ᠬᠤᠶᠠᠳᠣᠭᠠᠷ ᠣᠳᠠᠭᠠᠨ ᠤ  ︽ᠠᠶᠠᠨ ᠤ ᠵᠢᠯᠣᠭᠤ︾  ᠮᠣᠷᠢᠳᠠᠢ ᠠᠶᠠᠯᠠᠯ ᠠᠮᠵᠢᠯᠳᠠ ᠲᠠᠢ ᠶᠠᠪᠣᠭᠳᠠᠯ᠎ᠠ
ᠨᠡᠶᠢᠲᠡᠯᠡᠭᠰᠡᠨ ᠴᠠᠭ᠄
2020/7/13
  ᠬᠤᠶᠠᠳᠣᠭᠠᠷ ᠣᠳᠠᠭᠠᠨ ᠤ  ︽ᠠᠶᠠᠨ ᠤ ᠵᠢᠯᠣᠭᠤ︾  ᠮᠣᠷᠢᠳᠠᠢ ᠠᠶᠠᠯᠠᠯ ᠠᠮᠵᠢᠯᠳᠠ ᠲᠠᠢ ᠶᠠᠪᠣᠭᠳᠠᠯ᠎ᠠ                                                7 ᠰᠠᠷ᠎ᠠ ᠶᠢᠨ 5 ᠤ ᠡᠳᠦᠷ᠂ ᠪᠦᠬᠦ ᠠᠷᠠᠳ ᠢᠶᠠᠷ ᠢᠶᠠᠨ ᠮᠣᠷᠢ ᠣᠨᠣᠵᠦ ᠴᠢᠬᠢᠷᠠᠭᠵᠢᠨ᠂  ᠲᠠᠷᠬᠠᠯᠠᠭ᠎ᠠ ᠪᠠᠨ ᠰᠠᠶᠢᠵᠢᠷᠠᠭᠤᠯᠬᠤ ᠵᠣᠷᠢᠯᠭ᠎ᠠ ᠪᠠᠷ᠂ ᠨᠣᠳᠤᠭ ᠣᠰᠣᠨ ᠤ ᠣᠩᠭᠤᠨ ᠲᠠᠷᠬᠠᠨ ᠪᠠᠶᠢᠭᠠᠯᠢ ᠳᠤ ᠮᠣᠷᠢᠳᠠᠢ ᠠᠶᠠᠯᠠᠬᠤ ᠶᠢ ᠣᠷᠢᠶᠠᠯᠠᠭᠰᠠᠨ᠂  ᠮᠣᠬᠤᠰᠢ ᠦᠬᠡᠢ ᠲᠠᠭᠠᠭᠠᠴᠠ ᠲᠠᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠰᠣᠷᠳᠠᠯᠴᠢᠯᠠᠭᠰᠠᠨ ᠬᠤᠶᠠᠳᠣᠭᠠᠷ ᠣᠳᠠᠭᠠᠨ ᠤ ︽ᠠᠶᠠᠨ ᠤ ᠵᠢᠯᠣᠭᠤ︾ 99 ᠭᠠᠵᠠᠷ ᠤᠨ ᠮᠣᠷᠢᠳᠠᠢ ᠠᠶᠠᠯᠠᠯ ᠠᠮᠵᠢᠯᠳᠠ ᠲᠠᠢ ᠶᠠᠪᠣᠭᠳᠠᠭᠰᠠᠨ ᠪᠠᠶᠢᠨ᠎ᠠ᠃
     ᠲᠣᠰ ᠣᠳᠠᠭᠠᠨ ᠤ ᠠᠶᠠᠯᠠᠯ ᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠡᠶᠢᠬᠡᠮᠯᠢᠭ ᠭᠤᠣᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠥᠳᠡᠭᠡ ᠮᠠᠯ ᠠᠵᠦ ᠠᠬᠤᠢ ᠶᠢᠨ ᠲᠣᠰᠬᠠᠢ ᠬᠤᠷᠰᠢᠶ᠎ᠠ᠂ ᠥᠪᠦᠷ ᠮᠣᠩᠭᠤᠯ ᠤᠨ ᠨᠡᠭᠦᠳᠡᠯᠴᠢᠨ ᠪᠠᠶᠢᠭᠠᠯᠢ ᠣᠷᠴᠢᠨ ᠤ ᠰᠣᠷᠭᠠᠯᠳᠠ ᠶᠢᠨ  ᠰᠠᠭᠤᠷᠢᠨ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠣᠭᠤᠨ ᠤ ᠰᠣᠶᠣᠯ ᠤᠨ ᠬᠦᠷᠢᠶᠡᠯᠡᠩ᠂ ᠬᠠᠨᠢᠬᠠᠨ ᠰᠣᠨᠣᠰᠳᠠᠭ ᠨᠣᠮ ᠤᠨ ᠲᠠᠪᠴᠠᠩ᠂ ᠦᠢᠯᠡᠰ ᠵᠢᠷᠤᠭ ᠰᠡᠭᠦᠳᠡᠷ ᠤᠨ ᠠᠵᠢᠯ ᠤᠨ ᠲᠠᠰᠤᠭ ᠠᠴᠠ ᠬᠠᠮᠳᠣᠷᠠᠨ ᠡᠷᠬᠢᠯᠡᠵᠦ  ᠶᠠᠪᠣᠭᠳᠠᠭᠤᠯᠪᠠ᠃
   ᠪᠠᠷᠠᠭᠤᠨ ᠦᠵᠦᠮᠦᠴᠢᠨ ᠬᠤᠰᠢᠭᠤᠨ ᠤ  ᠰᠣᠶᠣᠯ ᠵᠢᠭᠤᠯᠴᠢᠯᠠᠯ ᠤᠨ ᠨᠡᠶᠢᠬᠡᠮᠯᠢᠭ ᠤᠨ ᠨᠠᠷᠢᠨ ᠪᠢᠴᠢᠭ ᠤᠨ ᠲᠠᠷᠤᠭ᠎ᠠ  ᠪᠢᠯᠢᠭᠦᠨᠳᠠᠯᠠᠢ᠄ ︽ᠠᠶᠠᠯᠠᠯ ᠳᠤ᠂ ᠬᠤᠰᠢᠭᠤᠨ ᠤ ᠣᠯᠣᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠣᠯᠣᠳ᠂ ᠰᠢᠯᠢᠩᠭᠤᠣᠯ ᠠᠶᠢᠮᠠᠭ ᠲᠤ ᠠᠵᠢᠯ ᠠᠯᠪᠠ ᠲᠠᠢ ᠪᠠᠭᠰᠢ᠂ ᠮᠠᠨ ᠤ ᠬᠤᠰᠢᠭᠤᠨ ᠤ ᠺᠠᠳ᠋ᠷ ᠠᠵᠢᠯᠳᠠᠳ᠂ ᠰᠣᠷᠣᠭᠴᠢ ᠲᠡᠭᠦᠦᠨᠠᠷ ᠂  ᠡᠯ᠎ᠡ ᠭᠠᠴᠠᠭᠠᠨ ᠤ ᠮᠠᠯᠴᠢᠳ ᠨᠡᠶᠢᠳᠡ 80 ᠭᠠᠷᠣᠢ ᠬᠦᠮᠦᠰ ᠮᠣᠩᠭᠤᠯ ᠬᠤᠪᠴᠠᠰᠦ ᠪᠠᠷ ᠢᠶᠠᠨ ᠭᠤᠶᠣᠯᠠᠨ ᠣᠷᠣᠯᠴᠠᠵᠠᠢ ᠃ ᠬᠤᠰᠢᠭᠤᠨ ᠠᠴᠠ 200 ᠭᠠᠷᠣᠢ Km ᠵᠠᠶᠢᠳᠠᠢ ᠪᠠᠶᠢᠷᠢᠯᠠᠵᠦ ᠪᠠᠶᠢᠭ᠎ᠠ ᠬᠠᠮᠤᠭ ᠬᠤᠯᠠ ᠭᠠᠴᠠᠭ᠎ᠠ ᠪᠠᠶᠠᠨᠬᠤᠸᠠ ᠪᠠᠯᠭᠠᠰᠣᠨ ᠤ ᠪᠣᠷᠣᠡᠦ᠋ᠨᠳᠣᠷ ᠭᠠᠴᠠᠭᠠᠨ ᠤ ᠮᠥᠩᠭᠡᠦ᠋ᠯᠵᠠᠢ ᠵᠡᠷᠭᠡ ᠭᠤᠷᠪᠠᠨ ᠮᠠᠯᠴᠢᠨ ᠴᠦ ᠮᠣᠷᠢ ᠲᠠᠢ ᠪᠠᠨ ᠬᠠᠮᠲᠦ ᠬᠦᠷᠦᠯᠴᠡᠨ ᠢᠷᠡᠵᠦ᠂ ᠴᠠᠭᠠᠨ ᠠᠳᠣᠭᠤᠨ ᠤ ᠰᠣᠶᠣᠯ ᠤᠨ ᠬᠦᠷᠢᠶᠡᠯᠡᠩ ᠠᠴᠠ ᠡᠬᠢᠯᠡᠨ᠂ ᠰᠡᠷᠭᠦᠯᠡᠩ ᠬᠠᠷᠠᠭᠠᠲᠦ ᠠᠭᠤᠯᠠ  ᠶᠢ ᠰᠣᠨᠳᠠᠯᠠᠨ᠂ ᠪᠠᠶᠠᠨᠬᠤᠰᠢᠭᠤ ᠰᠣᠮᠣᠨ ᠤ ᠬᠠᠷᠠᠭᠠᠲᠦ ᠭᠠᠴᠠᠭᠠᠨ ᠳᠤ ᠪᠠᠶᠢᠭ᠎ᠠ ᠥᠪᠦᠷ ᠮᠣᠩᠭᠤᠯ ᠤᠨ ᠨᠡᠭᠦᠳᠡᠯᠴᠢᠨ ᠪᠠᠶᠢᠭᠠᠯᠢ ᠣᠷᠴᠢᠨ ᠤ ᠰᠣᠷᠭᠠᠯᠳᠠ ᠶᠢᠨ ᠰᠠᠭᠤᠷᠢᠨ ᠬᠦᠷᠳᠡᠯ᠎ᠠ 99 ᠭᠠᠵᠠᠷ  ᠠᠶᠠᠯᠠᠵᠣ  ᠂ ᠵᠠᠮ ᠲᠣᠷᠰᠢ ᠮᠣᠷᠢᠳᠠᠳ ᠪᠠᠶᠢᠭᠠᠯᠢ ᠶᠢᠨ ᠰᠠᠶᠢᠬᠠᠨ ᠢ ᠰᠣᠨᠢᠷᠬᠠᠨ᠂ ᠬᠠᠯᠠᠭᠤᠨ ᠵᠣᠭᠤᠭ ᠥᠷᠨᠢᠬᠦᠯᠦᠨ ᠠᠶᠠᠨ ᠤ ᠵᠢᠯᠣᠭᠤ ᠪᠠᠨ ᠡᠪᠬᠡᠵᠦ ᠶᠠᠪᠣᠵᠠᠢ᠃
    ᠬᠠᠭᠠᠰ ᠡᠳᠦᠷ ᠤᠨ ᠲᠣᠷᠰᠢ ᠣᠯᠠᠨ ᠮᠣᠷᠢᠳᠠᠳ ᠠᠶᠠᠨ ᠤ ᠵᠠᠮ ᠳᠤ ᠲᠦᠷᠦᠭᠡ ᠬᠠᠷᠰᠢᠭᠤᠯᠣᠭᠰᠠᠨ ᠡᠨᠡ ᠣᠳᠠᠭᠠᠨ ᠤ ᠠᠶᠠᠯᠠᠯ ᠨᠢ ᠲᠠᠯ᠎ᠠ ᠨᠤᠳᠤᠭ ᠤᠨ ᠦᠬᠢᠳ ᠬᠦᠪᠡᠭᠦᠳ ᠤᠨ ᠮᠤᠩᠭᠤᠯ ᠮᠤᠷᠢᠨ ᠤ ᠮᠤᠬᠤᠰᠢ ᠦᠭᠡᠢ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠦᠮᠦᠨ ᠠᠷᠠᠳ ᠤᠨ ᠮᠤᠷᠢ ᠤᠨᠤᠵᠤ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠵᠦᠪ ᠡᠨᠧᠷᠬᠢ ᠶᠢ ᠤᠷᠢᠶᠠᠯᠠᠨ ᠰᠤᠷᠳᠠᠯᠴᠢᠯᠠᠭᠰᠠᠨ ᠤᠳᠬ᠎ᠠ ᠲᠡᠬᠦᠯᠳᠡᠷ  ᠠᠶᠠᠯᠠᠯ  ᠪᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号