︽ᠭᠠᠶᠢᠬᠠᠮᠰᠢᠭᠳᠤ ᠮᠤᠩᠭᠤᠯ ᠮᠤᠷᠢ︾ ᠠᠯᠤᠰ ᠤᠨ ᠮᠤᠷᠢᠨ ᠤ ᠤᠷᠤᠯᠳᠤᠭᠠᠨ ᠶᠠᠪᠤᠭᠳᠠᠭᠰᠠᠨ | | | | 7 ᠰᠠᠷ᠎ᠠ ᠶᠢᠨ 31 ᠤ ᠡᠳᠦᠷ᠂ ︽ᠮᠤᠩᠭᠤᠯ ᠮᠤᠷᠢ︾ ᠬᠤᠯᠪᠤᠭ᠎ᠠ ᠠᠴᠠ ᠡᠷᠬᠢᠯᠡᠭᠰᠡᠨ ︽ᠭᠠᠶᠢᠬᠠᠮᠰᠢᠭᠳᠤ | ᠮᠤᠩᠭᠤᠯ ᠮᠤᠷᠢ︾ ᠠᠯᠤᠰ ᠤᠨ ᠮᠤᠷᠢᠨ ᠤ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ | ᠰᠤᠮᠤᠨ ᠤ ᠲᠠᠪᠰᠢᠯᠳᠦ ᠭᠠᠴᠠᠭᠠᠨ ᠳᠤ ᠶᠠᠪᠤᠭᠳᠠᠪᠠ᠃ | | | | | | | | ᠮᠤᠩᠭᠤᠯ ᠠᠳᠤᠭᠤ ᠪᠠᠨ ᠬᠠᠮᠠᠭᠠᠯᠠᠵᠦ ᠬᠦᠭᠵᠢᠬᠦᠯᠬᠦ ᠵᠤᠷᠢᠯᠳᠠ ᠠᠴᠠ ᠶᠠᠪᠤᠭᠳᠠᠭᠰᠠᠨ ᠲᠤᠰ ᠤᠷᠤᠯᠳᠤᠭᠠᠨ ᠳᠤ | 61 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 20 ᠭᠠᠵᠠᠷ ᠤᠨ ᠡᠮᠡᠭᠡᠯᠳᠦ ᠮᠤᠷᠢᠨ ᠤ ᠤᠷᠤᠯᠳᠤᠭᠠᠨ | ᠶᠠᠪᠤᠭᠳᠠᠵᠦ᠂ ᠮᠠᠨ ᠤ ᠬᠤᠰᠢᠭᠤᠨ ᠠᠴᠠ ᠭᠠᠳᠠᠨ᠎ᠠ᠂ ᠵᠡᠭᠦᠨ ᠦᠵᠦᠮᠦᠴᠢᠨ ᠬᠤᠰᠢᠭᠤ᠂ ᠬᠡᠰᠢᠭᠳᠡᠨ ᠬᠤᠰᠢᠭᠤ᠂ | ᠰᠢᠯᠤᠭᠤᠨ ᠬᠦᠬᠡ ᠬᠤᠰᠢᠭᠤ ᠵᠡᠷᠭᠡ ᠭᠠᠵᠠᠷ ᠤᠨ ᠨᠡᠶᠢᠳᠡ ᠵᠢᠷᠠᠭᠠᠳ ᠮᠤᠷᠢ ᠤᠷᠤᠯᠴᠠᠨ᠂ ᠬᠤᠷᠳᠤ ᠬᠦᠴᠦ ᠪᠠᠨ | ᠰᠤᠷᠢᠪᠡ᠃ | | | | | | | | ᠤᠷᠤᠯᠳᠤᠭᠠᠨ ᠤ ᠳ᠋ᠦᠩ ᠳᠤ᠂ ᠠᠯᠤᠰ ᠤᠨ ᠮᠤᠷᠢᠨ ᠤ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ | ᠤ ᠰᠡᠴᠡᠡᠪᠠᠭᠠᠳᠤᠷ ᠤᠨ ᠬᠠᠯᠢᠭᠤᠨ ᠮᠤᠷᠢ ᠲᠡᠷᠢᠬᠦᠯᠡᠨ᠂ ᠪᠠᠶᠠᠠᠬᠤᠰᠢᠭᠤ ᠰᠤᠮᠤᠨ ᠤ ᠴᠢᠯᠠᠭᠤᠨᠪᠠᠭᠠᠳᠤᠷ ᠤᠨ ᠮᠤᠷᠢ | ᠲᠡᠳ᠋ᠯᠡᠵᠦ᠂ ᠵᠡᠭᠦᠨ ᠦᠵᠦᠮᠦᠴᠢᠨ ᠬᠤᠰᠢᠭᠤᠨ ᠤ ᠲᠦᠮᠡᠡᠭᠡᠷᠡᠯ ᠤᠨ ᠪᠤᠷᠤ ᠮᠤᠷᠢ᠂ ᠵᠡᠭᠦᠨ ᠦᠵᠦᠮᠦᠴᠢᠨ ᠬᠤᠰᠢᠭᠤᠨ | ᠤ ᠴᠤᠭ ᠤᠨ ᠭᠡᠭᠡᠷ ᠮᠤᠷᠢ᠂ ᠵᠡᠬᠦᠨ ᠦᠵᠦᠮᠦᠴᠢᠨ ᠬᠤᠰᠢᠭᠤᠨ ᠤ ᠲᠦᠭᠦᠷᠡᠩᠵᠠᠭᠠᠨᠠ ᠶᠢᠨ ᠬᠤᠯᠠ ᠮᠤᠷᠢ ᠠᠶᠢᠷᠠᠭ | ᠤᠨ ᠲᠠᠪᠤ ᠳᠤ ᠤᠷᠤᠪᠠ᠃ ᠡᠮᠡᠭᠡᠯᠳᠦ ᠮᠤᠷᠢᠨ ᠤ ᠤᠷᠤᠯᠳᠤᠭᠠᠨ ᠳᠤ᠂ ᠤᠯᠠᠭᠠᠠᠬᠠᠭᠠᠯᠭ᠎ᠠ ᠰᠤᠮᠤᠨ ᠤ ᠪᠠᠶ᠋ᠬᠠᠷᠬᠡᠳᠦ | ᠶᠢᠨ ᠭᠡᠭᠡᠷ ᠮᠤᠷᠢ ᠲᠡᠷᠢᠭᠦᠯᠡᠨ᠂ ᠪᠠᠶᠠᠠᠬᠤᠰᠢᠭᠤ ᠰᠤᠮᠤᠨ ᠤ ᠪᠠᠳᠤᠵᠢᠷᠭᠠᠯ ᠤᠨ ᠬᠦᠷᠡᠩ ᠮᠤᠷᠢ ᠲᠡᠳ᠋ᠯᠡᠵᠦ᠂ ᠵᠡᠬᠦᠨ | ᠦᠵᠦᠮᠦᠴᠢᠨ ᠬᠤᠰᠢᠭᠤᠨ ᠤ ᠭᠠᠩᠳᠡᠮᠦᠷ ᠤᠨ ᠬᠠᠷ᠎ᠠ ᠮᠤᠷᠢ᠂ ᠭᠤᠷᠤᠬᠠᠨ ᠪᠠᠯᠭᠠᠰᠤᠨ ᠤ ᠭᠡᠷᠡᠯᠨᠠᠰᠤᠳᠤ ᠶᠢᠨ ᠬᠠᠷ᠎ᠠ | ᠮᠤᠷᠢ᠂ ᠤᠯᠠᠭᠠᠠᠬᠠᠭᠠᠯᠭ᠎ᠠ ᠰᠤᠮᠤᠨ ᠤ ᠪᠤᠯᠠᠭ ᠤᠨ ᠬᠤᠸᠠ ᠰᠠᠷᠠᠯ ᠮᠤᠷᠢ ᠠᠶᠢᠷᠠᠭ ᠤᠨ ᠲᠠᠪᠤ ᠳᠤ ᠤᠷᠤᠭᠰᠠᠨ | ᠪᠠᠶᠢᠨ᠎ᠠ᠃ | ᠤᠷᠤᠯᠳᠤᠭᠠᠨ ᠳᠤ ᠲᠠᠪᠰᠢᠯᠳᠦ ᠭᠠᠴᠠᠭᠠᠨ ᠤ ︽ᠴᠡᠭᠡᠯᠬᠡᠨ ᠤᠶᠠᠩᠭ᠎ᠠ︾ ᠰᠠᠶᠢᠨ ᠲᠤᠷᠠᠴᠤᠳ ᠤᠨ ᠰᠤᠶᠤᠯ | ᠤᠷᠠᠯᠢᠭ ᠤᠨ ᠪᠦᠯᠬᠦᠮ ᠨᠢ ᠲᠤᠭᠯᠠᠯᠳᠠ ᠭᠠᠷᠭᠠᠭᠰᠠᠨ ᠤ ᠬᠠᠮᠳᠤ ᠬᠠᠮᠵᠢᠨ ᠠᠵᠢᠯᠯᠠᠭᠰᠠᠨ ᠪᠠᠶᠢᠨ᠎ᠠ᠃ | | | | | | |