ᠰᠢᠯᠢ ᠶᠢᠨ ᠭᠤᠣᠯ ᠤᠨ ᠲᠠᠯ᠎ᠠ ᠨᠣᠳᠤᠭ ᠢ ᠠᠵᠢᠬᠤᠶ᠎ᠠ — ᠰᠢᠷᠡᠭᠡᠳᠣ ᠠᠭᠤᠯᠠ
ᠨᠡᠶᠢᠲᠡᠯᠡᠭᠰᠡᠨ ᠴᠠᠭ᠄
2020/7/30
        ᠰᠢᠯᠢ ᠶᠢᠨ ᠭᠤᠣᠯ ᠤᠨ ᠲᠠᠯ᠎ᠠ ᠨᠣᠳᠤᠭ ᠢ ᠠᠵᠢᠬᠤᠶ᠎ᠠ — ᠰᠢᠷᠡᠭᠡᠳᠣ ᠠᠭᠤᠯᠠ    ᠰᠢᠯᠢ ᠶᠢᠨ ᠬᠤᠳᠠ ᠠᠴᠠ ᠪᠠᠷᠠᠭᠤᠨ ᠡᠮᠦᠨᠡᠰᠢ ᠭᠤᠴᠢᠨ ᠺᠢᠯᠣᠮᠧᠳ᠋ᠷ ᠵᠠᠶᠢᠲᠠᠢ ᠭᠠᠵᠠᠷ ᠠᠯᠤᠰ ᠢ ᠪᠠᠷᠠᠯᠠᠬᠤᠶ᠎ᠠ᠂ ᠬᠢᠲᠤᠭ᠎ᠠ ᠪᠠᠷ ᠵᠦᠰᠦᠭᠰᠡᠨ ᠮᠡᠲᠦ ᠳᠡᠭᠰᠢᠬᠡᠨ ᠣᠷᠣᠢ ᠲᠠᠢ ᠠᠷᠪᠠᠭᠠᠳ ᠰᠠᠣᠷᠢ ᠠᠭᠤᠯᠠ ᠦᠷᠭᠡᠨ ᠠᠭᠤᠳᠠᠮ ᠲᠠᠯ᠎ᠠ ᠨᠣᠳᠤᠭ ᠤᠨ ᠦᠷᠦᠴᠡᠨ ᠳᠤ ᠵᠢᠭᠳᠡᠷᠡᠨ ᠪᠠᠶᠢᠷᠢᠯᠠᠵᠣ᠂ ᠪᠠᠶᠢᠭᠠᠯᠢ ᠶᠢᠨ ᠭᠠᠶᠢᠬᠠᠮᠰᠢᠭᠳᠣ ᠦᠵᠡᠮᠵᠢ ᠶᠢ ᠢᠯᠡᠷᠡᠭᠦᠯᠵᠣ ᠪᠠᠶᠢᠳᠠᠭ᠃ ᠭᠠᠵᠠᠷ ᠰᠢᠨᠵᠢᠯᠡᠭᠡᠨ ᠤ ᠰᠢᠯᠭᠠᠨ ᠨᠤᠲᠠᠯᠠᠯᠲᠠ ᠪᠠᠷ᠂ ᠡᠨᠡᠬᠦ ᠰᠢᠷᠡᠭᠡᠳᠣ ᠠᠭᠤᠯᠠ ᠨᠢ ᠲᠦᠭ ᠲᠦᠮᠡᠨ ᠵᠢᠯ ᠤᠨ ᠡᠮᠦᠨᠡᠬᠢ ᠭᠠᠯᠲᠤ ᠠᠭᠤᠯᠠᠨ ᠤ ᠰᠦᠷᠴᠢᠯᠳᠡ ᠪᠠᠷ ᠪᠦᠲᠦᠭᠰᠡᠨ ᠣᠨᠴᠠᠭᠠᠢ ᠪᠠᠶᠢᠭᠠᠯᠢ ᠶᠢᠨ ᠦᠵᠡᠮᠵᠢ ᠪᠠᠶᠢᠵᠣ ᠂ ︽ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ︾ ᠭᠡᠵᠣ ᠨᠡᠷᠡᠯᠡᠳᠡᠭ᠂ ᠡᠨᠡ ᠪᠣᠯ ᠳᠠᠷᠤᠶ ᠰᠢᠯᠢ ᠶᠢᠨ ᠬᠤᠳᠠ ᠶᠢᠨ ᠰᠢᠷᠡᠭᠡᠳᠣ ᠠᠭᠤᠯᠠᠨ ᠤ ᠦᠵᠡᠮᠵᠢ᠂ ᠪᠠᠰᠠ ᠴᠤ ᠭᠠᠯᠲᠤ ᠠᠭᠤᠯᠠ ᠶᠢᠨ ᠴᠢᠯᠠᠭᠤᠯᠢᠭ ᠤᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠤᠨ᠎ᠠ᠃ ᠰᠢᠷᠡᠭᠡᠳᠣ ᠠᠭᠤᠯᠠ ᠶᠢᠨ ᠬᠤᠶᠢᠲᠤ ᠬᠡᠰᠡᠭ ᠲᠤ ᠶᠡᠭᠡ ᠬᠡᠪᠴᠢᠶᠡᠨ ᠤ ᠤᠯᠠᠭᠠᠨ ᠬᠦᠷᠡᠩ ᠥᠩᠭᠡᠲᠦ ᠤᠷᠭᠤᠮᠠᠯ ᠤᠨ ᠬᠤᠴᠢᠯᠭ᠎ᠠ ᠢᠯᠡᠷᠡᠵᠦ᠂ ᠨᠡᠷᠡᠨ ᠤ ᠭᠡᠷᠡᠯ ᠳᠣᠤᠷ᠎ᠠ ᠰᠣᠯᠣᠩᠭᠠᠷᠠᠨ᠂ ᠨᠣᠮᠢᠨ ᠨᠣᠭᠤᠭᠠᠨ ᠲᠠᠯ᠎ᠠ ᠨᠤᠲᠤᠭ ᠤᠨ ᠴᠢᠮᠡᠭᠯᠡᠯ ᠪᠣᠯᠵᠣ ᠣᠨᠴᠠᠭᠠᠶ ᠦᠵᠡᠰᠬᠦᠯᠡᠩᠲᠠᠢ ᠬᠠᠷᠠᠭᠳᠠᠵᠣ᠂ ᠡᠨᠡᠬᠦ ︽ᠣᠯᠠᠪᠣᠷ ᠲᠠᠯ᠎ᠠ ᠨᠤᠲᠤᠭ ︾  ᠨᠢ ᠵᠣᠭᠠᠴᠠᠭᠴᠢᠳ ᠤᠨ ᠠᠩᠬᠠᠷᠣᠯ ᠰᠣᠨᠢᠷᠬᠠᠯ ᠢ ᠲᠠᠳᠠᠵᠣ᠂ ᠵᠠᠯᠭ᠎ᠠ ᠵᠠᠯᠭ᠎ᠠ ᠪᠠᠷ ᠲᠡᠷᠭᠡᠨ ᠠᠴᠠ ᠪᠠᠨ ᠪᠠᠭᠤᠵᠤ ᠰᠣᠨᠢᠷᠬᠠᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠡᠭᠡᠨ᠎ᠡ᠃ ᠰᠢᠯᠢ ᠶᠢᠨ ᠬᠤᠳᠠ ᠶᠢᠨ ᠣᠢ ᠰᠢᠭᠤᠢ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠨᠡᠬᠦ ᠬᠦᠷᠡᠩ ᠣᠯᠠᠭᠠᠨ ᠤᠷᠭᠤᠮᠠᠯ ᠨᠢ ᠨᠢᠭᠡ ᠨᠠᠰᠤᠲᠤ ᠡᠪᠡᠰᠦᠯᠢᠭ ᠤᠷᠭᠤᠮᠠᠯ ᠪᠠᠶᠢᠵᠣ᠂ ᠪᠠᠰᠠ ᠰᠢᠷ᠎ᠠ ᠰᠠᠬᠠᠯᠳᠣ ᠡᠪᠡᠰᠣ ᠭᠡᠳᠡᠭ᠃ ᠵᠢᠯ ᠪᠦᠷᠢ ᠶᠢᠨ ᠶᠢᠰᠦᠨ ᠰᠠᠷ᠎ᠠ ᠳᠤ ᠠᠭᠠᠵᠢᠮ ᠢᠶᠠᠷ ᠨᠣᠭᠤᠭᠠᠨ ᠠᠴᠠ ᠤᠯᠠᠭᠠᠨ ᠪᠣᠯᠵᠤ ᠬᠤᠪᠢᠷᠠᠳᠠᠭ᠃ ᠡᠨᠡᠬᠦ ᠪᠠᠶᠢᠭᠠᠯᠢ ᠶᠢᠨ ᠬᠢᠵᠠᠭᠠᠷ ᠦᠭᠡᠢ ᠰᠠᠶᠢᠬᠠᠨ ᠭᠤᠶᠢᠳᠠ ᠦᠵᠡᠮᠵᠢ ᠪᠦᠷᠢᠳᠣᠭ᠍ᠰᠡᠨ ᠰᠢᠷᠡᠭᠡᠳᠣ ᠠᠭᠤᠯᠡ  ᠠᠴᠠ ᠲᠠᠯ᠎ᠠ ᠨᠤᠲᠤᠭ ᠤᠨ ᠭᠠᠶᠢᠬᠠᠮᠰᠢᠭᠲᠤ ᠦᠵᠡᠮᠵᠢ ᠶᠢ ᠦᠩᠭᠡᠶᠢᠨ ᠬᠠᠷᠠᠬᠤ ᠳᠤ ᠵᠢᠷᠭᠠᠬᠤ ᠨᠡᠷᠡᠨ ᠤ ᠤᠯᠠᠪᠤᠷ ᠲᠤᠶᠠᠭ᠎ᠠ ᠠᠭᠤᠯᠠᠨ ᠰᠦᠷᠦᠭ ᠢ ᠷᠣᠮᠠᠨᠲ᠋ᠢᠭ ᠡᠩᠭᠡᠰᠬᠡ ᠪᠠᠷ ᠪᠤᠳᠤᠭᠯᠠᠵᠤ᠂ ᠲᠡᠭᠦᠨ ᠤ ᠨᠠᠮ ᠰᠡᠯᠡᠭᠦᠨ ᠣᠷᠴᠢᠨ ᠨᠢ ᠬᠦᠮᠦᠰ ᠤᠨ ᠰᠡᠳᠬᠢᠯ ᠢ ᠲᠣᠭᠳᠣᠯᠠᠭᠤᠯᠣᠮ᠎ᠠ ᠬᠠᠷᠠᠭᠳᠠᠭᠤᠯᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号