ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠶ᠎ᠡ | | | ᠰᠤᠷᠪᠤᠯᠵᠢᠯᠠᠭᠰᠠᠨ ᠴᠠᠭ᠄ 2019 ᠣᠨ ᠤ 03 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ ᠰᠤᠷᠪᠤᠯᠵᠢᠯᠠᠭ᠎ᠠ | ᠬᠦᠯᠢᠶᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ ᠲᠢᠩᠬᠢᠮ ᠤᠨ ᠳᠡᠰ︶ ᠵᠠᠩ ᠯᠢᠶᠠᠩ ᠰᠤᠷᠪᠤᠯᠵᠢᠯᠠᠭ᠎ᠠ ᠶᠢᠨ ᠲᠣᠪᠴᠢ | ᠲᠠᠨᠢᠯᠴᠠᠭᠤᠯᠭ᠎ᠠ᠄ ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ | ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠪᠡ᠃ ᠰᠤᠷᠪᠤᠯᠵᠢᠯᠠᠭ᠎ᠠ ᠶᠢᠨ | ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ | ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠠᠩ | ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠯᠢᠶᠠᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ | ᠰᠠᠨᠠᠯ ᠰᠣᠯᠢᠯᠴᠠᠵᠤ᠂ ᠬᠢᠨᠠᠨ ᠪᠣᠳᠣᠬᠤ ᠠᠵᠢᠯ ᠤᠨ ᠲᠤᠬᠠᠢ ᠬᠤᠪᠢᠶᠠᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ | ᠪᠠᠶᠢᠨ᠎ᠠ᠃ | ᠬᠥᠲᠥᠯᠥᠭᠴᠢ᠄ ᠮᠠᠰᠢ ᠣᠯᠠᠨ ᠰᠦᠯᠵᠢᠶᠡᠨ ᠤ ᠠᠨᠳᠠ ᠬᠢᠨᠠᠨ ᠪᠣᠳᠣᠬᠤ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠦᠵᠡᠭᠦᠯᠦᠭᠰᠡᠨ ᠦᠢᠯᠡᠳᠦᠯ ᠤᠨ ᠲᠤᠬᠠᠢ ᠲᠡᠳᠦᠢ | ᠣᠶᠢᠯᠭᠠᠬᠤ ᠦᠭᠡᠢ ᠪᠠᠶᠢᠵᠤ ᠮᠡᠳᠡᠨ᠎ᠡ᠃ ᠲᠠ ᠣᠶᠢᠷ᠎ᠠ ᠶᠢᠨ ᠵᠢᠯ ᠤᠳ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠵᠠᠩ ᠯᠢᠶᠠᠩ᠄ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠲᠣᠭᠲᠠᠭᠠᠯ︾ ᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠠᠴᠠ ᠲᠦᠷᠭᠡᠨ ᠢᠶᠠᠷ ᠠᠵᠢᠯᠯᠠᠭ᠎ᠠ ᠥᠷᠨᠢᠭᠦᠯᠦᠨ᠂ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠳᠤ ᠬᠦᠴᠦᠯᠡᠪᠡ᠃ ᠨᠢᠭᠡ ᠳᠤ᠂ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢ ᠪᠦᠷᠢᠨᠰᠢᠭᠦᠯᠦᠨ᠂ | ᠪᠦᠬᠦ ᠣᠷᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠬᠠᠷᠢᠶᠠᠨ ᠳᠤ ᠨᠢ ᠲᠤᠬᠠᠢ ᠶᠢᠨ ᠲᠠᠯᠠᠪᠤᠷ ᠤᠨ ᠬᠢᠨᠠᠨ ᠪᠣᠳᠣᠬᠤ ᠳᠤᠭᠤᠶᠢᠯᠠᠩ᠂ ᠪᠠᠶᠢᠴᠠᠭᠠᠯᠲᠠ ᠬᠢᠵᠦ | ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ | ᠲᠣᠬᠢᠷᠠᠭᠤᠯᠤᠭᠰᠠᠨ ᠤ ᠬᠠᠮᠲᠤ᠂ ᠲᠢᠩᠬᠢᠮ ᠤᠨ ᠨᠢᠭᠡᠨ ᠳᠡᠳ᠋ ᠳᠠᠷᠤᠭ᠎ᠠ ᠪᠠᠷ ᠲᠤᠰ ᠵᠦᠢᠯ ᠤᠨ ᠠᠵᠢᠯ ᠢ ᠲᠤᠰᠬᠠᠶᠢᠯᠠᠨ | ᠬᠠᠷᠢᠭᠤᠴᠠᠭᠤᠯᠪᠠ᠃ ᠬᠤᠶᠠᠷ ᠲᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠦᠬᠦ ᠣᠷᠣᠨ ᠤ | ᠬᠢᠨᠠᠨ ᠪᠣᠳᠣᠬᠤ ᠹᠷᠣᠨᠲ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠪᠣᠳᠣᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ᠂ ︽ᠨᠢᠭᠡᠳᠦᠯᠲᠡᠢ ᠵᠣᠬᠢᠶᠠᠨ ᠪᠠᠶᠢᠭᠤᠯᠤᠯᠲᠠ ᠲᠠᠢ᠂ ᠬᠠᠷᠢᠭᠤᠴᠠᠯᠭ᠎ᠠ ᠲᠣᠳᠣᠷᠬᠠᠢ᠂ ᠥᠪᠡᠷ | ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ ᠬᠠᠷᠢᠭᠤᠴᠠᠯᠭ᠎ᠠ ᠶᠢᠨ | ᠰᠢᠰᠲ᠋ᠧᠮᠵᠢ︾ ᠶᠢ ᠪᠠᠶᠢᠭᠤᠯᠵᠤ᠂ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ᠳᠡᠭᠡᠳᠦ ᠱᠠᠲᠤ ᠨᠢ ᠳᠣᠣᠷᠠᠳᠤ | ᠱᠠᠲᠤ ᠪᠠᠨ ᠬᠢᠨᠠᠬᠤ᠂ ᠰᠣᠯᠪᠢᠴᠠᠭᠤᠯᠤᠨ ᠬᠢᠨᠠᠬᠤ︾ ᠠᠷᠭ᠎ᠠ ᠬᠡᠯᠪᠡᠷᠢ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠪᠦᠬᠦ ᠲᠠᠯ᠎ᠠ ᠪᠠᠷ ᠮᠥᠷᠳᠡᠵᠦ ᠬᠢᠨᠠᠯᠲᠠ ᠪᠣᠳᠣᠯᠲᠠ ᠬᠢᠪᠡ᠃ ᠭᠤᠷᠪᠠ ᠳᠤ᠂ | ᠳᠦᠷᠢᠮ ᠢ ᠪᠦᠷᠢᠨᠰᠢᠭᠦᠯᠦᠨ᠂ ︽ᠶᠠᠳᠠᠭᠤ ᠶᠢ ᠲᠡᠳᠬᠦᠬᠦ ᠠᠵᠢᠯ ᠤᠨ ᠬᠢᠨᠠᠨ ᠪᠣᠳᠣᠬᠤ ᠲᠥᠰᠥᠯ︾᠂ ︽ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ ᠭᠤᠷᠪᠠᠨ ᠵᠢᠯ ᠤᠨ | ᠠᠵᠢᠯᠯᠠᠭ᠎ᠠ ᠶᠢᠨ ᠬᠢᠨᠠᠨ ᠪᠣᠳᠣᠬᠤ ᠠᠵᠢᠯ ᠤᠨ ᠲᠥᠰᠥᠯ︾ ᠢ ᠲᠣᠭᠲᠠᠭᠠᠨ ᠨᠡᠶᠢᠲᠡᠯᠡᠵᠦ᠂ ︽ᠶᠠᠳᠠᠭᠤ ᠶᠢ ᠲᠡᠳᠬᠦᠬᠦ | ᠬᠢᠨᠠᠯᠲᠠ ᠪᠣᠳᠣᠯᠲᠠ ᠶᠢᠨ ᠬᠠᠤᠯᠢ ᠲᠣᠭᠲᠠᠭᠠᠯ ᠤᠨ ᠬᠤᠷᠢᠶᠠᠩᠭᠤᠢ︾ ᠪᠠ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠬᠠᠮᠢᠶᠠᠷᠤᠯᠲᠠ ᠬᠡᠷᠡᠭᠯᠡᠯᠲᠡ ᠶᠢᠨ ᠠᠯᠳᠠᠭᠳᠠᠯ ᠲᠠᠢ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ | ᠬᠢᠨᠠᠨ ᠪᠣᠳᠣᠬᠤ ᠪᠠᠶᠢᠭᠤᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠶᠢ ᠲᠡᠳᠬᠦᠬᠦ | ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠥᠷᠨᠢᠭᠦᠯᠵᠦ᠂ 2020 ᠣᠨ ᠪᠣᠯᠬᠤ ᠳᠤ ᠪᠦᠬᠦ ᠣᠷᠣᠨ ᠤ 57 ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠪᠠ ᠶᠠᠳᠠᠭᠤ ᠬᠦᠴᠢᠷᠳᠡᠯᠲᠡᠢ ᠬᠥᠮᠥᠨ ᠠᠮᠠ ᠪᠠᠶᠢᠬᠤ 29 ᠶᠠᠳᠠᠭᠤ ᠬᠦᠴᠢᠷᠳᠡᠯᠲᠡᠢ ᠪᠤᠰᠤ | ᠬᠤᠰᠢᠭᠤ ᠰᠢᠶᠠᠨ ᠳᠤ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ ᠭᠡᠵᠦ | ᠲᠣᠳᠣᠷᠬᠠᠶᠢᠯᠠᠪᠠ᠃ ᠬᠥᠲᠥᠯᠥᠭᠴᠢ᠄ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠢᠨᠠᠯᠲᠠ ᠪᠣᠳᠣᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠵᠠᠩ ᠯᠢᠶᠠᠩ᠄ | ᠶᠡᠷᠦᠩᠬᠡᠢ ᠪᠠᠶᠢᠳᠠᠯ ᠠᠴᠠ ᠠᠪᠴᠤ ᠦᠵᠡᠪᠡᠯ᠂ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠳᠤ ᠢᠯᠡᠳᠲᠡ ᠦᠷ᠎ᠡ | ᠪᠦᠲᠦᠮᠵᠢ ᠣᠯᠵᠤ᠂ ᠨᠡᠯᠢᠶᠡᠳ ᠰᠠᠶᠢᠨ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠭᠦᠢᠴᠡᠳ | ᠨᠤᠲᠠᠯᠠᠯᠲᠠ ᠶᠢ ᠣᠯᠪᠠ᠃ 2016 ᠣᠨ ᠠᠴᠠ 2018 ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠲᠢᠩᠬᠢᠮ ᠤᠨ ᠲᠤᠰ ᠱᠠᠲᠤ ᠪᠠ ᠠᠶᠢᠮᠠᠭ ᠬᠤᠲᠠ | ᠬᠤᠰᠢᠭᠤ ᠰᠢᠶᠠᠨ ᠭᠤᠷᠪᠠᠨ ᠱᠠᠲᠤᠨ ᠤ ᠬᠢᠨᠠᠨ ᠪᠣᠳᠣᠬᠤ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ 1000 ᠭᠠᠷᠤᠢ | ᠬᠥᠮᠥᠨ ᠢ ᠰᠤᠭᠤᠴᠢᠨ ᠲᠣᠬᠢᠷᠠᠭᠤᠯᠵᠤ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ︾ ᠵᠣᠬᠢᠶᠠᠨ ᠪᠠᠶᠢᠭᠤᠯᠬᠤ | ᠬᠡᠯᠪᠡᠷᠢ ᠪᠠᠷ᠂ ︽ᠨᠢᠭᠡᠳᠦᠯᠲᠡᠢ ᠪᠠᠷ ᠲᠥᠯᠥᠪᠯᠡᠬᠦ᠂ ᠨᠢᠭᠡᠳᠦᠯᠲᠡᠢ ᠪᠠᠷ ᠲᠥᠰᠥᠯ ᠲᠣᠭᠲᠠᠭᠠᠬᠤ᠂ ᠨᠢᠭᠡᠳᠦᠯᠲᠡᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠪᠠᠷ ᠢᠯᠭᠠᠨ ᠲᠣᠭᠲᠠᠭᠠᠵᠤ ᠰᠢᠢᠳᠪᠦᠷᠢᠯᠡᠬᠦ᠂ ᠨᠢᠭᠡᠳᠦᠯᠲᠡᠢ ᠪᠠᠷ ᠳᠠᠩᠰᠠᠯᠠᠨ | ᠲᠡᠮᠳᠡᠭᠯᠡᠬᠦ︾ ᠬᠢᠨᠠᠨ ᠪᠣᠳᠣᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠨᠡᠶᠢᠲᠡ 120 ᠬᠤᠰᠢᠭᠤ ᠰᠢᠶᠠᠨ ᠳᠤ ᠮᠥᠷᠳᠡᠨ | ᠬᠢᠨᠠᠯᠲᠠ ᠪᠣᠳᠣᠯᠲᠠ ᠬᠢᠵᠦ᠂ 3100 ᠭᠠᠷᠤᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠵᠣᠭᠤᠰ ᠬᠡᠷᠡᠭᠯᠡᠬᠦ | ᠨᠢᠭᠡᠴᠢ ᠶᠢ ᠬᠢᠨᠠᠨ ᠪᠣᠳᠣᠵᠤ᠂ ᠶᠠᠳᠠᠭᠤ ᠶᠢ ᠲᠡᠳᠬᠦᠬᠦ 5200 ᠭᠠᠷᠤᠢ ᠲᠥᠷᠥᠯ ᠵᠦᠢᠯ ᠢ ᠤᠷᠲᠤᠳᠬᠠᠨ ᠬᠢᠨᠠᠨ ᠪᠣᠳᠣᠬᠤ | ᠪᠠ ᠪᠠᠶᠢᠴᠠᠭᠠᠯᠲᠠ ᠬᠢᠵᠦ᠂ 1.3 ᠲᠦᠮᠡᠨ ᠡᠷᠦᠭᠡ ᠳᠤ ᠣᠷᠣᠵᠤ ᠪᠠᠶᠢᠴᠠᠭᠠᠯᠲᠠ ᠬᠢᠵᠦ᠂ ᠶᠠᠳᠠᠭᠤ ᠬᠦᠴᠢᠷᠲᠡᠢ 57 | ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠪᠣᠳᠣᠯᠲᠠ ᠬᠢᠬᠦ ᠶᠢ ᠪᠦᠬᠦ ᠲᠠᠯ᠎ᠠ ᠪᠠᠷ | ᠬᠠᠮᠤᠷᠤᠭᠤᠯᠪᠠ᠃ ᠡᠭᠦᠨ ᠤ ᠬᠠᠮᠲᠤ 14 ᠬᠤᠰᠢᠭᠤ ᠰᠢᠶᠠᠨ ᠤ ᠬᠢᠨᠠᠨ ᠪᠣᠳᠣᠵᠤ ᠴᠡᠭᠴᠡᠯᠡᠨ ᠥᠭᠡᠷᠡᠴᠢᠯᠡᠭᠰᠡᠨ ᠪᠠᠶᠢᠳᠠᠯ ᠳᠤ | ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠬᠢᠪᠡ᠃ ᠬᠢᠨᠠᠨ ᠪᠣᠳᠣᠬᠤ ᠪᠠᠷ ᠳᠠᠮᠵᠢᠭᠤᠯᠤᠨ ᠬᠡᠰᠡᠭ | ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ | ᠬᠡᠷᠡᠭᠯᠡᠬᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠶᠢᠭᠤᠯᠤᠯᠲᠠ ᠬᠠᠮᠢᠶᠠᠷᠤᠯᠲᠠ ᠬᠢᠭᠡᠳ ᠠᠵᠢᠯ ᠤᠨ ᠦᠷ᠎ᠡ | ᠪᠦᠲᠦᠮᠵᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ | ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ ᠢᠯᠡᠷᠡᠭᠦᠯᠦᠭᠰᠡᠨ ᠠᠰᠠᠭᠤᠳᠠᠯ ᠳᠤ᠂ ᠬᠢᠨᠠᠨ ᠪᠣᠳᠣᠬᠤ | ᠲᠢᠩᠬᠢᠮ ᠠᠴᠠ ᠬᠠᠤᠯᠢ ᠲᠣᠭᠲᠠᠭᠠᠯ ᠶᠣᠰᠣᠭᠠᠷ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠄ ᠨᠢᠭᠡ ᠳᠤ | ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠴᠠᠭ ᠲᠤᠬᠠᠢ ᠳᠤ ᠨᠢ ᠴᠡᠭᠴᠡᠯᠡᠨ ᠥᠭᠡᠷᠡᠴᠢᠯᠡᠵᠦ᠂ ᠵᠠᠷᠢᠮ ᠨᠢ ᠰᠠᠭᠤᠳᠬᠠᠨ | ᠠᠪᠤᠭᠰᠠᠨ ᠰᠤᠯᠠ ᠪᠡᠯᠡ ᠮᠥᠩᠭᠦ ᠶᠢ ᠠᠯᠢ ᠲᠦᠷᠭᠡᠨ ᠢᠶᠠᠷ ᠰᠠᠯᠭᠠᠨ ᠥᠭᠴᠦ᠂ ᠵᠠᠷᠢᠮ ᠨᠢ ᠪᠡᠯᠡ ᠮᠥᠩᠭᠦ ᠶᠢᠨ ᠤᠤᠯ ᠤᠨ | ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ ᠵᠠᠷᠢᠮ ᠨᠢ ᠴᠠᠭ ᠲᠤᠬᠠᠢ ᠳᠤ ᠨᠢ ᠤᠯᠤᠰ ᠤᠨ ᠬᠥᠮᠥᠷᠭᠡ ᠳᠤ ᠲᠤᠰᠢᠶᠠᠭᠰᠠᠨ ᠤ | ᠬᠠᠮᠲᠤ ᠶᠠᠳᠠᠭᠤ ᠶᠢ ᠲᠡᠳᠬᠦᠬᠦ ᠲᠥᠷᠥᠯ ᠲᠥᠷᠥᠯ ᠳᠤ ᠲᠣᠬᠢᠷᠠᠭᠤᠯᠤᠨ ᠬᠡᠷᠡᠭᠯᠡᠵᠦ᠂ ᠵᠠᠷᠢᠮ ᠨᠢ ᠲᠥᠷᠥᠯ ᠵᠦᠢᠯ ᠤᠨ | ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠣᠯᠭᠤᠬᠤ ᠶᠢ ᠠᠬᠢᠭᠤᠯᠵᠤ | ᠂ ᠦᠯᠡᠳᠡᠭᠡᠨ ᠬᠠᠳᠠᠭᠠᠯᠠᠵᠤ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠳᠠᠬᠢᠨ ᠭᠦᠢᠯᠭᠡᠭᠡᠨ ᠲᠠᠢ ᠪᠣᠯᠭᠠᠵᠤ᠂ ᠶᠠᠳᠠᠭᠤ ᠶᠢ | ᠲᠡᠳᠬᠦᠬᠦ ᠪᠡᠯᠡ ᠮᠥᠩᠭᠦ ᠵᠢᠴᠢ ᠲᠥᠷᠥᠯ ᠵᠦᠢᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠬᠤᠶᠠᠷ ᠲᠤ᠂ | ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ | ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠬᠡᠯ ᠣᠯᠭᠤᠪᠠ᠃ | ᠭᠤᠷᠪᠠ ᠳᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠳᠦᠷᠢᠮ ᠰᠠᠬᠢᠯᠭ᠎ᠠ ᠶᠢ ᠵᠥᠷᠢᠴᠡᠭᠰᠡᠨ ᠣᠯᠠᠨ ᠬᠡᠷᠡᠭ ᠤᠨ | ᠰᠦᠪᠡᠭᠴᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠭᠰᠡᠨ ᠤ ᠬᠠᠮᠲᠤ ᠬᠡᠷᠡᠭ ᠪᠣᠯᠭᠠᠨ | ᠪᠠᠶᠢᠴᠠᠭᠠᠨ ᠰᠢᠢᠳᠪᠦᠷᠢᠯᠡᠵᠦ᠂ ᠰᠦᠷ ᠦᠵᠡᠭᠦᠯᠬᠦ ᠦᠢᠯᠡᠳᠦᠯ ᠦᠵᠡᠭᠦᠯᠪᠡ᠃ ᠳᠥᠷᠪᠡ ᠳᠤ᠂ ᠬᠢᠨᠠᠨ ᠪᠣᠳᠣᠵᠤ | ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠪᠠᠶᠢᠭᠤᠯᠤᠯ ᠲᠣᠭᠲᠠᠴᠠ | ᠪᠠ ᠳᠦᠷᠢᠮ ᠤᠨ ᠳᠡᠰ ᠳᠠᠪᠬᠤᠷᠭ᠎ᠠ ᠠᠴᠠ ᠰᠢᠯᠲᠠᠭᠠᠨ ᠢ ᠨᠢ ᠵᠠᠳᠠᠯᠵᠤ᠂ ᠴᠢᠭᠯᠡᠯᠲᠦ ᠴᠢᠨᠠᠷᠲᠠᠢ ᠪᠠᠷ ᠬᠢᠨᠠᠨ ᠪᠣᠳᠣᠬᠤ ᠰᠠᠨᠠᠯ | ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠢᠨ ᠤ ᠬᠡᠳᠦᠨ ᠠᠷᠪᠠᠨ | ᠵᠦᠢᠯ ᠤᠨ ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠠᠢ᠃ | ᠬᠥᠲᠥᠯᠥᠭᠴᠢ᠄ ᠵᠠᠩ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠬᠢᠨᠠᠯᠲᠠ | ᠪᠣᠳᠣᠯᠲᠠ ᠶᠢᠨ ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠳᠤᠮᠳᠠ ᠲᠣᠪᠤᠶᠢᠮ᠎ᠠ ᠦᠷ᠎ᠡ ᠪᠦᠲᠦᠮᠵᠢ ᠲᠠᠢ ᠪᠠᠷ ᠬᠠᠩᠭᠠᠨ | ᠪᠠᠲᠤᠯᠠᠵᠤ ᠬᠢᠨᠠᠯᠲᠠ ᠲᠠᠯᠪᠢᠬᠤ ᠦᠢᠯᠡᠳᠦᠯ ᠦᠵᠡᠭᠦᠯᠦᠭᠰᠡᠨ ᠲᠤᠬᠠᠢ ᠣᠶᠢᠯᠠᠭᠠᠯᠲᠠ ᠲᠠᠢ ᠪᠣᠯᠪᠠ᠃ ᠭᠡᠲᠡᠯ᠎ᠡ ᠮᠠᠰᠢ ᠣᠯᠠᠨ | ᠰᠦᠯᠵᠢᠶᠡᠨ ᠤ ᠠᠨᠳᠠ ᠮᠥᠨ ᠬᠦ ᠬᠢᠨᠠᠨ ᠪᠣᠳᠣᠵᠤ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠬᠡᠮᠵᠢᠶ᠎ᠡ ᠶᠢ ᠣᠶᠢᠯᠠᠭᠠᠬᠤ | ᠦᠭᠡᠢ ᠪᠠᠶᠢᠵᠤ ᠮᠡᠳᠡᠨ᠎ᠡ᠂ ᠲᠠ ᠡᠨᠡ ᠲᠠᠯ᠎ᠠ ᠪᠠᠷ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ ᠦᠦ︖ | ᠵᠠᠩ ᠯᠢᠶᠠᠩ᠄ ᠲᠡᠭᠡᠶ᠎ᠡ᠃ ᠬᠢᠨᠠᠨ ᠪᠣᠳᠣᠬᠤ ᠪᠣᠯ ᠶᠠᠪᠤᠴᠠ ᠪᠠ ᠠᠷᠭ᠎ᠠ ᠪᠠᠷᠢᠯ ᠪᠣᠯᠣᠨ᠎ᠠ︔ ᠠᠰᠠᠭᠤᠳᠠᠯ ᠢ ᠴᠡᠭᠴᠡᠯᠡᠨ | ᠥᠭᠡᠷᠡᠴᠢᠯᠡᠬᠦ ᠶᠢ ᠠᠬᠢᠭᠤᠯᠬᠤ ᠨᠢ ᠰᠠᠶ᠋ᠢ ᠬᠠᠷᠠᠯᠲᠠ ᠪᠠ ᠦᠷ᠎ᠡ ᠳ᠋ᠦᠩ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ | ᠲᠥᠪ ᠤᠨ ᠬᠢᠨᠠᠨ ᠪᠣᠳᠣᠬᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ᠄ ᠬᠢᠨᠠᠨ ᠪᠣᠳᠣᠬᠤ ᠪᠣᠯ ᠨᠠᠮ ᠪᠠ | ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠬᠢᠨᠠᠨ ᠪᠣᠳᠣᠬᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠨᠠᠨ ᠪᠣᠳᠣᠪᠠᠰᠤ ᠵᠣᠬᠢᠬᠤ ᠶᠢ ᠨᠢ ᠪᠦᠬᠦᠨ ᠢ ᠬᠢᠨᠠᠨ ᠪᠣᠳᠣᠵᠤ᠂ | ᠬᠢᠨᠠᠯᠲᠠ ᠪᠣᠳᠣᠯᠲᠠ ᠪᠦᠬᠦᠨ ᠢ ᠴᠢᠩᠭ᠎ᠠ ᠬᠡᠷᠡᠭᠵᠢᠭᠦᠯᠦᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠭᠦᠢᠴᠡᠳᠬᠡᠵᠦ᠂ | ᠲᠥᠪᠯᠡᠷᠡᠩᠭᠦᠢ ᠨᠢᠭᠡᠳᠦᠯᠲᠡᠢ᠂ ᠪᠦᠬᠦᠨ ᠢ ᠬᠠᠮᠤᠷᠤᠭᠰᠠᠨ᠂ ᠡᠷᠬᠡ ᠰᠦᠷ ᠲᠠᠢ ᠪᠥᠭᠡᠳ ᠪᠦᠲᠦᠮᠵᠢ ᠰᠠᠶᠢᠲᠠᠢ ᠬᠢᠨᠠᠨ ᠪᠣᠳᠣᠵᠤ | ᠬᠢᠨᠠᠯᠲᠠ ᠲᠠᠯᠪᠢᠬᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ | ᠳᠤᠮᠳᠠᠬᠢ ᠬᠢᠨᠠᠨ ᠪᠣᠳᠣᠬᠤ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠣᠨᠴᠠᠭᠠᠶᠢᠯᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠢᠨᠠᠨ ᠪᠣᠳᠣᠬᠤ ᠠᠵᠢᠯ ᠢ | ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ | ᠶᠣᠰᠣᠭᠠᠷ ᠤᠬᠠᠮᠰᠠᠷ ᠠᠴᠠ ᠪᠠᠨ ᠬᠦᠯᠢᠶᠡᠨ᠂ ᠬᠢᠨᠠᠯᠲᠠ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ | ᠬᠢᠨᠠᠮᠠᠭᠠᠢ ᠴᠡᠭᠴᠡᠯᠡᠨ ᠥᠭᠡᠷᠡᠴᠢᠯᠡᠵᠦ᠂ ᠬᠢᠨᠠᠯᠲᠠ ᠪᠣᠳᠣᠯᠲᠠ ᠳᠤ ᠳᠤᠷᠠᠳᠤᠨ ᠭᠠᠷᠭᠠᠭᠰᠠᠨ ᠰᠠᠨᠠᠭᠤᠯᠭ᠎ᠠ ᠶᠢ ᠭᠦᠨᠵᠡᠭᠡᠢ | ᠰᠤᠳᠤᠯᠬᠤ ᠪᠠ ᠬᠡᠷᠡᠭᠯᠡᠵᠦ᠂ ᠡᠯ᠎ᠡ ᠬᠦᠷᠢᠶ᠎ᠡ ᠴᠠᠷᠠᠭᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠳᠦᠷᠢᠮ | ᠭᠤᠷᠢᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠥᠭᠡᠷᠡᠴᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠶᠠᠳᠠᠭᠤ ᠶᠢ ᠲᠡᠳᠬᠦᠬᠦ ᠬᠦᠷᠢᠶ᠎ᠡ | ᠴᠠᠷᠠᠭ᠎ᠠ ᠳᠤ᠂ ᠣᠯᠠᠨ ᠵᠦᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠥᠭᠡᠷᠡᠴᠢᠯᠡᠬᠦ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠠᠢ᠃ ᠨᠢᠭᠡ ᠳᠤ᠂ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠳᠤ᠂ | ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ ᠪᠠᠶᠢᠴᠠᠭᠠᠯᠲᠠ ᠬᠢᠬᠦ ᠶᠢᠨ ᠳᠠᠭᠠᠤ ᠴᠡᠭᠴᠡᠯᠡᠨ ᠥᠭᠡᠷᠡᠴᠢᠯᠡᠵᠦ᠂ | ᠰᠠᠭᠤᠳᠬᠠᠨ ᠦᠯᠡᠳᠡᠭᠡᠭᠰᠡᠨ ᠰᠤᠯᠠ ᠪᠡᠯᠡ ᠮᠥᠩᠭᠦ ᠶᠢ ᠰᠠᠯᠭᠠᠨ ᠥᠭᠴᠦ᠂ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ | ᠡᠷᠭᠢᠭᠦᠯᠦᠨ ᠪᠤᠴᠠᠭᠠᠵᠤ᠂ ᠤᠯᠤᠰ ᠤᠨ ᠬᠥᠮᠥᠷᠭᠡ ᠳᠤ ᠲᠤᠰᠢᠶᠠᠵᠤ ᠳᠠᠬᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ | ᠲᠣᠬᠢᠷᠠᠭᠤᠯᠤᠨ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ | ᠥᠭᠡᠷᠡᠴᠢᠯᠡᠵᠦ ᠳᠡᠶᠢᠯᠬᠦ ᠦᠭᠡᠢ ᠪᠣᠯ᠂ ᠬᠢᠨᠠᠨ ᠪᠣᠳᠣᠬᠤ ᠲᠣᠭᠲᠠᠭᠠᠯ ᠭᠠᠷᠭᠠᠵᠤ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠬᠦ ᠶᠢᠨ ᠬᠠᠮᠲᠤ᠂ ︽ᠪᠤᠴᠠᠵᠤ ᠪᠠᠶᠢᠴᠠᠭᠠᠨ ᠦᠵᠡᠬᠦ︾ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ | ᠪᠠᠶᠢᠭᠠᠳ ᠰᠢᠮᠳᠠᠭᠤᠯᠤᠨ ᠪᠠᠶᠢᠴᠠᠭᠠᠵᠠᠢ᠃ ᠭᠤᠷᠪᠠ ᠳᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠡᠭᠦᠷᠭᠡ | ᠲᠤᠰᠢᠶᠠᠯ ᠢᠶᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠳᠤ᠂ ᠵᠠᠰᠠᠭ ᠤᠨ ᠣᠷᠳᠣᠨ ᠵᠢᠴᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠪᠡ᠃ ᠳᠥᠷᠪᠡ ᠳᠤ᠂ ᠰᠠᠬᠢᠯᠭ᠎ᠠ | ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠬᠤᠯᠪᠣᠭᠳᠠᠭᠰᠠᠨ ᠢᠶᠠᠷ ᠰᠡᠵᠢᠯᠡᠭᠳᠡᠭᠰᠡᠨ ᠪᠣᠯ᠂ | ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠵᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ | ᠰᠢᠢᠳᠪᠦᠷᠢᠯᠡᠪᠡ᠃ ᠲᠠᠪᠤ ᠳᠤ᠂ ᠢᠯᠡᠷᠡᠭᠦᠯᠦᠭᠰᠡᠨ ᠨᠡᠶᠢᠲᠡᠴᠢ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ᠂ ᠬᠢᠨᠠᠨ | ᠪᠣᠳᠣᠬᠤ ᠰᠠᠨᠠᠭᠤᠯᠭ᠎ᠠ ᠳᠤᠷᠠᠳᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠳᠦᠷᠢᠮ ᠲᠣᠭᠲᠠᠭᠠᠯ ᠢ | ᠲᠡᠭᠦᠯᠳᠡᠷᠵᠢᠭᠦᠯᠵᠦ᠂ ᠠᠯᠳᠠᠭᠳᠠᠯ ᠳᠤᠲᠠᠭᠳᠠᠯ ᠢ ᠨᠢ ᠨᠥᠬᠦᠪᠦᠷᠢᠯᠡᠪᠡ᠃ | ᠬᠥᠲᠥᠯᠥᠭᠴᠢ᠄ 2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ | ᠡᠨᠡ ᠵᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠠᠵᠢᠯ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ | ᠪᠣᠢ︖ ᠵᠠᠩ ᠯᠢᠶᠠᠩ᠄ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠡᠷᠦᠩᠬᠡᠢ | ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ | ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠲᠦᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ | ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠲᠥᠪᠯᠡᠷᠡᠯ ᠤᠨ ᠴᠡᠭ ᠢᠶᠠᠨ ᠠᠯᠳᠠᠬᠤ ᠦᠭᠡᠢ᠂ ᠭᠤᠣᠯᠳᠠᠯᠭ᠎ᠠ ᠪᠠᠨ ᠬᠤᠪᠢᠷᠠᠭᠤᠯᠬᠤ ᠦᠭᠡᠢ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠨ ᠨᠠᠮ ᠵᠠᠰᠠᠭ ᠤᠨ | ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠯᠲᠠ ᠪᠣᠳᠣᠯᠲᠠ ᠳᠤ ᠣᠷᠣᠭᠤᠯᠤᠨ ᠬᠠᠮᠲᠤ ᠳᠤ ᠨᠢ | ᠥᠷᠨᠢᠭᠦᠯᠦᠨ᠎ᠡ᠃ ᠨᠢᠭᠡ ᠳᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ | ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠡᠲᠡᠭᠡᠳ ᠲᠤ ᠬᠢᠨᠠᠨ ᠪᠣᠳᠣᠬᠤ ᠶᠢ ᠪᠦᠬᠦ | ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ | ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠠᠴᠠ᠂ ᠮᠠᠯᠴᠢᠨ ᠲᠠᠷᠢᠶᠠᠴᠢᠨ ᠳᠤ ᠬᠤᠯᠪᠣᠭᠳᠠᠭᠰᠠᠨ ᠪᠡᠯᠡ ᠮᠥᠩᠭᠦ ᠶᠢ | ᠨᠡᠶᠢᠯᠡᠭᠦᠯᠦᠨ ᠨᠢᠭᠡᠳᠬᠡᠵᠦ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠳᠤ | ᠬᠦᠷᠲᠡᠯ᠎ᠡ ᠬᠥᠨᠳᠡᠯᠡᠨ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠤᠲᠠ ᠰᠢᠶᠠᠨ ᠤ ᠳᠡᠰ ᠤᠨ ᠵᠠᠰᠠᠭ ᠤᠨ | ᠣᠷᠳᠣᠨ ᠠᠴᠠ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠲᠥᠷᠥᠯ ᠵᠦᠢᠯ ᠢ ᠬᠠᠮᠤᠷᠤᠭᠤᠯᠤᠭᠰᠠᠨ | ᠮᠠᠯᠴᠢᠨ ᠲᠠᠷᠢᠶᠠᠴᠢᠨ ᠡᠷᠦᠬᠡ ᠳᠤ ᠬᠦᠷᠲᠡᠯ᠎ᠡ᠂ ᠭᠤᠯᠳᠤ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠬᠦ ᠶᠢᠨ ᠬᠠᠮᠲᠤ᠂ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠬᠢᠨᠠᠨ ᠪᠣᠳᠣᠬᠤ | ᠬᠡᠪᠴᠢᠶᠡᠨ ᠳᠤ ᠣᠷᠣᠭᠤᠯᠵᠤ ᠨᠢᠭᠡ ᠴᠣᠭᠴᠠᠵᠢᠭᠤᠯᠤᠨ ᠬᠢᠨᠠᠯᠲᠠ ᠪᠣᠳᠣᠯᠲᠠ ᠬᠢᠨ᠎ᠡ᠃ ᠶᠠᠳᠠᠭᠤ ᠬᠦᠴᠢᠷᠳᠡᠯᠲᠡᠢ ᠬᠤᠰᠢᠭᠤ | ᠰᠢᠶᠠᠨ ᠳᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠮᠠᠨ ᠤ ᠣᠷᠣᠨ ᠳᠤ ᠨᠡᠶᠢᠲᠡ 57 | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠᠶᠢᠵᠤ᠂ 2016 ᠣᠨ ᠠᠴᠠ 2018 ᠣᠨ ᠪᠣᠯᠲᠠᠯ᠎ᠠ ᠮᠠᠨ ᠤ | ᠲᠢᠩᠬᠢᠮ ᠠᠴᠠ ᠮᠥᠷᠳᠡᠨ ᠬᠢᠨᠠᠯᠲᠠ ᠪᠣᠳᠣᠯᠲᠠ ᠪᠠᠷ ᠳᠠᠮᠵᠢᠭᠤᠯᠤᠨ᠂ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ | ᠪᠠᠶᠢᠴᠠᠭᠠᠯᠲᠠ ᠶᠢᠨ ᠬᠡᠯᠪᠡᠷᠢ ᠲᠠᠢ ᠤᠶᠠᠯᠳᠤᠭᠤᠯᠵᠤ ᠪᠠᠶᠢᠭᠠᠳ ᠨᠢᠭᠡᠨᠲᠡ ᠬᠤᠶᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ | ᠪᠡᠶᠡᠯᠡᠭᠦᠯᠪᠡ᠃ 2019 ᠣᠨ ᠳᠤ᠂ ᠪᠢᠳᠡ ᠭᠤᠷᠪᠠᠳᠤᠭᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ | ᠬᠡᠷᠡᠭᠲᠡᠢ᠃ ᠶᠠᠳᠠᠭᠤ ᠠᠴᠠ ᠠᠩᠭᠢᠵᠢᠷᠠᠭ᠎ᠠ ᠦᠭᠡᠢ 20 ᠬᠤᠰᠢᠭᠤ ᠰᠢᠶᠠᠨ ᠳᠤ ᠲᠤᠰᠬᠠᠢ ᠵᠦᠢᠯ ᠤᠨ ᠶᠠᠳᠠᠭᠤ ᠶᠢ ᠲᠡᠳᠬᠦᠬᠦ | ᠬᠢᠨᠠᠯᠲᠠ ᠪᠣᠳᠣᠯᠲᠠ ᠬᠢᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ 31 ᠬᠤᠰᠢᠭᠤ ᠰᠢᠶᠠᠨ ᠳᠤ ︽ᠪᠤᠴᠠᠵᠤ | ᠪᠠᠶᠢᠴᠠᠭᠠᠨ ᠦᠵᠡᠬᠦ︾ ᠭᠤᠣᠯᠳᠠᠯᠭ᠎ᠠ ᠲᠠᠢ ᠪᠠᠷ ᠰᠤᠭᠤᠴᠢᠨ ᠬᠢᠨᠠᠬᠤ ᠠᠵᠢᠯᠯᠠᠭ᠎ᠠ ᠥᠷᠨᠢᠭᠦᠯᠦᠨ᠂ ᠶᠠᠳᠠᠭᠤ ᠬᠦᠴᠢᠷᠳᠡᠯᠲᠡᠢ | ᠬᠥᠮᠥᠨ ᠠᠮᠠ ᠲᠠᠢ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3 | ᠬᠤᠰᠢᠭᠤ ᠰᠢᠶᠠᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ | ᠪᠠᠶᠢᠳᠠᠯ ᠤᠨ ᠬᠢᠨᠠᠯᠲᠠ ᠪᠣᠳᠣᠯᠲᠠ ᠬᠢᠨ᠎ᠡ᠃ ᠡᠭᠦᠨ ᠤ ᠬᠠᠮᠲᠤ᠂ ᠪᠦᠬᠦ ᠣᠷᠣᠨ ᠤ ᠲᠠᠷᠢᠶᠠᠴᠢᠳ ᠲᠤ ᠠᠰᠢᠭ ᠬᠦᠷᠲᠡᠭᠡᠬᠦ | ᠨᠡᠮᠡᠭᠦᠷᠢ ᠶᠢᠨ ︽ᠨᠢᠭᠡ ᠺᠠᠷᠲ ᠢᠶᠠᠷ ᠪᠦᠬᠦᠨ ᠢ ᠭᠦᠢᠴᠡᠳᠬᠡᠬᠦ︾ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠢ | ᠵᠦᠢᠯ ᠤᠨ ᠬᠢᠨᠠᠯᠲᠠ ᠪᠣᠳᠣᠯᠲᠠ ᠬᠢᠨ᠎ᠡ᠃ ᠣᠳᠣᠬᠠᠨ ᠳᠤ ︽ᠲᠠᠪᠤ ᠶᠢ ᠨᠢᠭᠡᠳᠬᠡᠬᠦ︾ ᠬᠤᠶᠠᠷ ᠲᠥᠷᠥᠯ ᠢ ᠶᠠᠭ ᠰᠠᠶᠢᠬᠠᠨ | ᠬᠡᠷᠡᠭᠵᠢᠭᠦᠯᠵᠦ ᠪᠠᠶᠢᠨ᠎ᠠ᠃ ᠬᠤᠶᠠᠷ ᠲᠤ᠂ ᠬᠢᠨᠠᠨ ᠪᠣᠳᠣᠭᠰᠠᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ | ᠬᠢᠨᠠᠨ ᠪᠣᠳᠣᠬᠤ ᠶᠠᠪᠤᠴᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠣᠨᠢᠯᠠᠨ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ︽ | ᠡᠴᠦᠰ ᠲᠤ ᠨᠢ ᠲᠤᠯᠲᠠᠯ᠎ᠠ ᠰᠢᠮᠳᠠᠭᠤᠯᠤᠨ ᠪᠠᠶᠢᠴᠠᠭᠠᠵᠤ︾᠂ ᠬᠢᠨᠠᠨ ᠪᠣᠳᠣᠵᠤ ᠴᠡᠭᠴᠡᠯᠡᠨ ᠥᠭᠡᠷᠡᠴᠢᠯᠡᠬᠦ ᠨᠣᠷᠮ᠎ᠠ ᠶᠢ ᠦᠨᠡᠨ | ᠬᠦ ᠳᠡᠭᠡᠭᠰᠢᠯᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠳᠤ ᠢᠯᠡ ᠪᠠᠷ ᠨᠡᠶᠢᠲᠡᠯᠡᠵᠦ᠂ ᠨᠡᠶᠢᠭᠡᠮ ᠤᠨ | ᠬᠢᠨᠠᠯᠲᠠ ᠲᠠᠯᠪᠢᠯᠲᠠ ᠶᠢ ᠬᠦᠯᠢᠶᠡᠨ᠎ᠡ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠠᠰᠠᠭᠤᠳᠠᠯ ᠳᠤ᠂ ᠳᠦᠷᠢᠮ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠴᠢᠩᠭ᠎ᠠ | ᠰᠢᠢᠳᠬᠡᠵᠦ᠂ ᠰᠦᠷ ᠦᠢᠯᠡᠳᠦᠯ ᠦᠵᠡᠭᠦᠯᠬᠦ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠ ᠬᠢᠨᠠᠨ | ᠪᠣᠳᠣᠬᠤ ᠠᠷᠭ᠎ᠠ ᠠᠪᠴᠠᠯ ᠢᠶᠠᠨ ᠰᠠᠶᠢᠵᠢᠷᠠᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠭᠤᠣᠯ ᠱᠤᠭᠤᠮ ᠪᠣᠯᠭᠠᠨ | ᠂ ᠶᠠᠳᠠᠭᠤ ᠶᠢ ᠲᠡᠳᠬᠦᠬᠦ ᠲᠥᠷᠥᠯ ᠵᠦᠢᠯ ᠲᠠᠢ ᠤᠶᠠᠯᠳᠤᠭᠤᠯᠵᠤ᠂ ᠬᠢᠨᠠᠨ ᠪᠣᠳᠣᠬᠤ ᠠᠷᠭ᠎ᠠ ᠬᠡᠯᠪᠡᠷᠢ ᠳᠤ ᠰᠢᠨ᠎ᠡ ᠶᠢ | ᠡᠭᠦᠳᠦᠨ᠂ ᠮᠡᠳᠡᠭᠡ ᠵᠠᠩᠭᠢᠵᠢᠯᠲᠠ ᠠᠴᠠ ᠡᠬᠢ ᠪᠠᠶᠠᠯᠢᠭ ᠠᠪᠴᠤ᠂ ᠲᠣᠮᠣ ᠳ᠋ᠠᠶᠢᠲ᠋ᠠ ᠪᠠᠷ ᠬᠢᠨᠠᠨ ᠪᠣᠳᠣᠬᠤ ᠠᠷᠭ᠎ᠠ ᠠᠪᠴᠠᠯ ᠢ | ᠭᠦᠢᠴᠡᠳ ᠠᠰᠢᠭᠯᠠᠨ᠂ ᠢᠯᠡᠷᠡᠭᠦᠯᠦᠭᠰᠡᠨ ᠰᠡᠵᠢᠭᠲᠡᠢ ᠬᠡᠷᠡᠭ ᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠵᠤ᠂ ᠬᠢᠨᠠᠨ | ᠪᠣᠳᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠥᠲᠥᠯᠥᠭᠴᠢ᠄ ᠰᠠᠶᠢᠨ ᠪᠣᠯᠣᠯ᠎ᠠ᠃ ᠴᠠᠭ ᠤᠨ ᠬᠠᠷᠠᠭ᠎ᠠ ᠠᠴᠠ | ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢᠨ ᠲᠠᠶᠢᠯᠤᠮᠵᠢ | ᠬᠢᠭᠰᠡᠨ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ | ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ ᠵᠠᠩ ᠯᠢᠶᠠᠩ᠄ ᠪᠠᠶᠠᠷᠲᠠᠢ︕ |