ᠪᠠᠷᠠᠭᠤᠨ ᠦᠵᠦᠮᠦᠴᠢᠨ ᠬᠤᠰᠢᠭᠤ ᠮᠠᠯᠴᠢᠳ ᠲᠤ ᠰᠠᠶᠢᠨ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠣᠨ ᠦᠭᠴᠦ ᠪᠣᠢ
ᠨᠡᠶᠢᠲᠡᠯᠡᠭᠰᠡᠨ ᠴᠠᠭ᠄
2020/7/10
   ᠪᠠᠷᠠᠭᠤᠨ ᠦᠵᠦᠮᠦᠴᠢᠨ ᠬᠤᠰᠢᠭᠤ ᠮᠠᠯᠴᠢᠳ ᠲᠤ ᠰᠠᠶᠢᠨ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠣᠨ ᠦᠭᠴᠦ ᠪᠣᠢ                                                         ᠪᠠᠷᠠᠭᠤᠨ ᠦᠵᠦᠮᠦᠴᠢᠨ ᠬᠤᠰᠢᠭᠤ ᠨᠢ ᠦᠵᠦᠮᠦᠴᠢᠨ ᠬᠤᠨᠢ ᠪᠠ ᠦᠬᠡᠷ ᠤᠨ ᠡᠭᠦᠯᠳᠡᠷ ᠢ ᠰᠠᠶᠢᠵᠢᠷᠠᠭᠤᠯᠬᠤ ᠡᠬᠦᠳᠡᠨ ᠠᠴᠠ᠂ ᠦᠷ᠎ᠡ ᠶᠢᠨ ᠮᠠᠯ ᠰᠣᠩᠭᠤᠨ ᠪᠣᠶᠢᠵᠢᠭᠤᠯᠬᠤ ᠲᠠᠯᠠᠪᠠᠢ ᠪᠠᠶᠢᠭᠤᠯᠵᠦ᠂ ᠮᠠᠯᠴᠢᠳ ᠲᠤ ᠰᠢᠯᠢᠳᠡᠭ ᠡᠭᠦᠯᠳᠡᠷ  ᠤᠨ ᠦᠷ᠎ᠡ ᠶᠢᠨ ᠮᠠᠯ ᠬᠠᠩᠭᠠᠬᠤ ᠡᠬᠦᠳᠡᠨ ᠠᠴᠠ 2011 ᠣᠨ ᠤ 8 ᠰᠠᠷ᠎ᠠ ᠳᠤ ︽ᠪᠠᠷᠠᠭᠤᠨ ᠦᠵᠦᠮᠦᠴᠢᠨ ᠬᠤᠰᠢᠭᠤᠨ  ᠤ ᠦᠷᠡᠵᠢᠯ ᠮᠠᠯ ᠠᠵᠦ ᠠᠬᠤᠢ ᠶᠢᠨ ᠰᠠᠶᠢᠨ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠬᠤ ᠬᠢᠵᠠᠭᠠᠷᠲᠦ ᠺᠣᠮᠫᠠᠨᠢ  ︾  ᠪᠠᠶᠢᠭᠤᠯᠵᠠᠢ᠃     ᠦᠷᠡᠵᠢᠯ ᠮᠠᠯ ᠠᠵᠦ ᠠᠬᠤᠢ ᠶᠢᠨ ᠰᠠᠶᠢᠨ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠬᠤ ᠬᠢᠵᠠᠭᠠᠷᠲᠦ ᠺᠣᠮᠫᠠᠨᠢ ᠢ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠶᠡᠷᠦᠩᠭᠡᠶᠢᠯᠡᠨ ᠬᠠᠮᠢᠶᠠᠷᠴᠦ᠂ ᠣᠳᠣᠬᠠᠨ ᠳᠤ 9 ᠠᠵᠢᠯᠳᠠᠨ᠂ 1 ᠬᠠᠷᠢᠭᠤᠴᠠᠯᠭᠠᠳᠠᠨ ᠲᠠᠢ ᠪᠠᠶᠢᠵᠦ᠂ ᠣᠷᠢᠳ ᠬᠤᠵᠢᠳ 650 ᠲᠥᠮᠡᠨ ᠲᠦᠭᠦᠷᠢᠭ ᠤᠨ ᠪᠡᠯᠡ ᠣᠷᠣᠭᠤᠯᠵᠦ᠂ 3 ᠰᠠᠭᠤᠷᠢ 2610 ᠲᠡᠭᠰᠢ ᠲᠦᠷᠪᠡᠯᠵᠢᠨ ᠮᠧᠲᠷ ᠤᠨ ᠫᠧᠩ ᠬᠤᠷᠤᠭ᠎ᠠ᠂ 400 ᠲᠡᠭᠰᠢ ᠲᠦᠷᠪᠡᠯᠵᠢᠨ ᠮᠧᠲᠷ ᠤᠨ 2 ᠰᠠᠭᠤᠷᠢ ᠡᠪᠡᠰᠦ ᠬᠠᠳᠠᠭᠠᠯᠠᠬᠤ ᠭᠠᠵᠠᠷ᠂ 310 ᠺᠦᠪ ᠮᠧᠲᠷ ᠤᠨ ᠨᠣᠭᠤᠭᠠᠨ ᠲᠠᠷᠣᠰᠢ ᠬᠠᠳᠠᠭᠠᠯᠠᠬᠤ ᠭᠠᠵᠠᠷ᠂ ᠨᠢᠭᠡ ᠡᠮ ᠤᠨ ᠣᠬᠢᠶᠠᠯᠳᠠ ᠶᠢᠨ ᠭᠠᠵᠠᠷ᠂ 6  ᠦᠢᠯᠡᠳᠪᠦᠷᠢ ᠶᠢᠨ ᠲᠠᠰᠤᠭ ᠪᠠᠶᠢᠭᠤᠯᠵᠠᠢ     ︽ᠪᠠᠷᠠᠭᠤᠨ ᠦᠵᠦᠮᠦᠴᠢᠨ ᠬᠤᠰᠢᠭᠤᠨ ᠤ ᠦᠷᠡᠵᠢᠯ ᠮᠠᠯ ᠠᠵᠦ ᠠᠬᠤᠢ ᠶᠢᠨ ᠰᠠᠶᠢᠨ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠬᠤ ᠬᠢᠵᠠᠭᠠᠷᠲᠦ ᠺᠣᠮᠫᠠᠨᠢ︾ ᠪᠣᠯ ᠣᠣᠯ ᠤᠨ ᠣᠯᠣᠰ ᠠᠴᠠ ᠡᠵᠡᠩᠨᠡᠭᠰᠡᠨ ᠳ᠋ᠠᠴᠢᠨᠪᠣᠯᠠᠭ ᠮᠠᠯᠵᠢᠯ ᠤᠨ ᠲᠠᠯᠠᠪᠠᠢ  ᠶᠢᠨ ᠴᠠᠭᠠᠨ ᠦᠭᠡᠷ ᠤᠨ  ᠬᠤᠪᠢᠶᠠᠷᠢ ᠲᠠᠯᠠᠪᠠᠢ ᠪᠠᠶᠢᠵᠦ᠂ ᠮᠠᠨ ᠤ ᠣᠯᠣᠰ 1964 ᠣᠨ ᠠᠴᠠ 1973 ᠣᠨ ᠤ ᠬᠤᠭᠤᠷᠣᠨᠲᠦ᠂  ᠹᠠᠷᠠᠨᠽᠢ ᠣᠯᠣᠰ ᠠᠴᠠ ᠰᠢᠯᠢᠳᠡᠭ ᠡᠭᠦᠯᠳᠡᠷ ᠤᠨ ᠱᠠᠷᠦ᠋ᠯᠠᠢ ᠴᠠᠭᠠᠨ ᠦᠭᠡᠷ ᠵᠡᠷᠭᠡ ᠮᠢᠬᠠᠨ ᠤ ᠦᠬᠡᠷ ᠣᠷᠣᠭᠤᠯᠣᠨ᠂ ᠡᠯ᠎ᠡ ᠭᠠᠵᠠᠷ ᠤᠨ ᠰᠠᠶᠢᠨ ᠡᠭᠦᠯᠳᠡᠷ ᠤᠨ ᠦᠬᠡᠷ ᠢ  ᠪᠣᠶᠢᠵᠢᠭᠤᠯᠬᠤ ᠶᠢᠨ ᠲᠦᠯᠦᠬᠡ ᠪᠠᠶᠢᠭᠤᠯᠣᠭᠰᠠᠨ ᠣᠯᠣᠰ ᠤᠨ ᠡᠵᠡᠩᠨᠡᠯᠳᠡ ᠶᠢᠨ ᠮᠠᠯᠵᠢᠯ ᠤᠨ ᠲᠠᠯᠠᠪᠠᠢ ᠪᠠᠶᠢᠵᠠᠢ᠃1973 ᠣᠨ ᠤ 10 ᠰᠠᠷ᠎ᠠ ᠳᠤ᠂  ᠣᠯᠣᠰ ᠠᠴᠠ 50 ᠲᠣᠯᠣᠭᠠᠢ ᠱᠠᠷᠦ᠋ᠯᠠᠢ ᠦᠬᠡᠷ ᠣᠷᠣᠭᠤᠯᠵᠦ᠂ 17 ᠲᠣᠯᠣᠭᠠᠢ18 —22 ᠰᠠᠷ᠎ᠠ ᠲᠠᠢ ᠱᠠᠷᠦ᠋ᠯᠠᠢ ᠦᠬᠡᠷ ︵ᠡᠭᠦᠨ ᠳᠤ᠂ ᠦᠨᠢᠶ᠎ᠡ 14 ᠲᠣᠯᠣᠭᠠᠢ᠂ 3 ᠪᠣᠬ᠎ᠠ︶ ᠶᠢ ᠥᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠳᠤ  ᠬᠤᠪᠢᠶᠠᠨ  ᠦᠭᠴᠦ  ᠳ᠋ᠠᠴᠢᠨᠪᠣᠯᠠᠭ ᠮᠠᠯᠵᠢᠯ ᠤᠨ ᠲᠠᠯᠠᠪᠠᠢ ᠳᠤ ᠮᠠᠯᠵᠢᠭᠰᠠᠨ ᠪᠠᠶᠢᠨ᠎ᠠ᠃    ᠣᠳᠣᠬᠠᠨ ᠳᠤ ᠺᠣᠮᠫᠠᠨᠢ ᠨᠢ ᠡᠯ᠎ᠡ ᠲᠦᠷᠦᠯ ᠵᠦᠢᠯ ᠤᠨ ᠲᠦᠷᠢᠮ ᠲᠣᠭᠳᠠᠭᠠᠯ ᠪᠠ ᠵᠥᠬᠡᠯᠡᠨ ᠲᠣᠨᠤᠭ ᠢ ᠪᠦᠷᠢᠨᠰᠢᠭᠦᠯᠦᠨ᠂ ᠲᠣᠮᠳᠠᠳᠦ ᠣᠯᠣᠰ ᠤᠨ ᠲᠠᠷᠢᠶᠠᠯᠠᠩ ᠤᠨ ᠶᠡᠭᠡ ᠰᠣᠷᠭᠠᠭᠤᠯᠢ᠂ ᠥᠪᠦᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ᠂ ᠥᠪᠦᠷ ᠮᠣᠩᠭᠤᠯ ᠤᠨ ᠥᠪᠡᠷᠳᠡᠭᠡᠨ ᠵᠰᠠᠬᠤ ᠣᠷᠣᠨ ᠤ ᠲᠠᠷᠢᠶᠠᠯᠠᠩ ᠰᠢᠨᠵᠢᠯᠡᠬᠦ ᠣᠬᠠᠭᠠᠨ ᠤ ᠬᠦᠷᠢᠶᠡᠯᠡᠩ᠂  ᠰᠢᠯᠢᠩᠭᠤᠣᠯ ᠠᠶᠢᠮᠠᠭ ᠤᠨ ᠠᠵᠢᠯ ᠮᠡᠷᠭᠡᠵᠢᠯ ᠤᠨ ᠰᠣᠷᠭᠠᠭᠤᠯᠢ ᠵᠡᠷᠭᠡ ᠰᠣᠷᠭᠠᠭᠤᠯᠢ ᠲᠠᠢ ᠣᠷᠳᠣ ᠬᠤᠭᠤᠴᠠᠭᠠᠨ ᠤ ᠰᠣᠳᠣᠯᠭᠠᠨ ᠤ ᠬᠠᠮᠳᠣᠷᠠᠨ ᠠᠵᠢᠯᠯᠠᠬᠤ ᠬᠤᠯᠪᠣᠭ᠎ᠠ ᠪᠠᠶᠢᠭᠤᠯᠵᠦ᠂  ᠡᠯ᠎ᠡ ᠲᠦᠷᠦᠯ ᠤᠨ ᠲᠣᠰᠬᠠᠢ ᠮᠡᠷᠭᠡᠵᠢᠯᠳᠠᠨ ᠢ ᠣᠷᠢᠵᠦ᠂ ᠮᠡᠷᠭᠡᠵᠢᠯ ᠤᠨ ᠲᠠᠯ᠎ᠠ ᠶᠢᠨ ᠵᠢᠯᠣᠭᠤᠳᠣᠯᠭ᠎ᠠ ᠬᠢᠯᠬᠡᠨ᠂  ᠪᠦᠬᠦ ᠬᠤᠰᠢᠭᠤᠨ ᠤ ᠣᠳᠣᠬᠢᠴᠢᠯᠠᠭᠰᠠᠨ ᠦᠭᠡᠷ᠂ ᠬᠤᠨᠢᠨ ᠤ ᠮᠢᠬᠠᠨ ᠤ ᠠᠵᠦ ᠦᠢᠯᠡᠰ ᠤᠨ ᠬᠦᠭᠵᠢᠯᠳᠡ ᠳᠤ ᠰᠢᠨᠵᠢᠯᠡᠭᠡ ᠮᠡᠷᠭᠡᠵᠢᠯ ᠤᠨ ᠴᠦᠮ᠎ᠡ ᠶᠢᠨ ᠭᠤᠣᠯᠯᠠᠭᠴᠢ ᠦᠢᠯᠡᠳᠦᠯ ᠦᠵᠡᠭᠦᠯᠦᠨ᠂ ᠣᠳᠣᠬᠢᠴᠢᠯᠠᠭᠰᠠᠨ ᠮᠠᠯ ᠠᠵᠦ ᠠᠬᠤᠢ ᠶᠢᠨ ᠬᠦᠭᠵᠢᠯᠳᠡ ᠳᠤ ᠲᠠᠭᠤᠷᠢᠶᠠᠯ ᠦᠵᠡᠭᠦᠯᠵᠦ ᠪᠠᠶᠢᠬᠤ ᠮᠥᠷᠳᠡᠭᠡᠨ ᠰᠠᠶᠢᠨ ᠡᠭᠦᠯᠳᠡᠷ ᠤᠨ ᠮᠠᠯᠵᠢᠬᠤ ᠦᠢᠯᠡᠰ ᠲᠤ ᠪᠠᠲᠦ ᠪᠠᠬᠢ ᠰᠠᠭᠤᠷᠢ ᠶᠢ ᠲᠠᠯᠪᠢᠨ ᠦᠭᠴᠦ ᠪᠠᠶᠢᠨ᠎ᠠ᠃      ᠺᠣᠮᠫᠠᠨᠢ ᠨᠢ ᠦᠵᠦᠮᠦᠴᠢᠨ ᠬᠤᠴᠠᠨ ᠤ ᠰᠠᠭᠤᠷᠢᠨ᠂ ᠴᠠᠭᠠᠨ ᠦᠬᠡᠷ ᠤᠨ ᠰᠠᠭᠤᠷᠢᠨ ᠢ  ᠭᠤᠣᠯᠯᠠᠨ ᠡᠵᠡᠩᠨᠡᠵᠦ᠂ ᠴᠠᠭᠠᠨ ᠦᠬᠡᠷ ᠤᠨ ᠰᠠᠭᠤᠷᠢᠨ ᠭᠠᠵᠠᠷ ᠨᠢ ᠪᠠᠯᠭᠠᠷᠭᠤᠣᠯ ᠪᠠᠯᠭᠠᠰᠣ ᠠᠴᠠ 62Km ᠤᠨ ᠵᠠᠶᠢᠳᠠᠢ ᠬᠤᠭᠤᠯᠠᠲᠦ ᠶᠢᠨ ᠭᠤᠣᠯ ᠪᠠᠯᠭᠠᠰᠣᠨ ᠤ ᠦᠷᠡᠵᠢᠯ ᠭᠠᠴᠠᠭᠠᠨ ᠳᠤ ᠪᠠᠶᠢᠷᠢᠯᠠᠵᠦ᠂ 10800 ᠮᠦ ᠨᠣᠳᠤᠭ ᠪᠡᠯᠴᠢᠬᠡᠷ ᠲᠠᠢ᠃ ᠰᠢᠯᠢᠳᠡᠭ ᠡᠭᠦᠯᠳᠡᠷ ᠤᠨ ᠱᠠᠷᠦ᠋ᠯᠠᠢ ᠦᠬᠡᠷ ᠮᠠᠯᠵᠢᠬᠤ ᠪᠠᠷ ᠭᠤᠣᠯᠯᠠᠵᠦ᠂ ᠲᠣᠣᠷᠴᠢᠯᠠᠭᠰᠠᠨ ᠬᠠᠮᠢᠶᠠᠷᠣᠯᠳᠠ ᠬᠢᠵᠦ ᠪᠠᠶᠢᠨ᠎ᠠ᠃ 2018 ᠣᠨ ᠳᠤ᠂ ︽ᠦᠬᠡᠷ ᠢ ᠦᠰᠬᠡᠨ ᠬᠤᠨᠢ ᠶᠢ ᠴᠦᠭᠡᠳᠭᠡᠬᠦ︾ ᠲᠦᠷᠦ ᠶᠢᠨ ᠪᠣᠳᠣᠯᠭ᠎ᠠ ᠶᠢᠨ ᠣᠷᠢᠶᠠᠯᠠᠯ ᠲᠣᠣᠷ᠎ᠠ᠂ ᠠᠦᠰᠲ᠋ᠧᠷᠯᠢᠶ᠎ᠠ ᠣᠯᠣᠰ ᠠᠴᠠ 200 ᠲᠣᠯᠣᠭᠠᠢ ᠱᠠᠷᠦ᠋ᠯᠠᠢ ᠦᠬᠢᠨ ᠪᠢᠷᠠᠭᠤ᠂ 100 ᠲᠣᠯᠣᠭᠠᠢ ᠰᠢᠮᠧᠨ᠋ᠲ᠋ᠧᠷ ᠦᠬᠢᠨ ᠪᠢᠷᠠᠭᠤ ᠣᠷᠣᠭᠤᠯᠵᠦ᠂   ᠬᠡᠬᠡᠯᠳᠦᠭᠦᠯᠭᠡ ᠬᠢᠵᠦ᠂ ᠮᠠᠯᠴᠢᠳ ᠲᠤ ᠠᠰᠢᠭ ᠲᠣᠰᠠ ᠬᠦᠷᠳᠡᠭᠡᠬᠦ ᠶᠢᠨ ᠲᠦᠯᠦᠬᠡ ᠲᠣᠰᠬᠠᠶᠢᠯᠠᠨ ᠡᠭᠦᠯᠳᠡᠷ ᠤᠨ ᠦᠷ᠎ᠡ ᠶᠢᠨ ᠮᠠᠯ ᠪᠦᠵᠢᠭᠤᠯᠣᠨ᠂  ᠺᠣᠮᠫᠠᠨᠢ ᠨᠢ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠬᠤ ᠪᠠᠷ ᠲᠠᠮᠵᠢᠨ᠂ ᠪᠦᠳᠦᠴᠡ ᠳᠡᠭᠡᠨ ᠲᠣᠬᠢᠷᠠᠭᠤᠯᠣᠯᠳᠠ ᠬᠢᠵᠦ᠂ 2019 ᠣᠨ ᠳᠤ ᠡᠵᠡᠩᠨᠡᠯᠳᠡ ᠶᠢᠨ ᠪᠥᠬᠦ ᠣᠷᠣᠯᠭ᠎ᠠ 28.43 ᠲᠥᠮᠡᠨ ᠲᠦᠭᠦᠷᠢᠭ ᠬᠦᠷᠴᠠᠢ᠃     ᠲᠠᠷᠠᠭ᠎ᠠ ᠠᠯᠬᠤᠮ ᠳᠤ᠂ ᠺᠣᠮᠫᠠᠨᠢ ᠨᠢ ᠰᠢᠯᠢᠳᠡᠭ ᠡᠭᠦᠯᠳᠡᠷ ᠤᠨ ᠪᠣᠬ᠎ᠠ᠂ ᠬᠦᠪᠦᠷᠡᠯ᠂ ᠢᠴᠡᠭᠡᠯ ᠦᠷ᠎ᠡ ᠶᠢᠨ ᠰᠢᠩᠬᠡᠨ᠂ ᠮᠡᠷᠭᠡᠵᠢᠯ ᠤᠨ ᠪᠣᠯᠪᠠᠰᠣᠷᠠᠯ᠂ ᠮᠠᠰᠢᠨ ᠲᠦᠬᠦᠭᠡᠷᠦᠮᠵᠢ ᠵᠢᠴᠢ ᠲᠡᠵᠢᠭᠡᠯ ᠰᠠᠶᠢᠳᠠᠢ ᠡᠪᠡᠰᠦ ᠬᠠᠩᠭᠠᠬᠤ ᠵᠡᠷᠬᠡ ᠵᠠᠭᠪᠣᠷ ᠢ ᠬᠡᠷᠡᠭᠵᠢᠭᠦᠯᠦᠨ᠂ ᠠᠮᠢ ᠠᠬᠤᠢ ᠶᠢ ᠬᠠᠮᠠᠭᠠᠯᠠᠬᠤ ᠪᠠ ᠣᠷᠣᠯᠭ᠎ᠠ ᠶᠢ ᠨᠡᠮᠡᠭᠳᠡᠭᠦᠯᠬᠦ ᠬᠤᠣᠰ ᠦᠷ᠎ᠡ ᠠᠰᠢᠭ ᠬᠦᠷᠳᠡᠬᠦ ᠵᠠᠮ ᠢᠶᠠᠷ ᠵᠠᠮᠨᠠᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号