ᠯᠢ ᠴᠦᠨ ᠶᠢᠩ ᠵᠠᠯᠭᠠᠪᠡᠷ 1067 ᠰᠡᠳᠦᠪ ᠬᠠᠷᠢᠭᠤᠯᠵᠤ ︽ᠰᠤᠷᠤᠯᠴᠠᠯᠭ᠎ᠠ ᠪᠠᠷ ᠣᠯᠣᠰ ᠢᠶᠠᠨ ᠬᠦᠴᠦᠷᠭᠡᠭᠵᠢᠬᠦᠯᠬᠦ︾  ᠲᠠᠪᠴᠠᠩ ᠤᠨ ᠰᠤᠷᠤᠯᠴᠠᠯᠭ᠎ᠠ ᠶᠢᠨ ᠰᠤᠳᠤᠨ ᠢᠶᠠᠷ ᠲᠤᠳᠤᠷᠠᠪᠠ
ᠨᠡᠶᠢᠲᠡᠯᠡᠭᠰᠡᠨ ᠴᠠᠭ᠄
2020/7/1
    ᠯᠢ ᠴᠦᠨ ᠶᠢᠩ ᠵᠠᠯᠭᠠᠪᠡᠷ 1067 ᠰᠡᠳᠦᠪ ᠬᠠᠷᠢᠭᠤᠯᠵᠤ ︽ᠰᠤᠷᠤᠯᠴᠠᠯᠭ᠎ᠠ ᠪᠠᠷ ᠣᠯᠣᠰ ᠢᠶᠠᠨ ᠬᠦᠴᠦᠷᠭᠡᠭᠵᠢᠬᠦᠯᠬᠦ ︾  ᠲᠠᠪᠴᠠᠩ ᠤᠨ ᠰᠤᠷᠤᠯᠴᠠᠯᠭ᠎ᠠ ᠶᠢᠨ ᠰᠤᠳᠤᠨ ᠢᠶᠠᠷ ᠲᠤᠳᠤᠷᠠᠪᠠ                                                            ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ ᠲᠠᠪᠴᠠᠩ ᠪᠤᠯ ᠡᠯᠪᠡᠭ ᠪᠠᠶᠠᠯᠢᠭ ᠠᠭᠤᠯᠭ᠎ᠠ ᠶᠢ ᠬᠠᠮᠤᠷᠠᠨ᠂ ᠦᠷᠭᠡᠨ ᠤᠯᠠᠨ ᠨᠠᠮ ᠤᠨ ᠬᠡᠰᠢᠬᠦᠳ ᠤᠨ ᠡᠲᠦᠷ ᠪᠦᠷᠢ ᠰᠤᠷᠤᠯᠴᠠᠨ᠂ ᠤᠨᠤᠯ ᠮᠡᠳᠡᠯᠭᠡ ᠶᠢᠨ ︽ᠰᠢᠮ᠎ᠡ ᠲᠡᠵᠢᠭᠡᠯ︾ ᠨᠦᠬᠦᠪᠦᠷᠢᠯᠡᠨ ᠴᠡᠨᠡᠭᠯᠡᠵᠦ᠂ ᠡᠯ᠎ᠡ ᠵᠦᠢᠯ ᠤᠨ ᠮᠡᠳᠡᠯᠭᠡ ᠮᠡᠳᠡᠴᠡ ᠶᠢ ᠰᠤᠷᠴᠤ ᠡᠵᠡᠮᠰᠢᠳᠡᠭ ᠰᠤᠷᠤᠯᠴᠠᠯᠭ᠎ᠠ ᠶᠢᠨ ᠲᠠᠪᠴᠠᠩ ᠪᠤᠯᠬᠤ ᠶᠤᠮ᠃  ᠡᠬᠦᠨ ᠳᠤ ᠦᠷᠢᠰᠦᠯᠳᠦᠭᠡᠨ ᠢᠶᠠᠷ ᠰᠡᠳᠦᠪ ᠬᠠᠷᠢᠭᠤᠯᠬᠤ ᠬᠡᠰᠡᠭ ᠨᠢ ᠨᠢᠭᠡᠨ ᠬᠢᠯᠠᠰ ᠴᠡᠭ ᠪᠤᠯᠵᠤ᠂ ᠨᠠᠮ ᠤᠨ ᠬᠡᠰᠢᠬᠦᠳ ᠤᠨ ᠠᠩᠬᠠᠷᠤᠯ ᠳᠤ ᠬᠦᠷᠴᠦ᠂ ᠤᠯᠠᠨ ᠤᠯᠠᠨ ᠬᠦᠮᠦᠰ ᠦᠷᠢᠰᠦᠯᠳᠦᠭᠡᠨ ᠢᠶᠠᠷ ᠰᠡᠳᠦᠪ ᠬᠠᠷᠢᠭᠤᠯᠬᠤ ᠳᠤ ᠢᠳᠡᠪᠬᠢᠲᠠᠢ ᠤᠷᠤᠯᠴᠠᠵᠤ᠂ ᠦᠷ᠎ᠡ ᠪᠦᠲᠦᠮᠵᠢ ᠢᠶᠠᠨ ᠠᠳᠠᠯᠢᠳᠬᠠᠳᠠᠭ ᠪᠤᠯᠤᠭᠰᠠᠨ ᠨᠢ ᠪᠠᠭ᠋ᠠᠷᠬᠠᠯᠲᠠᠢ᠃ ᠡᠬᠦᠨ ᠤ ᠲᠤᠳᠤᠷᠠᠬᠢ ᠨᠢᠭᠡᠨ ᠪᠤᠯ ᠯᠢ ᠴᠦᠨ ᠶᠢᠩ ᠪᠤᠯᠤᠨ᠎ᠠ᠃ ᠲᠡᠷᠡᠪᠡᠷ 72 ᠮᠢᠨᠤᠲ ᠭᠡᠷᠡᠭᠯᠡᠨ 1067 ᠰᠡᠳᠦᠪ ᠬᠠᠷᠢᠭᠤᠯᠵᠤ᠂ ᠰᠡᠳᠦᠪ ᠬᠠᠷᠢᠭᠤᠯᠬᠤ ᠦᠷᠢᠰᠦᠯᠳᠦᠭᠡᠨ ᠤ  ᠪᠤᠭᠤᠮᠳᠠ ᠶᠢ ᠠᠮᠵᠢᠯᠳᠠᠳᠠᠢ ᠲᠠᠪᠠᠨ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ ᠲᠠᠪᠴᠠᠩ ᠤᠨ ᠰᠤᠷᠤᠯᠴᠠᠯᠭ᠎ᠠ ᠶᠢᠨ ᠰᠤᠳᠤᠨ ᠢᠶᠠᠷ ᠲᠤᠳᠤᠷᠠᠭᠰᠨ ᠪᠠᠶᠢᠨ᠎ᠠ᠃
     ᠯᠢ ᠴᠦᠨ ᠶᠢᠩ ᠪᠤᠯ ᠪᠠᠷᠠᠭᠤᠨ ᠦᠵᠦᠮᠦᠴᠢᠨ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠡᠭᠦᠷ ᠤᠨ ᠲᠡᠳ᠋ ᠱᠦᠵᠢ᠂ ᠠᠯᠪᠠᠨ ᠭᠡᠷ ᠤᠨ ᠡᠷᠬᠢᠯᠡᠭᠴᠢ ᠶᠢᠨ ᠠᠵᠢᠯ ᠢ ᠬᠤᠪᠢᠳᠠᠨ ᠬᠢᠵᠦ ᠪᠠᠶᠢᠭ᠎ᠠ ᠨᠠᠮ ᠤᠨ ᠬᠡᠰᠢᠬᠦᠨ ᠪᠤᠯᠬᠤ ᠶᠤᠮ᠃ ᠠᠵᠢᠯ ᠳᠠᠭᠠᠨ ᠨᠠᠷᠢᠨ ᠬᠢᠨᠠᠮᠠᠭᠠᠢ ᠪᠠᠶᠢᠳᠠᠭ ᠲᠡᠷᠡᠪᠡᠷ 2019 ᠤᠨ ᠤ 4 ᠰᠠᠷ᠎ᠠ ᠶᠢᠨ 15 ᠤ ᠡᠲᠦᠷ ᠠᠩᠬ᠎ᠠ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ ᠲᠠᠪᠴᠠᠩ ᠤᠨAPP ᠶᠢ ᠲᠠᠩᠰᠠᠯᠠᠭᠰᠠᠨ ᠠᠴᠠ ᠨᠠᠰᠢ ᠡᠲᠦᠷ ᠪᠦᠷᠢ ᠰᠤᠷᠤᠯᠴᠠᠬᠤ ᠶᠢ ᠪᠠᠷᠢᠮᠳᠠᠯᠠᠨ᠂ ᠲᠠᠪᠴᠠᠩ ᠢᠶᠠᠨ ᠠᠰᠢᠭᠯᠠᠨ ᠦᠪᠡᠷ ᠤᠨ ᠤᠨᠤᠯ ᠤᠨ ᠮᠡᠳᠡᠯᠭᠡ ᠪᠠᠨ ᠲᠠᠰᠤᠷᠠᠯᠲᠠ ᠦᠭᠡᠢ ᠲᠡᠭᠦᠯᠳᠡᠷᠵᠢᠬᠦᠯᠵᠦ᠂  ᠬᠡᠷᠡᠭᠯᠡᠭᠡᠨ ᠤ ᠴᠢᠨᠠᠷ ᠪᠠ ᠰᠤᠨᠢᠷᠬᠠᠯᠲᠤ ᠴᠢᠨᠠᠷ ᠢ ᠤᠶᠠᠯᠳᠤᠭᠤᠯᠤᠨ᠂ ᠨᠢᠭᠡ ᠵᠢᠯ ᠭᠠᠷᠤᠢ ᠶᠢᠨ ᠬᠤᠭᠤᠴᠠᠭᠠᠨ ᠳᠤ ᠵᠦᠪᠬᠡᠨ ᠰᠤᠷᠤᠯᠴᠠᠯᠭ᠎ᠠ ᠶᠢᠨ ᠡᠭᠦᠷᠭᠡ ᠪᠤᠯᠭᠠᠨ ᠪᠡᠶᠡᠯᠡᠬᠦᠯᠵᠦ ᠢᠷᠡᠭᠰᠡᠨ ᠪᠢᠰᠢ ᠬᠠᠷᠢᠨ ᠡᠲᠦᠷ ᠪᠦᠷᠢ ᠲᠠᠪᠴᠠᠩ ᠳᠤ ᠭᠠᠷᠴᠤ ᠰᠤᠷᠤᠯᠴᠠᠬᠤ ᠪᠠᠷ ᠲᠠᠮᠵᠢᠨ ᠴᠠᠭ ᠲᠦᠷᠦ ᠶᠢᠨ ᠬᠠᠯᠠᠮᠰᠢᠯ ᠠᠰᠠᠭᠤᠳᠠᠯ᠂ ᠮᠡᠳᠡᠯᠭᠡ ᠮᠡᠳᠡᠴᠡᠨ ᠰᠤᠷᠤᠯᠴᠠᠨ  ᠂ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠰᠠᠶᠢᠬᠠᠨ ᠲᠠᠳᠬᠠᠯ ᠲᠠᠢ ᠪᠤᠯᠵᠤ᠂ ᠴᠠᠭ ᠢᠮᠠᠭᠲᠠ ᠰᠤᠷᠤᠯᠴᠠᠨ᠂ ᠴᠠᠭ ᠢᠮᠠᠭᠳᠠ ᠲᠠᠪᠰᠢᠬᠤ ᠶᠢ ᠪᠠᠷᠢᠮᠳᠠᠯᠠᠭᠰᠠᠭᠠᠷ ᠢᠷᠡᠵᠠᠢ᠃
    ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ ᠲᠠᠪᠴᠠᠩ ᠳᠤ ᠡᠷᠬᠡ ᠦᠭᠡᠢ ᠲᠠᠳᠠᠭᠳᠠᠭᠰᠠᠨ ᠯᠢ ᠴᠦᠨ ᠶᠢᠩ ᠦᠷᠢᠰᠦᠯᠳᠦᠭᠡᠨ ᠤ ᠰᠡᠳᠦᠪ ᠬᠠᠷᠢᠭᠤᠯᠬᠤ ᠬᠡᠰᠡᠭ ᠲᠤ ᠬᠠᠮᠤᠭ ᠤᠨ ᠰᠤᠨᠢᠷᠬᠠᠯ ᠲᠠᠢ ᠪᠠᠶᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠤᠯᠤᠨ ᠡᠳ᠋ ᠤᠨ ᠶᠠᠪᠤᠳᠠᠯ ᠤᠨ ᠠᠵᠢᠯ ᠬᠤᠪᠢᠳᠠᠨ ᠬᠢᠵᠦ ᠪᠠᠶᠢᠭ᠎ᠠ ᠲᠡᠭᠦᠨ ᠤ ᠤᠨᠤᠯ ᠤᠨ ᠮᠡᠳᠡᠯᠭᠡ ᠪᠠᠨ ᠠᠰᠢᠭᠯᠠᠨ ᠦᠷᠢᠰᠦᠯᠳᠦᠭᠡᠨ ᠤ ᠰᠡᠳᠦᠪ ᠬᠠᠷᠢᠭᠤᠯᠬᠤ ᠨᠢ ᠰᠤᠷᠤᠭᠰᠠᠨ ᠢᠶᠠᠨ ᠪᠠᠳᠤᠳᠬᠠᠬᠤ ᠨᠠᠨᠳᠢᠨ ᠲᠤᠬᠢᠶᠠᠯ ᠪᠤᠯᠤᠭᠰᠠᠨ ᠪᠠᠶᠢᠵᠠᠢ᠃  ᠲᠡᠷᠡ ᠰᠠᠶ᠋ᠢ ᠡᠬᠢᠯᠡᠬᠦ ᠦᠶᠡᠰ 20 ᠰᠡᠳᠦᠪ ᠬᠠᠷᠢᠭᠤᠯᠳᠠᠭ ᠪᠠᠶᠢᠭᠰᠠᠨ ᠢᠶᠠᠨ100 ᠭᠠᠷᠤᠢ ᠰᠡᠳᠦᠪ ᠬᠡᠬᠦ ᠮᠡᠳᠦᠴᠢᠯᠡᠨ ᠲᠤᠭ᠎ᠠ ᠬᠡᠮᠵᠢᠶ᠎ᠡ ᠨᠢ ᠨᠡᠮᠡᠭᠳᠡᠭᠰᠡᠭᠡᠷ ᠪᠠᠶᠢᠭᠠᠳ ᠨᠢᠭᠡ ᠮᠡᠳᠡᠬᠦ ᠳᠤ 1000 ᠭᠠᠷᠤᠢ ᠰᠡᠳᠦᠪ ᠬᠠᠷᠢᠭᠤᠯᠴᠢᠬᠠᠭᠰᠠᠨ ᠰᠠᠶᠢᠨ ᠬᠢᠷᠢ ᠪᠦᠲᠦᠮᠵᠢ ᠶᠢ ᠤᠯᠵᠤ᠂ ᠤᠷᠮ᠎ᠠ ᠵᠤᠷᠢᠭ ᠨᠢ ᠬᠦᠪᠴᠢᠯᠡᠭᠳᠡᠵᠦ᠂ ᠲᠠᠰᠤᠷᠠᠯᠲᠠ ᠦᠭᠡᠢ ᠰᠦᠪᠡᠭᠴᠢᠯᠡᠨ ᠪᠤᠯᠪᠠᠰᠤᠷᠠᠵᠤ᠂ ᠤᠷᠢᠳ ᠬᠤᠵᠢᠳ ᠤᠯᠠᠨ ᠲᠠᠬᠢᠨ ᠤᠳᠠᠭ᠎ᠠ ᠦᠷᠢᠰᠦᠯᠳᠦᠨ᠂ ᠤᠳᠤ ᠪᠤᠯᠬᠤ ᠳᠤ 1067 ᠰᠡᠳᠦᠪ ᠶᠢ ᠵᠠᠯᠭᠠᠪᠡᠷ ᠵᠦᠪ ᠬᠠᠷᠢᠭᠤᠯᠵᠤ᠂ ᠦᠷᠢᠰᠦᠯᠳᠦᠭᠡᠨ ᠢᠶᠠᠷ ᠰᠡᠳᠦᠪ ᠬᠠᠷᠢᠭᠤᠯᠬᠤ ᠪᠦᠬᠦ ᠪᠤᠭᠤᠮᠳᠠ ᠶᠢ ᠲᠠᠪᠠᠨᠭᠰᠠᠨ ᠶᠤᠮ᠃
      ᠡᠨᠡᠬᠦ ᠰᠠᠶᠢᠨ ᠬᠢᠷᠢ ᠪᠦᠲᠦᠮᠵᠢ ᠨᠢ ᠲᠡᠬᠦᠨ ᠤ ᠶᠡᠷᠦ ᠶᠢᠨ ᠴᠠᠭ ᠤᠨ ᠪᠤᠯᠪᠠᠰᠤᠷᠠᠯ ᠴᠢᠷᠮᠠᠶᠢᠯᠲᠠ ᠠᠴᠠ ᠰᠠᠯᠵᠤ ᠴᠢᠳᠠᠰᠢ ᠦᠭᠡᠢ ᠶᠣᠮ᠃ ᠯᠢ ᠴᠦᠨ ᠶᠢᠩ ᠬᠡᠵᠢᠶᠡᠲᠡ ᠪᠤᠷᠤᠭᠤ ᠬᠠᠷᠢᠭᠤᠯᠤᠭᠰᠠᠨ ᠰᠡᠳᠦᠪ ᠢᠶᠠᠨ ᠨᠠᠷᠢᠯᠢᠭ ᠲᠡᠮᠳᠡᠭᠯᠡᠨ᠂ ᠲᠤᠰᠬᠠᠢ ᠪᠤᠷᠤᠭᠤ ᠰᠡᠳᠦᠪ ᠤᠨ ᠡᠮᠬᠢᠳᠭᠡᠯ ᠤᠨ ᠲᠡᠮᠳᠡᠭᠯᠡᠯ ᠭᠠᠷᠭᠠᠨ᠂ ᠰᠤᠯᠠ ᠰᠡᠯᠡᠬᠦᠦ ᠴᠠᠭ ᠢᠶᠠᠨ ᠠᠰᠢᠭᠯᠠᠨ ᠪᠠᠳᠤᠳᠬᠠᠨ ᠴᠡᠬᠡᠵᠢᠯᠡᠵᠦ ᠪᠠᠶᠢᠳᠠᠭ ᠪᠠ ᠬᠠᠤᠯᠢ ᠴᠠᠭᠠᠵᠠ ᠶᠢᠨ ᠬᠠᠮᠢᠶᠠᠲᠠᠢ ᠰᠡᠳᠦᠪ᠂ ᠡᠷᠳᠡᠨ ᠤ ᠰᠢᠯᠦᠭ ᠲᠠᠭᠤᠯᠠᠯ ᠵᠡᠷᠭᠡ  ᠶᠢ ᠰᠦᠯᠵᠢᠶ᠎ᠡ ᠬᠤᠯᠪᠤᠭ᠎ᠠ ᠶᠢ ᠠᠰᠢᠭᠯᠠᠨ ᠵᠦᠪ ᠬᠠᠷᠢᠭᠤᠯᠲᠠ ᠶᠢ ᠨᠢ ᠬᠠᠶᠢᠵᠤ᠂ ᠲᠠᠶᠢᠯᠪᠤᠷᠢ ᠬᠠᠳᠠᠨ᠂ ᠤᠶᠢᠯᠠᠭᠠᠵᠤ  ᠮᠡᠳᠡᠳᠡᠭ᠃ ᠡᠶᠢᠮᠦᠷᠬᠦ ᠠᠷᠭ᠎ᠠ ᠮᠠᠶ᠋ᠢᠭ ᠪᠠᠷ ᠲᠠᠮᠵᠢᠨ᠂ ᠦᠪᠡᠷ ᠤᠨ ᠮᠡᠳᠡᠯᠭᠡ ᠢᠶᠠᠨ ᠦᠷᠭᠡᠳᠭᠡᠨ᠂ ᠰᠠᠶᠢᠨ ᠰᠠᠶᠢᠬᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠨ᠂ ᠨᠠᠮ ᠤᠨ ᠬᠡᠰᠢᠬᠦᠳ ᠤᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ ᠲᠠᠪᠴᠠᠩ ᠢᠶᠠᠷ ᠲᠠᠮᠵᠢᠨ ᠤᠨᠤᠯ ᠤᠨ ᠰᠤᠷᠤᠯᠴᠠᠯᠭ᠎ᠠ ᠪᠠᠨ  ᠴᠢᠩᠭᠠᠳᠬᠠᠬᠤ   ᠳᠤ ᠬᠡᠪ ᠲᠠᠭᠤᠷᠢᠶᠠᠯ ᠪᠤᠯᠤᠭᠰᠠᠨ ᠪᠠᠶᠢᠨ᠎ᠠ᠃        ᠯᠢ ᠴᠦᠨ ᠶᠢᠩ ᠰᠤᠷᠪᠤᠯᠵᠢᠯᠠᠭᠴᠢ ᠳᠤ᠄ ︽ᠲᠣᠰ ᠲᠠᠪᠴᠠᠩ ᠢ ᠨᠢᠳᠦᠨᠦᠨ ᠡᠬᠢᠯᠡᠵᠦ ᠲᠠᠩᠰᠠᠯᠠᠨ ᠰᠤᠷᠤᠯᠴᠠᠭᠰᠠᠨ  ᠠᠴᠠ ᠠᠪᠤᠭᠠᠳ᠂ ᠡᠲᠦᠷ ᠪᠦᠷᠢ ᠰᠤᠷᠤᠯᠴᠠᠯᠭ᠎ᠠ ᠢᠶᠠᠨ ᠪᠠᠷᠢᠮᠳᠠᠯᠠᠭᠰᠠᠭᠠᠷ ᠢᠷᠡᠵᠠᠢ᠃ ᠠᠩᠬ᠎ᠠ ᠡᠬᠢᠯᠡᠬᠦ ᠳᠤ ᠰᠤᠨᠢᠨ ᠮᠡᠳᠡᠭᠡ ᠵᠡᠷᠭᠡ ᠬᠠᠯᠠᠮᠰᠢᠯ ᠠᠰᠠᠭᠤᠳᠠᠯ ᠢ ᠰᠤᠷᠤᠯᠴᠠᠳᠠᠭ᠃ ᠰᠡᠬᠦᠯᠡᠷ ᠨᠢ ᠡᠯᠪᠡᠭ ᠪᠠᠶᠠᠯᠢᠭ ᠠᠭᠤᠯᠭ᠎ᠠ ᠶᠢ ᠨᠢ ᠰᠤᠷᠤᠯᠴᠠᠬᠤ ᠪᠠᠷ ᠲᠠᠮᠵᠢᠨ ᠠᠭᠠᠵᠢᠮ ᠢᠶᠠᠷ ᠲᠤᠩ ᠲᠤᠷᠠᠲᠠᠢ ᠪᠤᠯᠤᠭᠰᠠᠨ᠃ ᠬᠡᠦᠬᠡᠳ ᠤᠳ ᠴᠦ ᠨᠠᠳᠠ ᠶᠢ ᠲᠠᠭᠠᠨ ᠰᠤᠷᠤᠯᠴᠠᠳᠠᠭ᠃ ᠨᠠᠮ ᠤᠨ ᠪᠠᠶᠢᠭᠤᠯᠤᠯᠲᠠ ᠶᠢᠨ ᠠᠵᠢᠯ ᠢ ᠬᠢᠳᠡᠭ ᠨᠠᠳᠠ ᠳᠤ ᠠᠪᠴᠤ ᠬᠡᠯᠡᠪᠡᠯ ᠰᠤᠯᠠ ᠰᠡᠯᠡᠬᠦᠦ ᠴᠠᠭ ᠢᠶᠠᠨ ᠠᠰᠢᠭᠯᠠᠨ ᠰᠡᠳᠦᠪ ᠬᠠᠷᠢᠭᠤᠯᠬᠤ ᠨᠢ ᠰᠤᠷᠤᠭᠰᠠᠨ ᠢᠶᠠᠨ ᠪᠠᠳᠤᠳᠬᠠᠬᠤ ᠶᠢᠨ ᠵᠡᠷᠭᠡᠪᠡᠷ ᠤᠯᠠᠨ ᠰᠢᠨ᠎ᠡ ᠮᠡᠳᠡᠯᠭᠡ ᠶᠢ ᠤᠯᠵᠤ ᠰᠤᠷᠳᠠᠭ ᠶᠤᠮ᠃ ᠠᠩᠬ᠎ᠠ ᠡᠬᠢᠯᠡᠬᠦ ᠳᠤ 20 ᠰᠡᠳᠦᠪ ᠠᠴᠠ ᠡᠬᠢᠯᠡᠨ ᠬᠠᠷᠢᠭᠤᠯᠳᠠᠭ ᠪᠠᠶᠢᠭᠰᠠᠨ ᠢᠶᠠᠨ 100 ᠰᠡᠳᠦᠪ ᠬᠠᠷᠢᠭᠤᠯᠵᠤ ᠲᠡᠶᠢᠯᠬᠦ ᠪᠤᠯᠵᠤ᠂ ᠤᠳᠤ ᠪᠤᠯᠬᠤ ᠳᠤ 1000 ᠭᠠᠷᠤᠢ ᠰᠡᠳᠦᠪ ᠬᠠᠷᠢᠭᠤᠯᠬᠤ ᠪᠤᠯᠤᠭᠰᠠᠨ ᠳᠠᠭᠠᠨ ᠮᠠᠰᠢ ᠪᠠᠶᠠᠷᠳᠠᠢ ᠪᠠᠶᠢᠨ᠎ᠠ᠃ ᠪᠢ ᠡᠨᠡᠬᠦ ᠦᠷ᠎ᠡ ᠪᠦᠲᠦᠮᠵᠢ ᠪᠠᠨ ᠬᠠᠮᠳᠤ ᠠᠵᠢᠯᠯᠠᠭᠴᠢᠳ ᠲᠠᠭᠠᠨ ᠬᠤᠪᠢᠶᠠᠯᠴᠠᠨ᠂ ᠬᠠᠮᠳᠤᠪᠡᠷ ᠰᠡᠳᠦᠪ ᠬᠠᠷᠢᠭᠤᠯᠬᠤ ᠦᠷᠢᠰᠦᠯᠳᠦᠭᠡᠨ ᠳᠤ ᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃  ᠪᠢᠲᠡ ᠬᠡᠨ ᠨᠢᠭᠡᠨ ᠨᠢ ᠴᠦ ᠵᠦᠪᠬᠡᠨ ᠴᠠᠭ ᠭᠠᠷᠭᠠᠬᠤ  ᠳᠤ ᠬᠦᠷᠪᠡᠯ ᠯᠠᠪᠳᠠᠢ ᠪᠤᠭᠤᠮᠳᠠ ᠲᠠᠪᠠᠵᠤ ᠴᠢᠳᠠᠬᠤ ᠳᠤ ᠪᠠᠳᠤ ᠢᠳᠡᠭᠡᠯ ᠲᠠᠢ ᠪᠠᠶᠢᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号