ᠰᠢᠨᠡᠪᠤᠯᠠᠭ ᠭᠠᠴᠠᠭ᠎ᠠ ᠨᠢ  ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2020/6/8
   ᠰᠢᠨᠡᠪᠤᠯᠠᠭ ᠭᠠᠴᠠᠭ᠎ᠠ ᠨᠢ  ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ ᠪᠤᠢ                                          ᠬᠤᠭᠤᠯᠠᠲᠤ ᠶᠢᠨ ᠭᠤᠣᠯ ᠪᠠᠯᠭᠠᠰᠤᠨ ᠤ ᠰᠢᠨᠡᠪᠤᠯᠠᠭ ᠭᠠᠴᠠᠭ᠎ᠠ ᠨᠢ ᠤᠯᠠᠨ ᠲᠦᠷᠦᠯ ᠤᠨ ᠠᠷᠭ᠎ᠠ ᠪᠠᠷᠢᠯ ᠢᠶᠠᠷ ᠠᠮᠢ ᠠᠬᠤᠢ ᠶᠢᠨ ᠪᠣᠯᠪᠠᠰᠤᠨ ᠤ   ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ ᠪᠤᠢ᠃       ᠰᠤᠷᠪᠤᠯᠵᠢᠯᠠᠭᠴᠢ ᠰᠢᠨᠡᠪᠤᠯᠠᠭ ᠭᠠᠴᠠᠭᠠᠨ ᠳᠤ ᠬᠦᠷᠬᠦ ᠳᠤ᠂ ᠲᠡᠭᠰᠢᠯᠡᠵᠦ ᠵᠠᠰᠠᠭᠰᠠᠨ ᠭᠤᠤ ᠭᠠᠩᠭ᠎ᠠ᠂ ᠰᠠᠶ᠋ᠢᠬᠠᠨ ᠴᠣᠬᠤᠶᠢᠭᠰᠠᠨ ᠨᠢᠯᠬ᠎ᠠ ᠨᠣᠭᠤᠭ᠎ᠠ ᠬᠠᠷᠠᠭᠠᠨ ᠳᠤ ᠳᠤᠰᠤᠯ᠎ᠠ᠃ ᠬᠡᠳᠦᠨ ᠵᠢᠯ ᠤᠨ ᠡᠮᠦᠨ᠎ᠡ᠂ ᠪᠣᠷᠣᠭᠠᠨ ᠣᠷᠤᠬᠤ ᠪᠤᠯᠭᠠᠨ ᠠᠭᠤᠯᠠᠨ ᠤ ᠰᠢᠪᠠᠷ ᠰᠢᠷᠤᠢ ᠤᠷᠤᠰᠤᠨ ᠪᠠᠭᠤᠵᠤ᠂ ᠣᠶᠢᠷ᠎ᠠ ᠬᠠᠪᠢ ᠶᠢᠨ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠢ ᠨᠥᠯᠥᠭᠡᠯᠡᠳᠡᠭ ᠪᠠᠶᠢᠵᠠᠢ᠃ ᠡᠨᠡᠬᠦ ᠪᠠᠶᠢᠳᠠᠯ ᠳᠤ ᠴᠢᠭᠯᠡᠭᠦᠯᠦᠨ᠂ ᠭᠠᠴᠠᠭᠠᠨ ᠤ ᠮᠠᠯᠴᠢᠳ ᠴᠢᠯᠠᠭᠤ ᠵᠥᠭᠡᠭᠡᠪᠦᠷᠢᠯᠡᠨ ᠭᠤᠤ ᠭᠠᠩᠭ᠎ᠠ ᠶᠢ ᠪᠦᠭᠯᠡᠵᠦ᠂ ᠤᠰᠤ ᠬᠥᠷᠥᠰᠦ ᠶᠢ ᠵᠠᠰᠠᠵᠤ᠂ ᠡᠪᠡᠰᠦ ᠮᠣᠳᠣ ᠲᠣᠬᠢᠷᠠᠬᠤ ᠭᠠᠵᠠᠷ ᠲᠤᠨᠢ ᠡᠪᠡᠰᠦ ᠮᠣᠳᠣ ᠲᠠᠷᠢᠵᠠᠢ ᠃ ᠬᠤᠰᠢᠭᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠲᠤᠰ ᠭᠠᠴᠠᠭᠠᠨ ᠳᠤ ᠪᠡᠭᠡᠵᠢᠩ ᠲᠢᠶᠠᠨᠵᠢᠨ ᠤ ᠡᠯᠡᠰᠦ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠭᠠᠪᠵᠢ ᠣᠪᠣᠭᠠᠨ ᠤ ᠤᠷᠤᠰᠬᠠᠯ ᠤᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠦᠨ᠂180 ᠮᠦ ᠭᠠᠵᠠᠷ ᠲᠤ ᠮᠣᠳᠣ ᠲᠠᠷᠢᠨ᠂ ᠡᠯᠡᠰᠦᠷᠬᠡᠭᠵᠢᠬᠦ ᠶᠢ ᠬᠤᠷᠢᠭᠯᠠᠵᠠᠢ᠃      ᠭᠠᠴᠠᠭᠠᠨ ᠠᠴᠠ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠠᠷᠠᠳ ᠣᠯᠠᠨ ᠢ ᠠᠮᠢ ᠠᠬᠤᠢ ᠶᠢᠨ ᠪᠣᠯᠪᠠᠰᠤᠨ ᠲᠠᠢ ᠵᠣᠬᠢᠴᠠᠭᠰᠠᠨ ᠠᠮᠢᠳᠤᠷᠠᠯ ᠦᠢᠯᠡᠳᠪᠦᠷᠢᠯᠡᠯ ᠤᠨ ᠠᠷᠭ᠎ᠠ ᠬᠡᠯᠪᠡᠷᠢ ᠲᠠᠢ ᠪᠣᠯᠬᠤ ᠶᠢ ᠵᠢᠯᠣᠭᠤᠳᠤᠨ᠂ ᠠᠭᠤᠯᠠ ᠤᠰᠤ᠂ ᠡᠪᠡᠰᠦ ᠤᠷᠭᠤᠮᠠᠯ ᠢᠶᠠᠨ ᠬᠠᠮᠠᠭᠠᠯᠠᠵᠠᠢ᠃ ᠭᠠᠴᠠᠭᠠᠨ ᠤ ᠨᠠᠮ ᠤᠨ ᠭᠡᠰᠢᠭᠦᠳ ᠠᠴᠠ ᠮᠠᠯᠴᠢᠨ ᠲᠦᠮᠡᠨ ᠢᠶᠠᠨ ᠳᠠᠶᠢᠴᠢᠯᠠᠨ ᠠᠮᠢ ᠠᠬᠤᠢ ᠶᠢᠨ ᠣᠷᠴᠢᠨ ᠲᠣᠭᠤᠷᠢᠨ ᠢᠶᠠᠨ ᠬᠠᠮᠠᠭᠠᠯᠠᠬᠤ ᠠᠵᠢᠯ ᠳᠤ ᠢᠳᠡᠪᠬᠢᠯᠡᠵᠦ᠂ ᠮᠠᠯᠴᠢᠳ ᠴᠦ ᠨᠤᠲᠤᠭ ᠤᠰᠤ ᠪᠠᠨ ᠨᠢᠳᠦᠨ ᠴᠡᠴᠡᠭᠡᠢ ᠪᠠᠨ ᠰᠢᠭ ᠬᠠᠶᠢᠷᠠᠯᠠᠨ  ᠬᠠᠮᠠᠭᠠᠯᠠᠵᠤ᠂ ᠣᠷᠴᠢᠨ ᠲᠣᠭᠤᠷᠢᠨ ᠢᠶᠠᠨ ᠵᠠᠰᠠᠬᠤ᠂ ᠬᠠᠰᠢᠶᠠᠯᠠᠨ ᠮᠠᠯᠵᠢᠬᠤ᠂ ᠰᠠᠶᠢᠨ ᠡᠭᠦᠯᠳᠡᠷ ᠤᠨ ᠮᠠᠯ ᠮᠠᠯᠵᠢᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠰᠢᠨᠡᠪᠤᠯᠠᠭ ᠭᠠᠴᠠᠭᠠᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠷᠬᠡᠢ ᠰᠠᠶᠢᠵᠢᠷᠠᠯᠲᠠ ᠲᠠᠢ ᠪᠣᠯᠵᠠᠢ᠃    ᠬᠤᠭᠤᠯᠠᠲᠤ ᠶᠢᠨ ᠭᠤᠣᠯ ᠪᠠᠯᠭᠠᠰᠤᠨ ᠤ ᠰᠢᠨᠡᠪᠤᠯᠠᠭ ᠭᠠᠴᠠᠭᠠᠨ ᠤ ᠭᠠᠴᠠᠭᠠᠨ ᠳᠠᠷᠤᠭ᠎ᠠ ᠨᠠᠰᠤᠠᠠᠥ᠋ᠯᠵᠡᠢ ᠰᠤᠷᠪᠤᠯᠵᠢᠯᠠᠭ᠎ᠠ ᠬᠦᠯᠢᠶᠡᠬᠦ ᠳᠡᠭᠡᠨ  ᠄ ︽ᠮᠠᠨ ᠤ ᠭᠠᠴᠠᠭ᠎ᠠ 2017 ᠣᠨ ᠳᠤ ᠪᠡᠭᠡᠵᠢᠩ ᠲᠢᠶᠠᠨᠵᠢᠨ ᠤ ᠡᠯᠡᠰᠦ ᠶᠢ ᠵᠠᠰᠠᠬᠤ ᠲᠥᠷᠥᠯ ᠵᠦᠢᠯ ᠢ ᠡᠷᠡᠮᠡᠯᠵᠡᠯᠡᠨ ᠣᠯᠵᠤ᠂ ᠡᠯᠡᠰᠦ ᠶᠢ ᠵᠠᠰᠠᠭᠰᠠᠨ ᠲᠠᠯᠠᠪᠠᠢ ᠨᠢ ᠣᠳᠣ 13400 ᠮᠦ ᠬᠦᠷᠴᠡᠢ᠂ ᠮᠠᠯᠴᠢᠳ ᠪᠦᠷ ᠰᠠᠶᠢᠨ ᠳᠤᠷ᠎ᠠ ᠠᠴᠠ ᠪᠠᠨ ᠲᠤᠰ ᠲᠥᠷᠥᠯ ᠵᠦᠢᠯ ᠳᠤ ᠣᠷᠣᠯᠴᠠᠭᠰᠠᠨ ᠶᠤᠮ᠃ ᠮᠠᠨ ᠤ ᠭᠠᠴᠠᠭ᠎ᠠ ᠨᠢᠭᠡᠳᠦᠭᠡᠷ ᠡᠭᠡᠯᠵᠢ ᠪᠣᠯᠣᠨ ᠬᠤᠶᠠᠳᠤᠭᠠᠷ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠠᠬᠢᠭᠤᠯᠵᠤ᠂ 21 ᠡᠷᠦᠬᠡ ᠰᠠᠶᠢᠨ ᠳᠤᠷ᠎ᠠ ᠠᠴᠠ ᠪᠠᠨ ᠬᠠᠰᠢᠶᠠᠯᠠᠨ ᠮᠠᠯᠵᠢᠵᠤ᠂ ᠠᠮᠢ ᠠᠬᠤᠢ ᠪᠠᠨ ᠬᠠᠮᠠᠭᠠᠯᠠᠵᠤ ᠪᠠᠶᠢᠨ᠎ᠠ᠃ ᠳᠠᠷᠠᠭᠠᠴᠢ ᠪᠠᠷ ᠪᠢᠳᠡ ᠦᠷᠭᠦᠯᠵᠢᠯᠡᠨ ᠪᠦᠯᠬᠦᠮᠳᠡᠨ ᠬᠠᠪᠰᠤᠷᠤᠯᠴᠠᠵᠤ ᠮᠠᠯᠴᠢᠳ ᠢᠶᠠᠨ ᠳᠠᠶᠢᠴᠢᠯᠠᠨ᠂ ᠠᠮᠢ ᠠᠬᠤᠢ ᠪᠠᠨ ᠨᠡᠩ ᠰᠠᠶᠢᠨ ᠪᠦᠲᠦᠭᠡᠨ ᠪᠠᠶᠢᠭᠤᠯᠤᠨ᠎ᠠ︾ ᠭᠡᠯ᠎ᠡ᠃     ᠪᠣᠯᠪᠠᠰᠤᠨ ᠭᠠᠴᠠᠭ᠎ᠠ ᠲᠣᠰᠬᠤᠨ᠂ ᠣᠷᠣᠨ ᠤ ᠳᠡᠰ ᠤᠨ ᠡᠷᠡᠭᠦᠯ ᠬᠠᠮᠠᠭᠠᠯᠠᠯ ᠤᠨ ᠭᠠᠴᠠᠭ᠎ᠠ ᠵᠡᠷᠭᠡ ᠢᠷᠠᠭᠤ ᠠᠯᠳᠠᠷ ᠢ ᠣᠯᠣᠭᠰᠠᠨ ᠰᠢᠨᠡᠪᠤᠯᠠᠭ ᠭᠠᠴᠠᠭ᠎ᠠ ᠨᠢ ᠥᠨᠥᠳᠥᠷ ᠪᠣᠯᠬᠤ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯᠲᠡ ᠶᠢ ᠪᠣᠳᠠᠲᠠᠢ ᠨᠠᠶᠢᠳᠠᠪᠤᠷᠢᠵᠢᠭᠤᠯᠤᠨ᠂ ᠨᠤᠲᠤᠭ ᠤᠰᠤ ᠪᠠᠨ ᠠᠮᠢ ᠲᠠᠢ ᠪᠠᠨ ᠬᠤᠯᠪᠣᠨ᠂ ᠲᠠᠯ᠎ᠠ ᠨᠤᠲᠤᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠪᠠᠨ ᠡᠷᠭᠦᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ  ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号