᠤ︾ ᠳᠤ | ᠲᠠᠭᠠᠯᠠᠮᠵᠢᠲᠠᠢ᠂ ︽ᠶᠠᠪᠤᠬᠤ︾ ᠳᠤ ᠰᠡᠳᠬᠢᠯ ᠲᠡᠨᠢᠭᠦᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠮᠠᠨ ᠤ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ 4 ᠳ᠋ᠦ᠋ᠭᠡᠷ | ᠰᠠᠷ᠎ᠠ ᠶᠢᠨ 30 ᠤ ᠡᠳᠦᠷ ᠠᠴᠠ ᠡᠬᠢᠯᠡᠨ 12 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ 7 ᠰᠠᠷ᠎ᠠ ᠶᠢᠨ ᠬᠤᠭᠤᠴᠠᠭ᠎ᠠ | ᠬᠡᠷᠡᠭᠰᠡᠵᠦ᠂ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠡ ᠴᠠᠷᠠᠭᠠᠨ ᠤ ᠲᠤᠰᠬᠠᠢ | ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠪᠣᠢ᠃ | ᠬᠥᠲᠥᠯᠥᠭᠴᠢ᠄ ᠲᠤᠰ ᠤᠳᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠭᠤᠣᠯᠳᠠᠯᠭ᠎ᠠ ᠲᠠᠢ | ᠠᠭᠤᠯᠭ᠎ᠠ ᠨᠢ ᠶᠠᠭᠤ ᠪᠣᠢ︖ | ᠯᠢ ᠳ᠋ᠦᠩ ᠱᠧᠩ᠄ ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭ᠎ᠠ ᠶᠢᠨ ᠬᠤᠯᠪᠣᠭᠳᠠᠬᠤ ᠬᠡᠪᠴᠢᠶ᠎ᠡ ᠨᠢ ᠮᠠᠰᠢ | ᠥᠷᠭᠡᠨ ᠪᠠᠶᠢᠵᠤ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠤ ᠪᠠᠨ | ᠰᠠᠭᠤᠷᠢᠯᠠᠬᠤ ᠶᠢ ᠪᠠᠷᠢᠮᠲᠠᠯᠠᠨ᠂ ᠬᠤᠯᠪᠣᠭᠳᠠᠬᠤ ᠪᠦᠲᠦᠭᠡᠭᠳᠡᠬᠦᠨ ᠤ ᠶᠠᠰᠤ ᠴᠢᠨᠠᠷ᠂ ᠬᠡᠮ ᠬᠡᠮᠵᠢᠶ᠎ᠡ᠂ ᠦᠨ᠎ᠡ ᠬᠠᠩᠰᠢ᠂ ᠵᠠᠷ | ᠮᠡᠳᠡᠭᠡ᠂ ᠲᠠᠸᠠᠷ ᠤᠨ ᠲᠡᠮᠳᠡᠭ ᠵᠡᠷᠭᠡ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠤᠰᠬᠠᠢ | ᠵᠦᠢᠯ ᠤᠨ ᠴᠡᠭᠴᠡᠯᠡᠨ ᠵᠠᠰᠠᠬᠤ ᠠᠵᠢᠯ ᠤᠨ ᠶᠠᠪᠤᠴᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠨᠡᠶᠢᠳᠡᠮ ᠳᠤ ᠨᠢ ᠲᠤᠭᠤᠰᠢᠯᠠᠭᠤᠯᠵᠤ᠂ | ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠨᠣᠷᠮ᠎ᠠ ᠨᠢ ᠥᠨᠳᠥᠷ᠂ ᠵᠠᠭᠤᠴᠢᠯᠠᠭᠤᠷ ᠤᠨ ᠢᠯᠡᠴᠢᠯᠡᠨ | ᠮᠡᠳᠡᠭᠡᠯᠡᠭᠰᠡᠨ ᠨᠢ ᠣᠯᠠᠨ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠢᠶᠠᠷ ᠣᠯᠠᠨ᠂ ᠠᠷᠠᠳ ᠲᠦᠮᠡᠨ ᠤ ᠲᠤᠰᠬᠠᠯ ᠴᠢᠩᠭ᠎ᠠ | ᠠᠰᠠᠭᠤᠳᠠᠯ ᠢ ᠲᠣᠪᠤᠶᠢᠯᠭᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠥᠭᠡᠳ | ᠴᠢᠩᠭ᠎ᠠ ᠪᠠᠶᠢᠴᠠᠭᠠᠨ ᠰᠢᠢᠳᠬᠡᠨ᠎ᠡ᠃ ᠪᠣᠳᠠᠲᠠᠢ ᠪᠠᠷ ᠳᠣᠣᠷᠠᠬᠢ ᠳᠥᠷᠪᠡᠨ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ | ᠥᠷᠨᠢᠭᠦᠯᠦᠨ᠎ᠡ᠄ ︵ᠨᠢᠭᠡ︶ ᠰᠦ ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠤᠲᠠ | ᠬᠥᠳᠡᠭᠡ ᠶᠢᠨ ᠠᠭᠤᠯᠵᠠᠷ ᠤᠨ ᠬᠡᠰᠡᠭ᠂ ᠰᠤᠮᠤ ᠰᠢᠶᠠᠩ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠵᠠᠬ᠎ᠠ | ᠳᠡᠯᠭᠡᠭᠦᠷ ᠢᠶᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠵᠤ᠂ ᠰᠦ ᠮᠢᠬᠠᠨ ᠤ ᠪᠦᠲᠦᠭᠡᠭᠳᠡᠬᠦᠨ ᠤ ᠠᠵᠤ ᠠᠬᠤᠶᠢᠯᠠᠯ ᠤᠨ | ᠲᠦᠭᠦᠬᠡᠢ ᠮᠠᠲ᠋ᠧᠷᠢᠶᠠᠯ ᠬᠤᠳᠠᠯᠳᠤᠨ ᠠᠪᠤᠭᠰᠠᠨ ᠢ ᠰᠢᠯᠭᠠᠨ ᠨᠤᠲᠠᠯᠠᠬᠤ᠂ ᠭᠡᠷᠡᠴᠢ ᠪᠠᠷᠢᠮᠲᠠ ᠠᠪᠤᠭᠰᠠᠨ ᠪᠠ | ᠦᠢᠯᠡᠳᠪᠦᠷᠢ ᠶᠢᠨ ᠲᠠᠰᠤᠭ ᠠᠴᠠ ᠭᠠᠷᠭᠠᠭᠰᠠᠨ ᠢ ᠰᠢᠯᠭᠠᠨ ᠪᠠᠶᠢᠴᠠᠭᠠᠵᠤ ᠡᠵᠡᠮᠳᠡᠭᠰᠡᠨ ᠢᠶᠠᠷ ᠴᠢᠩᠭ᠎ᠠ ᠪᠤᠰᠤ᠂ ᠮᠠᠯ ᠤᠨ | ᠡᠮ ᠤᠨ ᠦᠯᠡᠳᠡᠭᠳᠡᠯ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ᠂ ᠮᠠᠭᠤ ᠪᠦᠲᠦᠭᠡᠭᠳᠡᠬᠦᠨ ᠢᠶᠠᠷ ᠰᠠᠶᠢᠨ ᠪᠦᠲᠦᠭᠡᠭᠳᠡᠬᠦᠨ ᠢ | ᠣᠷᠣᠯᠠᠭᠤᠯᠤᠭᠰᠠᠨ ᠵᠡᠷᠭᠡ ᠲᠣᠪᠤᠶᠢᠮ᠎ᠠ ᠠᠰᠠᠭᠤᠳᠠᠯ ᠢ ᠲᠣᠪᠤᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠦ ᠮᠢᠬᠠᠨ ᠤ | ᠪᠦᠲᠦᠭᠡᠭᠳᠡᠬᠦᠨ᠂ ᠤᠷᠭᠤᠮᠠᠯ ᠤᠨ ᠲᠣᠰᠣ ᠶᠢ ᠢᠳᠡᠵᠦ ᠬᠡᠷᠡᠭᠯᠡᠭᠰᠡᠨ᠂ ᠤᠮᠳᠠᠭᠠᠨ᠂ ᠬᠠᠷ᠎ᠠ ᠠᠷᠢᠬᠢ᠂ ᠪᠣᠭᠤᠷᠰᠤᠭ᠂ | ᠳᠥᠭᠦᠮ ᠢᠳᠡᠭᠡᠨ ᠵᠡᠷᠭᠡ ᠬᠠᠭᠤᠷᠮᠠᠭ ᠮᠠᠭᠤ ᠢᠳᠡᠭᠡᠨ ᠢ ᠦᠢᠯᠡᠳᠦᠨ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ᠃ ︵ᠬᠤᠶᠠᠷ︶ ᠬᠡᠦᠬᠡᠳ ᠤᠨ ᠬᠤᠪᠴᠠᠰᠤ᠂ | ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠠ ᠳᠡᠭᠡᠳᠦ | ᠵᠡᠷᠭᠡ ᠶᠢᠨ ᠰᠤᠷᠭᠠᠭᠤᠯᠢ ᠵᠢᠴᠢ ᠡᠷᠭᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠬᠤᠲᠠ ᠬᠥᠳᠡᠭᠡ ᠶᠢᠨ ᠪᠥᠭᠡᠮ ᠢᠶᠠᠷ | ᠪᠣᠷᠣᠯᠠᠭᠤᠯᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠲᠤᠰᠬᠠᠢ | ᠬᠤᠳᠠᠯᠳᠤᠭᠠᠨ ᠤ ᠳᠡᠯᠭᠡᠭᠦᠷ ᠪᠠ ᠬᠡᠳᠦ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠨ᠂ | ᠰᠤᠷᠭᠠᠭᠤᠯᠢ ᠶᠢᠨ ᠬᠤᠪᠴᠠᠰᠤ᠂ ᠬᠡᠦᠬᠡᠳ ᠤᠨ ᠬᠤᠪᠴᠠᠰᠤ ᠪᠠ ᠰᠤᠷᠤᠭᠴᠢᠳ ᠤᠨ ᠬᠥᠪᠥᠩ ᠤᠨ ᠪᠦᠲᠦᠭᠡᠭᠳᠡᠬᠦᠨ ᠢ | ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠱᠣᠰᠢᠭ᠎ᠠ ᠲᠡᠮᠳᠡᠭ ᠨᠢ | ᠵᠢᠷᠤᠮᠵᠢᠯ ᠦᠭᠡᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ | ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠦᠨᠡᠮᠯᠡᠯ ᠦᠭᠡᠢ ᠪᠠᠷ ᠡᠵᠡᠩᠨᠡᠭᠰᠡᠨ᠂ ᠬᠤᠳᠠᠯᠳᠤᠭᠠᠨ ᠤ | ᠲᠡᠮᠳᠡᠭ ᠨᠢ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠷ | ᠮᠡᠳᠡᠭᠡ ᠪᠠ ᠭᠤᠣᠯᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ | ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ | ᠪᠣᠷᠣᠯᠠᠭᠤᠯᠭ᠎ᠠ ᠶᠢᠨ ᠬᠦᠷᠢᠶ᠎ᠡ ᠴᠠᠷᠠᠭᠠᠨ ᠳᠤ ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ᠂ ᠡᠷᠬᠡ ᠲᠡᠭᠰᠢ ᠪᠤᠰᠤ ᠬᠡᠪ | ᠬᠡᠯᠪᠡᠷᠢ ᠶᠢᠨ ᠭᠡᠷ᠎ᠡ ᠶᠢ ᠲᠣᠭᠲᠠᠭᠠᠬᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠬᠤ ᠵᠡᠷᠭᠡ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ︔ ᠪᠠᠷᠢᠯᠭ᠎ᠠ ᠳᠤ | ᠬᠡᠷᠡᠭᠯᠡᠬᠦ ᠰᠢᠷᠪᠦᠰᠦ ᠪᠣᠯᠣᠳ᠂ ᠱᠦᠢᠨᠢ᠂ ᠴᠠᠬᠢᠯᠭᠠᠨ ᠤᠲᠠᠰᠤ᠂ ᠤᠰᠤ ᠶᠢ ᠰᠡᠷᠭᠡᠶᠢᠯᠡᠬᠦ ᠣᠷᠢᠶᠠᠮᠠᠭ ᠮᠠᠲ᠋ᠧᠷᠢᠶᠠᠯ᠂ | ᠱᠦᠢᠨᠢ ᠪᠠᠷ ᠪᠠᠷᠢᠭᠰᠠᠨ ᠤᠰᠤ ᠳᠠᠮᠵᠢᠭᠤᠯᠬᠤ ᠬᠤᠭᠤᠯᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ | ᠰᠡᠷᠭᠡᠶᠢᠯᠡᠯᠲᠡ ᠶᠢᠨ ᠲᠥᠬᠦᠭᠡᠷᠦᠮᠵᠢ ᠵᠢᠴᠢ ᠭᠡᠷ ᠤᠨ ᠬᠡᠷᠡᠭᠰᠡᠯ᠂ ᠵᠠᠰᠠᠨ ᠴᠢᠮᠡᠭᠯᠡᠬᠦ ᠮᠠᠲ᠋ᠧᠷᠢᠶᠠᠯ᠂ ᠰᠢᠷ ᠪᠣᠳᠤᠭ ᠤᠨ | ᠮᠠᠲ᠋ᠧᠷᠢᠶᠠᠯ ᠤᠨ ᠦᠢᠯᠡᠳᠪᠦᠷᠢᠯᠡᠯ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠬᠦ | ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ ᠭᠡᠷᠡᠴᠢ ᠦᠭᠡᠢ ᠪᠠᠷ ᠦᠢᠯᠡᠳᠪᠦᠷᠢᠯᠡᠭᠰᠡᠨ᠂ | ᠦᠨᠡᠮᠯᠡᠯ ᠦᠭᠡᠢ ᠪᠠᠷ ᠡᠵᠡᠩᠨᠡᠭᠰᠡᠨ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ᠂ | ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠳᠥᠷᠪᠡ︶ ᠮᠠᠰᠢᠨ ᠲᠡᠷᠭᠡᠨ ᠤ ᠪᠣᠷᠣᠯᠠᠭᠤᠯᠵᠤ ᠰᠡᠯᠪᠢᠨ ᠵᠠᠰᠠᠬᠤ ᠵᠠᠬ᠎ᠠ | ᠳᠡᠯᠭᠡᠭᠦᠷ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠮᠠᠰᠢᠨ ᠲᠡᠷᠭᠡᠨ ᠤ 4S ᠳᠡᠯᠭᠡᠭᠦᠷ᠂ | ᠮᠠᠰᠢᠨ ᠲᠡᠷᠭᠡᠨ ᠤ ᠰᠡᠯᠪᠢᠨ ᠵᠠᠰᠠᠬᠤ ᠳᠡᠯᠭᠡᠭᠦᠷ ᠪᠠ ᠵᠢᠵᠢᠭ ᠲᠣᠨᠤᠭ ᠤᠨ ᠪᠣᠷᠣᠯᠠᠭᠤᠯᠬᠤ ᠬᠤᠳᠠᠯᠳᠤᠭ᠎ᠠ ᠶᠢ | ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠬᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠮᠠᠰᠢᠨ ᠲᠡᠷᠭᠡᠨ ᠤ ᠵᠢᠵᠢᠭ | ᠲᠣᠨᠤᠭ ᠢ ᠪᠣᠷᠣᠯᠠᠭᠤᠯᠤᠭᠰᠠᠨ ᠪᠠ ᠬᠡᠷᠡᠭᠯᠡᠭᠰᠡᠨ᠂ ᠠᠯᠪᠠᠳᠠᠯᠭ᠎ᠠ ᠪᠠᠷ ᠦᠨ᠎ᠡ ᠨᠡᠮᠡᠵᠦ ᠳᠠᠭᠠᠯᠳᠤᠭᠤᠯᠤᠨ ᠬᠤᠳᠠᠯᠳᠤᠭᠰᠠᠨ᠂ | ᠬᠡᠯᠪᠡᠷᠢᠵᠢᠭᠰᠡᠨ ᠭᠡᠷ᠎ᠡ ᠶᠢᠨ ︽ᠳᠡᠭᠡᠷᠡᠩᠭᠦᠢ ᠵᠤᠷᠪᠤᠰ︾᠂ ᠬᠡᠷᠡᠭᠯᠡᠭᠡ ᠶᠢᠨ ᠮᠡᠬᠡᠯᠡᠯ ᠳᠠᠷᠤᠯᠠᠯ᠂ ᠬᠤᠳᠠᠯᠳᠤᠭᠠᠨ ᠤ ᠬᠡᠭᠡᠯᠢ | ᠬᠠᠭ᠋ᠤᠤᠯᠢ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯᠳᠤᠭᠠᠨ ᠤ ᠲᠡᠮᠳᠡᠭ ᠤᠨ ᠡᠷᠬᠡ ᠳᠤ ᠬᠠᠯᠳᠠᠭᠰᠠᠨ᠂ | ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠶᠢ ᠵᠣᠷᠢᠭᠤᠳᠠ ᠤᠳᠠᠭᠠᠰᠢᠷᠠᠭᠤᠯᠬᠤ ᠪᠤᠶᠤ ᠶᠣᠰᠣ ᠪᠤᠰᠤ ᠪᠠᠷ ᠲᠡᠪᠴᠢᠭᠰᠡᠨ᠂ | ᠳᠠᠭᠠᠳᠬᠠᠯ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠵᠡᠷᠭᠡ | ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠮᠠᠰᠢᠨᠲᠤ ᠲᠡᠷᠭᠡ ᠰᠡᠯᠪᠢᠨ ᠵᠠᠰᠠᠬᠤ ᠲᠤᠰᠬᠠᠶᠢᠯᠠᠭᠰᠠᠨ ᠠᠵᠢᠯ ᠤᠨ | ᠡᠵᠡᠩᠨᠡᠭᠴᠢᠳ ᠤᠨ ᠦᠢᠯᠡᠳᠬᠦᠨ ᠤ ᠬᠢᠷᠢ ᠭᠡᠮ ᠤᠨ ᠭᠡᠷᠡᠴᠢ ᠦᠭᠡᠢ᠂ ᠦᠢᠯᠡᠳᠪᠦᠷᠢ ᠶᠢᠨ ᠨᠡᠷ᠎ᠡ ᠦᠭᠡᠢ᠂ | ᠦᠢᠯᠡᠳᠪᠦᠷᠢ ᠶᠢᠨ ᠬᠠᠶ᠋ᠢᠭ ᠦᠭᠡᠢ᠂ 3C ᠭᠠᠷᠴᠠᠭ ᠲᠤ ᠵᠢᠭᠰᠠᠭᠠᠭᠳᠠᠭᠰᠠᠨ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ | ᠨᠤᠲᠠᠯᠠᠯᠲᠠ ᠶᠢᠨ ᠭᠡᠷᠡᠴᠢ ᠦᠭᠡᠢ ᠵᠢᠵᠢᠭ ᠲᠣᠨᠤᠭ ᠪᠠ ᠬᠠᠭᠤᠷᠮᠠᠭ ᠮᠠᠭᠤ ᠲᠣᠨᠤᠭ ᠢ ᠬᠡᠷᠡᠭᠯᠡᠨ ᠮᠠᠰᠢᠨᠲᠤ ᠲᠡᠷᠭᠡ ᠶᠢ ᠰᠡᠯᠪᠢᠨ | ᠵᠠᠰᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠲᠥᠯᠥᠭᠴᠢ᠄ ᠣᠳᠣ ᠪᠣᠯᠲᠠᠯ᠎ᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠣᠬᠢᠶᠠᠨ ᠪᠠᠶᠢᠭᠤᠯᠤᠭᠰᠠᠨ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠨᠢ | ᠶᠠᠮᠠᠷ ᠪᠣᠢ︖ | ᠯᠢ ᠳ᠋ᠦᠩ ᠱᠧᠩ᠄ ᠣᠳᠣ ᠪᠣᠯᠲᠠᠯ᠎ᠠ᠂ 2 ᠰᠠᠷ᠎ᠠ ᠭᠠᠷᠤᠢ ᠶᠢᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠳᠤ᠂ | ᠪᠦᠬᠦ ᠣᠷᠣᠨ ᠳᠤ ᠬᠠᠤᠯᠢ ᠬᠡᠷᠡᠭᠵᠢᠭᠦᠯᠦᠭᠴᠢ ᠶᠢ ᠨᠡᠶᠢᠲᠡ 75625 ᠬᠥᠮᠥᠨ ᠤᠳᠠᠭ᠎ᠠ ᠳᠠᠶᠢᠴᠢᠯᠠᠨ ᠬᠥᠳᠡᠯᠭᠡᠵᠦ᠂ | ᠡᠵᠡᠩᠨᠡᠯᠲᠡ ᠶᠢᠨ ᠭᠤᠣᠯ ᠴᠣᠭᠴᠠ ᠳᠤ 39625 ᠤᠳᠠᠭ᠎ᠠ ᠪᠠᠶᠢᠴᠠᠭᠠᠯᠲᠠ ᠬᠢᠵᠦ᠂ 4 ᠬᠠᠷ᠎ᠠ ᠡᠭᠦᠷ ᠴᠡᠭ ᠢ ᠠᠷᠢᠯᠭᠠᠨ | ᠤᠰᠠᠳᠬᠠᠵᠤ᠂ 989 ᠬᠡᠷᠡᠭ ᠢ ᠬᠡᠷᠡᠭ ᠢᠶᠠᠷ ᠪᠠᠶᠢᠴᠠᠭᠠᠨ ᠰᠢᠢᠳᠪᠦᠷᠢᠯᠡᠵᠦ᠂ ᠲᠣᠮᠣ ᠴᠢᠬᠤᠯᠠ 2 ᠬᠡᠷᠡᠭ ᠢ ᠪᠠᠶᠢᠴᠠᠭᠠᠨ | ᠭᠦᠢᠴᠡᠳᠬᠡᠵᠦ᠂ 3 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠡᠷᠡᠭ ᠲᠤ | ᠬᠤᠯᠪᠣᠭᠳᠠᠭᠰᠠᠨ ᠦᠢᠯᠡᠳᠬᠦᠨ ᠤ ᠪᠠᠷᠠᠭᠠᠨ ᠤ ᠥᠷᠲᠡᠭ ᠨᠢ 4315.3885 ᠲᠦᠮᠡᠨ ᠲᠥᠭᠦᠷᠢᠭ᠂ ᠲᠣᠷᠭᠠᠵᠤ | ᠬᠤᠷᠢᠶᠠᠭᠰᠠᠨ ᠵᠣᠭᠤᠰ 617.6228 ᠲᠦᠮᠡᠨ ᠲᠥᠭᠦᠷᠢᠭ ᠲᠤ ᠬᠦᠷᠴᠦ᠂ ᠬᠠᠭᠤᠷᠮᠠᠭ ᠮᠠᠭᠤ ᠦᠢᠯᠡᠳᠬᠦᠨ ᠳᠤ | ᠴᠣᠬᠢᠯᠲᠠ ᠥᠭᠴᠦ ᠵᠠᠬ᠎ᠠ ᠳᠡᠯᠭᠡᠭᠦᠷ ᠢ ᠴᠡᠪᠡᠷᠰᠢᠭᠦᠯᠬᠦ ᠠᠵᠢᠯᠯᠠᠭ᠎ᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠢ᠃ | ᠬᠥᠲᠥᠯᠥᠭᠴᠢ᠄ ᠳᠠᠷᠠᠭᠠᠴᠢ ᠶᠢᠨ ᠠᠯᠬᠤᠮ ᠤᠨ ︽ᠳᠥᠷᠪᠡᠨ ᠶᠡᠭᠡ ᠬᠦᠷᠢᠶ᠎ᠡ ᠴᠠᠷᠠᠭ᠎ᠠ︾ ᠶᠢᠨ ᠲᠤᠰᠬᠠᠢ ᠵᠦᠢᠯ ᠤᠨ | ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠨᠢ ᠶᠠᠭᠤ ᠪᠣᠢ︖ ᠯᠢ ᠳ᠋ᠦᠩ ᠱᠧᠩ᠄ ᠳᠠᠷᠠᠭᠠᠴᠢ ᠶᠢᠨ ᠠᠯᠬᠤᠮ ᠳᠤ᠂ | ᠮᠠᠨ ᠤ ᠪᠦᠬᠦ ᠰᠢᠰᠲ᠋ᠧᠮ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ | ᠳᠡᠭᠡᠭᠰᠢᠯᠡᠭᠦᠯᠵᠦ᠂ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠵᠤ᠂ ᠵᠦᠢ ᠵᠣᠬᠢᠰᠲᠠᠢ ᠪᠠᠷ ᠪᠠᠶᠢᠷᠢᠯᠠᠭᠤᠯᠤᠨ ᠲᠣᠬᠢᠷᠠᠭᠤᠯᠵᠤ | ᠂ ᠡᠭᠦᠷᠭᠡ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠳᠡᠰ ᠳᠡᠰ ᠢᠶᠠᠷ | ᠪᠣᠳᠠᠲᠠᠶᠢᠵᠢᠭᠤᠯᠤᠨ ᠴᠢᠩᠭᠠᠳᠬᠠᠵᠤ᠂ ᠬᠠᠤᠯᠢ ᠬᠡᠷᠡᠭᠵᠢᠭᠦᠯᠦᠨ ᠬᠡᠷᠡᠭ ᠢ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠨ᠂ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠵᠠᠩᠭᠢᠯᠠᠭ᠎ᠠ ᠶᠢ ᠡᠵᠡᠮᠳᠡᠨ᠂ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠨᠢᠭᠡ ᠳᠤ᠂ ᠪᠦᠬᠦ ᠰᠢᠰᠲ᠋ᠧᠮ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠣᠢ ᠪᠣᠯᠭᠠᠨ᠎ᠠ᠃ ᠰᠢᠰᠲ᠋ᠧᠮ ᠤᠨ | ᠳᠣᠲᠣᠭᠠᠳᠤ ᠳᠤ ᠪᠠᠨ ᠬᠠᠤᠯᠢ ᠬᠡᠷᠡᠭᠵᠢᠭᠦᠯᠦᠨ ᠬᠡᠷᠡᠭ ᠢ ᠬᠠᠮᠵᠢᠯᠴᠠᠨ ᠪᠠᠶᠢᠴᠠᠭᠠᠵᠤ ᠮᠡᠳᠡᠭᠡᠯᠡᠨ ᠨᠡᠪᠲᠡᠷᠡᠭᠦᠯᠬᠦ ᠠᠵᠢᠯ ᠤᠨ | ᠲᠣᠭᠲᠠᠴᠠ ᠶᠢ ᠴᠢᠩᠭᠠᠳᠬᠠᠨ᠂ ᠬᠡᠷᠡᠭ ᠤᠨ ᠮᠡᠳᠡᠭᠡ ᠵᠠᠩᠭᠢ ᠶᠢ ᠰᠣᠯᠢᠯᠴᠠᠨ ᠰᠠᠭᠠᠳ ᠦᠭᠡᠢ ᠨᠡᠪᠲᠡᠷᠡᠭᠦᠯᠬᠦ ᠶᠢ | ᠭᠦᠢᠴᠡᠳᠬᠡᠵᠦ᠂ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠳᠤ ᠬᠠᠷᠢᠯᠴᠠᠨ ᠦᠢᠯᠡᠳᠦᠯᠴᠡᠨ ᠬᠠᠷᠢᠯᠴᠠᠨ ᠨᠥᠬᠦᠪᠦᠷᠢᠯᠡᠵᠦ | ᠥᠨᠴᠥᠭ ᠪᠤᠯᠤᠩ ᠦᠯᠡᠳᠡᠭᠡᠬᠦ ᠦᠭᠡᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠠᠴᠠ ᠥᠪᠡᠷ ᠥᠪᠡᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠨ ᠠᠵᠢᠯᠯᠠᠬᠤ᠂ ᠲᠦᠢᠯ ᠤᠨ | ᠣᠨᠣᠪᠴᠢᠲᠠᠢ ᠪᠠᠷ ᠴᠣᠬᠢᠯᠲᠠ ᠥᠭᠬᠦ ᠵᠡᠷᠭᠡ ᠶᠢ ᠭᠦᠢᠴᠡᠳᠬᠡᠵᠦ᠂ ᠰᠦᠷ ᠬᠦᠴᠦᠨ ᠢ ᠢᠯᠡᠷᠡᠭᠦᠯᠦᠨ᠂ ᠦᠷ᠎ᠡ ᠪᠦᠲᠦᠮᠵᠢ | ᠭᠠᠷᠭᠠᠵᠤ᠂ ᠬᠠᠤᠯᠢ ᠪᠤᠰᠤ ᠦᠢᠯᠡ ᠠᠵᠢᠯᠯᠠᠭ᠎ᠠ ᠳᠤ ᠪᠦᠲᠦᠮᠵᠢᠲᠡᠢ ᠪᠠᠷ ᠰᠦᠷᠳᠡᠭᠦᠯᠦᠯ ᠦᠵᠡᠭᠦᠯᠵᠦ᠂ ︽ᠣᠭᠲᠣ | ᠠᠭᠤᠴᠢᠯᠠᠬᠤ ᠦᠭᠡᠢ︾ ᠣᠪᠣᠷ ᠢᠶᠠᠷ ︽ᠢᠳᠡᠬᠦ ᠡᠮᠦᠰᠬᠦ ᠶᠠᠪᠤᠬᠤ ᠰᠠᠭᠤᠬᠤ︾ ᠳᠤᠮᠳᠠᠬᠢ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠴᠡᠭᠴᠡᠯᠡᠨ ᠵᠠᠰᠠᠨ᠎ᠠ᠃ ᠬᠤᠶᠠᠷ ᠲᠤ᠂ ᠭᠤᠣᠯᠳᠠᠯᠭ᠎ᠠ ᠶᠢ ᠲᠣᠪᠤᠶᠢᠯᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ᠂ ᠢᠳᠡᠭᠡᠨ ᠤ ᠠᠮᠤᠷ ᠲᠦᠪᠰᠢᠨ᠂ ᠦᠢᠯᠡᠴᠢᠯᠡᠭᠡᠨ ᠤ ᠬᠦᠷᠢᠶ᠎ᠡ | ᠴᠠᠷᠠᠭᠠᠨ ᠤ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠤᠨ᠎ᠠ᠃ ᠣᠷᠣᠯᠭ᠎ᠠ ᠶᠢᠨ ᠬᠢᠷᠢ ᠲᠦᠪᠰᠢᠨ᠂ ᠬᠡᠷᠡᠭᠯᠡᠭᠡ ᠶᠢᠨ ᠦᠵᠡᠯᠲᠡ ᠵᠢᠴᠢ ᠡᠷᠬᠡ ᠪᠠᠨ ᠬᠠᠮᠠᠭᠠᠯᠠᠬᠤ ᠦᠵᠡᠯ | ᠤᠬᠠᠮᠰᠠᠷ ᠵᠡᠷᠭᠡ ᠲᠠᠯ᠎ᠠ ᠶᠢᠨ ᠬᠢᠵᠠᠭᠠᠷᠯᠠᠯ ᠠᠴᠠ ᠪᠣᠯᠵᠤ᠂ ᠣᠶᠢᠷ᠎ᠠ ᠶᠢᠨ ᠵᠢᠯ ᠤᠳ ᠠᠴᠠ ᠨᠠᠭᠠᠰᠢ᠂ ᠬᠥᠳᠡᠭᠡ ᠲᠣᠰᠬᠤᠨ ᠤ | ᠵᠠᠬ᠎ᠠ ᠳᠡᠯᠭᠡᠭᠦᠷ ᠤᠨ ᠬᠠᠭᠤᠷᠮᠠᠭ ᠮᠠᠭᠤ ᠪᠠᠷᠠᠭᠠᠨ ᠤ ᠢᠯᠡᠷᠡᠬᠦ ᠨᠣᠷᠮ᠎ᠠ ᠨᠢ ᠬᠤᠲᠠ ᠠᠴᠠ ᠬᠤᠯᠠ ᠥᠨᠳᠥᠷ ᠪᠠᠶᠢᠵᠤ᠂ ᠵᠠᠷᠢᠮ | ᠬᠠᠭᠤᠷᠮᠠᠭ ᠪᠠᠷᠠᠭ᠎ᠠ ᠦᠢᠯᠡᠳᠦᠨ ᠪᠣᠷᠣᠯᠠᠭᠤᠯᠬᠤ ᠦᠢᠯᠡ ᠠᠵᠢᠯᠯᠠᠭ᠎ᠠ ᠨᠢ᠂ ᠴᠢᠨᠠᠭᠰᠢᠯᠠᠭᠠᠳ ᠰᠢᠭᠤᠳ ᠬᠥᠳᠡᠭᠡ | ᠲᠣᠰᠬᠤᠨ ᠤ ᠵᠠᠬ᠎ᠠ ᠳᠡᠯᠭᠡᠭᠦᠷ ᠲᠤ ᠴᠢᠭᠯᠡᠭᠦᠯᠵᠦ᠂ ᠬᠥᠳᠡᠭᠡ ᠲᠣᠰᠬᠤᠨ ᠤ ᠥᠷᠭᠡᠨ ᠣᠯᠠᠨ ᠬᠡᠷᠡᠭᠯᠡᠭᠴᠢ ᠳᠤ ᠮᠠᠰᠢ ᠶᠡᠭᠡ | ᠬᠤᠣᠷ ᠬᠥᠨᠥᠭᠡᠯ ᠢ ᠪᠣᠢ ᠪᠣᠯᠭᠠᠪᠠ᠃ ᠳᠡᠭᠡᠷ᠎ᠡ ᠬᠠᠭᠠᠰ ᠵᠢᠯ ᠳᠤ ᠪᠢᠳᠡ ᠪᠦᠬᠦ ᠬᠤᠲᠠ ᠶᠢᠨ ᠲᠣᠮᠣ ᠬᠡᠯᠪᠡᠷᠢ ᠶᠢᠨ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ | ᠶᠠᠪᠤᠴᠠ ᠳᠤ ᠢᠯᠡᠷᠡᠭᠦᠯᠦᠭᠰᠡᠨ ᠢᠶᠠᠷ᠂ ᠡᠳᠡᠭᠡᠷ ᠵᠠᠬ᠎ᠠ ᠳᠡᠯᠭᠡᠭᠦᠷ ᠤᠨ ᠪᠣᠷᠣᠯᠠᠭᠤᠯᠤᠭᠰᠠᠨ ︽ᠳᠥᠷᠪᠡᠨ ᠴᠠᠭᠠᠨ︾ ᠢᠳᠡᠭᠡᠨ᠂ | ᠲᠤᠬᠠᠶᠢᠯᠠᠪᠠᠯ ᠹᠧᠨᠲ᠋ᠢᠶᠣᠤᠷ᠂ ᠳ᠋ᠧᠦᠹᠦ᠋᠂ ᠮᠠᠨᠲᠠᠤ᠂ ᠪᠤᠷᠴᠠᠭ ᠤᠨ ᠨᠠᠬᠢᠶ᠎ᠠ ᠳᠤ ᠶᠠᠰᠤ ᠴᠢᠨᠠᠷ ᠤᠨ ᠠᠮᠤᠷ ᠲᠦᠪᠰᠢᠨ ᠤ | ᠠᠰᠠᠭᠤᠳᠠᠯ ᠨᠡᠶᠢᠳᠡᠮ ᠳᠤ ᠪᠠᠨ ᠣᠷᠣᠰᠢᠵᠤ ᠪᠠᠶᠢᠨ᠎ᠠ᠃ ᠡᠭᠦᠨ ᠳᠤ᠂ ᠳᠣᠣᠷ᠎ᠠ ᠬᠠᠭᠠᠰ ᠵᠢᠯ ᠳᠤ ᠪᠢᠳᠡ ︽ᠳᠥᠷᠪᠡᠨ ᠴᠠᠭᠠᠨ | ︾ ᠢᠳᠡᠭᠡᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠳᠤ ᠣᠷᠣᠭᠤᠯᠵᠠᠢ᠃ ᠭᠤᠷᠪᠠ ᠳᠤ᠂ ᠵᠠᠭᠤᠴᠢᠯᠠᠭᠤᠷ ᠪᠠ ᠨᠡᠶᠢᠭᠡᠮ ᠯᠦᠭᠡ ᠬᠠᠷᠢᠯᠴᠠᠨ | ᠦᠢᠯᠡᠳᠦᠯᠴᠡᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠡᠷᠬᠡᠰᠢᠶᠡᠬᠦ ᠥᠨᠳᠥᠷᠴᠡ ᠶᠢ ᠡᠵᠡᠮᠳᠡᠨ᠂ | ᠤᠬᠠᠭᠤᠯᠭ᠎ᠠ ᠶᠢᠨ ᠳᠠᠶᠢᠨ ᠢ ᠰᠠᠶᠢᠲᠤᠷ ᠬᠢᠵᠦ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠵᠦ ᠪᠠᠶᠢᠴᠠᠭᠠᠨ | ᠰᠢᠢᠳᠪᠦᠷᠢᠯᠡᠭᠰᠡᠨ ᠬᠡᠷᠡᠭ ᠢᠶᠠᠷ ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠮᠡᠳᠡᠭᠡᠯᠡᠵᠦ᠂ | ᠬᠠᠤᠯᠢ ᠬᠡᠷᠡᠭᠵᠢᠭᠦᠯᠬᠦ ᠡᠷᠬᠡ ᠰᠦᠷ ᠢ ᠪᠣᠢ ᠪᠣᠯᠭᠠᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠵᠠᠭᠤᠴᠢᠯᠠᠭᠤᠷ ᠤᠨ | ᠰᠣᠯᠢᠯᠴᠠᠭᠠᠨ ᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠥᠪ ᠲᠠᠯ᠎ᠠ ᠠᠴᠠ ᠤᠬᠠᠭᠤᠯᠭ᠎ᠠ ᠬᠢᠵᠦ᠂ | ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠨᠡᠩ ᠣᠯᠠᠨ ᠬᠥᠮᠥᠰ ᠲᠤ ᠮᠡᠳᠡᠭᠦᠯᠦᠨ᠂ ᠨᠡᠩ | ᠣᠯᠠᠨ ᠬᠡᠷᠡᠭᠯᠡᠭᠴᠢ ᠶᠢ ᠣᠷᠣᠯᠴᠠᠭᠤᠯᠵᠤ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ | ᠪᠦᠷᠢᠯᠳᠦᠭᠦᠯᠦᠨ᠎ᠡ᠃ ᠳᠥᠷᠪᠡ ᠳᠤ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠳᠤ ᠦᠨᠡᠯᠡᠨ | ᠵᠢᠱᠢᠯᠲᠡ ᠬᠢᠬᠦ ᠶᠢ ᠥᠷᠨᠢᠭᠦᠯᠦᠨ᠎ᠡ᠃ ᠪᠢᠳᠡ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠢᠯᠡ ᠪᠠᠷ | ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ᠂ ᠲᠤᠬᠠᠢ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠪᠠ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ ᠲᠤᠰᠬᠠᠯ ᠢ ᠰᠣᠨᠣᠰᠬᠤ ᠵᠡᠷᠭᠡ ᠬᠡᠯᠪᠡᠷᠢ ᠪᠠᠷ᠂ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢ ᠥᠷᠨᠢᠭᠦᠯᠵᠦ ᠬᠠᠭᠤᠷᠮᠠᠭ ᠮᠠᠭᠤ ᠪᠠᠷᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠂ | ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠶᠢ ᠡᠵᠡᠮᠰᠢᠵᠦ᠂ ᠬᠡᠷᠡᠭᠯᠡᠭᠴᠢᠳ ᠤᠨ ᠬᠠᠨᠤᠮᠵᠢᠲᠠᠢ | ᠡᠰᠡᠬᠦ ᠪᠠᠷ ᠪᠠᠷᠢᠮᠵᠢᠶ᠎ᠠ ᠪᠣᠯᠭᠠᠨ᠂ ᠠᠰᠠᠭᠤᠳᠠᠯ ᠢ ᠡᠷᠢᠵᠦ᠂ ᠳᠤᠲᠠᠭᠤᠳᠠᠯ ᠢᠶᠠᠨ ᠢᠯᠡᠷᠡᠭᠦᠯᠵᠦ᠂ ᠲᠦᠢᠯ ᠤᠨ | ᠣᠨᠣᠪᠴᠢᠲᠠᠢ ᠪᠠᠷ ᠬᠢᠨᠠᠨ ᠬᠠᠮᠢᠶᠠᠷᠬᠤ ᠪᠠ ᠴᠢᠩᠭ᠎ᠠ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠵᠠᠯᠬᠠᠭᠠᠨ ᠰᠢᠢᠳᠬᠡᠬᠦ ᠶᠢ ᠨᠢᠭᠡᠳᠦᠯᠲᠡᠢ ᠪᠠᠷ | ᠲᠥᠯᠥᠪᠯᠡᠨ ᠠᠬᠢᠭᠤᠯᠤᠨ᠎ᠠ᠃ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ᠂ | ᠪᠢᠳᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠤᠨ ᠭᠤᠣᠯᠳᠠᠯᠭ᠎ᠠ ᠲᠠᠢ ᠭᠠᠵᠠᠷ ᠣᠷᠣᠨ᠂ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠣᠷᠣᠨ ᠬᠡᠪᠴᠢᠶ᠎ᠡ ᠳᠤ ᠠᠩᠬᠠᠷᠤᠭᠤᠯᠤᠨ ᠲᠥᠪᠯᠡᠷᠡᠭᠦᠯᠵᠦ᠂ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠶᠢᠨ ︽ | ᠭᠤᠣᠯ ᠳᠠᠶᠢᠨ ᠤ ᠲᠠᠯᠠᠪᠤᠷ︾ ᠪᠣᠯᠭᠠᠨ᠂ ᠠᠵᠢᠯ ᠲᠥᠷᠥᠯ ᠤᠨ ᠬᠢᠨ ᠢ ᠮᠡᠬᠡᠯᠡᠨ ᠵᠠᠬ᠎ᠠ ᠳᠡᠯᠭᠡᠭᠦᠷ ᠢ ᠡᠵᠡᠷᠬᠡᠭᠯᠡᠬᠦ᠂ | ᠠᠯᠪᠠᠳᠠᠯᠭ᠎ᠠ ᠪᠠᠷ ᠬᠤᠳᠠᠯᠳᠤᠭᠠᠯᠠᠬᠤ ᠪᠠ ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠵᠡᠷᠭᠡ ᠭᠤᠷᠪᠠᠨ ᠲᠥᠷᠥᠯ ᠤᠨ ᠬᠠᠷ᠎ᠠ | ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠭᠤᠣᠯᠳᠠᠯᠭ᠎ᠠ ᠲᠠᠢ ᠪᠠᠷ ᠢᠯᠭᠠᠨ ᠪᠠᠶᠢᠴᠠᠭᠠᠵᠤ᠂ | ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠵᠣᠬᠢᠴᠠᠭᠤᠯᠭ᠎ᠠ ᠣᠶᠢᠯᠠᠭᠠᠯᠴᠠᠭ᠎ᠠ ᠶᠢ ᠴᠢᠩᠭᠠᠳᠬᠠᠨ᠂ ᠬᠡᠷᠡᠭ ᠤᠨ | ᠰᠦᠪᠡᠭᠴᠢ ᠶᠢ ᠮᠡᠳᠡᠭᠡᠯᠡᠨ ᠨᠡᠪᠲᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠡᠷᠡᠭ ᠢ ᠰᠢᠯᠵᠢᠭᠦᠯᠦᠨ ᠬᠦᠷᠭᠡᠬᠦ ᠵᠡᠷᠭᠡ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠪᠠ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠨ ᠤᠰᠠᠳᠬᠠᠬᠤ ᠪᠠ ︽ᠳᠥᠷᠪᠡᠨ ᠶᠡᠭᠡ ᠬᠦᠷᠢᠶ᠎ᠡ ᠴᠠᠷᠠᠭᠠᠨ︾ ᠤ ᠲᠤᠰᠬᠠᠢ ᠵᠦᠢᠯ ᠤᠨ ᠴᠡᠭᠴᠡᠯᠡᠨ | ᠵᠠᠰᠠᠬᠤ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠥᠲᠥᠯᠥᠭᠴᠢ᠄ ᠰᠠᠶᠢᠨ ᠪᠣᠯᠣᠯ᠎ᠠ᠂ ᠯᠢ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ᠲᠤᠰ | ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠰᠦᠯᠵᠢᠶᠡᠨ ᠤ ᠠᠨᠳᠠ ᠳᠤ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ︽ | ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠳᠤ ᠬᠤᠯᠪᠣᠭᠳᠠᠭᠰᠠᠨ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ ᠡᠨᠡ | ᠤᠳᠠᠭᠠᠨ ᠤ ᠠᠷᠠᠳ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠪᠢᠳᠡᠨ ᠳᠤ ᠠᠮᠦᠷ ᠲᠦᠪᠰᠢᠨ ᠪᠥᠭᠡᠳ ᠰᠡᠳᠬᠢᠯ ᠠᠮᠠᠷ | ᠬᠡᠷᠡᠭᠯᠡᠭᠡ ᠶᠢᠨ ᠣᠷᠴᠢᠨ ᠲᠣᠭᠤᠷᠢᠨ ᠢ ᠨᠡᠩ ᠰᠠᠶᠢᠲᠤᠷ ᠪᠣᠢ ᠪᠣᠯᠭᠠᠵᠤ᠂ ᠣᠯᠠᠨ ᠲᠦᠮᠡᠨ ᠤ ᠬᠤᠳᠠᠯᠳᠤᠨ ᠠᠪᠬᠤ ᠳᠤ | ᠰᠡᠳᠬᠢᠯ ᠠᠮᠠᠷ᠂ ᠬᠡᠷᠡᠭᠯᠡᠬᠦ ᠳᠤ ᠰᠡᠳᠬᠢᠯ ᠠᠮᠠᠷ᠂ ᠢᠳᠡᠬᠦ ᠳᠤ ᠰᠡᠳᠬᠢᠯ ᠠᠮᠠᠷ ᠪᠠᠶᠢᠬᠤ ᠶᠢ ᠪᠠᠲᠤᠯᠠᠵᠤ ᠴᠢᠳᠠᠬᠤ ᠶᠢ ᠪᠠᠲᠤ | ᠢᠲᠡᠭᠡᠵᠦ ᠪᠠᠶᠢᠨ᠎ᠠ᠃ ᠴᠠᠭ ᠤᠨ ᠬᠠᠷᠠᠭ᠎ᠠ ᠠᠴᠠ᠂ ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ | ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | |