ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠡᠩᠨᠡᠭᠡᠨ ᠳᠤ ᠬᠤᠰᠢᠭᠤᠴᠢᠯᠠᠵᠦ ᠶᠠᠪᠤᠭ᠎ᠠ ᠬᠦᠳᠡᠭᠡ | ᠲᠤᠰᠬᠤᠨ ᠤ ᠬᠤᠳᠠᠯᠳᠤᠭᠠᠨ ᠤ ᠪᠠᠩᠬᠢ | | ᠪᠠᠷᠠᠭᠤᠨ ᠦᠵᠦᠮᠦᠴᠢᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢ ᠡᠷᠬᠢᠮᠯᠡᠨ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ᠂ ᠺᠠᠳᠠᠷ | ᠠᠵᠢᠯᠳᠠᠨ ᠢᠶᠠᠨ ᠵᠤᠬᠢᠶᠠᠨ ᠪᠠᠶᠢᠭᠤᠯᠤᠨ ᠦᠨᠳᠦᠰᠦᠳᠡᠨ ᠤ ᠤᠷᠤᠨ ᠤ ᠮᠦᠩᠭᠦᠨ ᠬᠦᠢᠯᠭᠡᠭᠡᠨ ᠤ ᠦᠢᠯᠡᠴᠢᠯᠡᠭᠡ ᠶᠢ | ᠰᠠᠶᠢᠳᠤᠷ ᠬᠢᠵᠦ᠂ ᠦᠨᠳᠦᠰᠦᠳᠡᠨ ᠤ ᠤᠷᠤᠨ ᠤ ᠪᠦᠳᠦᠭᠡᠨ ᠪᠠᠶᠢᠭᠤᠯᠤᠯᠳᠠ ᠳᠤ ᠬᠦᠴᠦᠨ ᠵᠢᠳᠬᠦᠯ ᠢᠶᠠᠨ ᠦᠵᠡᠬᠦᠯᠵᠦ | ᠪᠠᠶᠢᠨ᠎ᠠ᠃ | ᠪᠠᠷᠠᠭᠤᠨ ᠦᠵᠦᠮᠦᠴᠢᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ 13 ᠡᠵᠡᠩᠨᠡᠯᠳᠡ ᠶᠢᠨ ᠴᠡᠭ ᠲᠠᠢ | ᠪᠠᠶᠢᠵᠤ᠂ ᠦᠢᠯᠡᠴᠢᠯᠡᠭᠡᠨ ᠤ ᠴᠡᠭ ᠪᠦᠷᠢ ᠳᠤ ᠪᠠᠭ᠎ᠠ ᠳᠠᠭᠠᠨ ᠨᠢᠭᠡ ᠮᠤᠩᠭᠤᠯ ᠬᠡᠯᠡᠨ ᠤ ᠦᠢᠯᠡᠴᠢᠯᠡᠭᠡᠨ ᠤ ᠴᠤᠩᠬᠤ ᠪᠠᠶᠢᠬᠤ | ᠶᠢ ᠪᠠᠳᠤᠯᠠᠵᠦ᠂ ᠨᠡᠶᠢᠳᠡ 178 ᠺᠠᠳᠠᠷ ᠠᠵᠢᠯᠳᠠᠨ ᠠᠴᠠ 105 ᠨᠡᠷ᠎ᠡ ᠴᠦᠭᠡᠨ ᠲᠤᠭᠠᠳᠤ ᠦᠨᠳᠦᠰᠦᠳᠡᠨ ᠤ ᠺᠠᠳᠠᠷ | ᠪᠠᠶᠢᠵᠤ᠂ ᠡᠵᠡᠩᠨᠡᠯᠳᠡ ᠶᠢᠨ ᠭᠠᠵᠠᠷ ᠤᠨ ᠢᠶᠠᠨ ᠪᠤᠢ ᠪᠦᠬᠦᠢ ᠵᠠᠷᠯᠠᠯ ᠢᠯᠡᠷᠬᠡᠶᠢᠯᠡᠯ ᠳᠤ ᠮᠤᠩᠭᠤᠯ ᠬᠢᠳᠠᠳ ᠬᠤᠶᠠᠷ ᠬᠡᠯᠡ | ᠬᠡᠷᠡᠭᠯᠡᠬᠦ ᠶᠢ ᠪᠠᠳᠤᠯᠠᠵᠦ ᠢᠷᠡᠵᠡᠢ᠃ ᠡᠭᠦᠨ ᠤ ᠬᠠᠮᠳᠤ᠂ ᠪᠠᠷᠠᠭᠤᠨ ᠦᠵᠦᠮᠦᠴᠢᠨ ᠬᠦᠳᠡᠭᠡ ᠲᠤᠰᠬᠤᠨ ᠤ ᠬᠤᠳᠠᠯᠳᠤᠭᠠᠨ | ᠤ ᠪᠠᠩᠬᠢ ᠨᠢ ᠠᠵᠢᠯᠳᠠᠨ ᠢᠶᠠᠨ ᠵᠤᠬᠢᠶᠠᠨ ᠪᠠᠶᠢᠭᠤᠯᠵᠤ ᠬᠦᠳᠡᠭᠡ ᠤᠷᠤᠨ ᠨᠤᠳᠤᠭ ᠲᠤ ᠬᠦᠨᠵᠡᠭᠡᠶᠢᠷᠡᠨ᠂ ᠮᠤᠩᠭᠤᠯ ᠬᠢᠳᠠᠳ | ᠬᠡᠯᠡ ᠪᠠᠷ ᠢᠳᠡᠬᠡᠮᠵᠢᠳᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ᠂ ᠲᠤᠤᠷ ᠰᠦᠯᠵᠢᠶᠡᠨ ᠤ ᠮᠡᠬᠡᠯᠡᠯ᠂ ᠬᠤᠪᠢ ᠬᠦᠮᠦᠨ ᠤ | ᠰᠤᠷᠠᠭ ᠵᠠᠩᠭᠢ ᠪᠠᠨ ᠬᠠᠮᠠᠭᠠᠯᠠᠬᠤ ᠵᠡᠷᠭᠡ ᠮᠦᠩᠭᠦᠨ ᠬᠦᠢᠯᠭᠡᠭᠡᠨ ᠤ ᠦᠨᠳᠦᠰᠦᠨ ᠮᠡᠳᠡᠯᠭᠡ ᠶᠢ ᠰᠤᠷᠳᠠᠯᠴᠢᠯᠠᠨ ᠤᠬᠠᠭᠤᠯᠵᠤ᠂ | ᠤᠯᠠᠨ ᠲᠦᠮᠡᠨ ᠳᠤ ᠦᠢᠯᠡᠴᠢᠯᠡᠭᠰᠡᠨ ᠢᠶᠠᠷ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠬᠠᠮᠳᠤ | ᠨᠢᠭᠡᠴᠡ︾ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | ᠰᠤᠷᠪᠤᠯᠵᠢᠯᠠᠭ᠎ᠠ᠄ ᠪᠠᠷᠠᠭᠤᠨ ᠦᠵᠦᠮᠦᠴᠢᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠶᠢᠨ ᠨᠠᠮ ᠤᠨ ᠡᠭᠦᠷ | ᠤᠨ ᠱᠦᠵᠢ᠂ ᠬᠡᠷᠡᠭ ᠮᠡᠳᠡᠭᠴᠢ ᠶᠢᠨ ᠲᠠᠷᠤᠭ᠎ᠠ ᠨᠢᠦ ᠸᠧᠨ ᠪᠢᠨ — ᠦᠨᠳᠦᠰᠦᠳᠡᠨ ᠤ ᠭᠠᠵᠠᠷ ᠤᠷᠤᠨ ᠳᠤ ᠪᠠᠶᠢᠭ᠎ᠠ | ᠮᠦᠩᠭᠦᠨ ᠬᠦᠢᠯᠭᠡᠭᠡᠨ ᠤ ᠪᠠᠶᠢᠭᠤᠯᠤᠮᠵᠢ ᠪᠤᠯᠤᠭᠰᠠᠨ ᠤ ᠬᠤᠪᠢ ᠳᠤ ᠪᠢᠳᠡ ᠦᠨᠳᠦᠰᠦᠳᠡᠨ ᠤ ᠪᠦᠯᠬᠦᠮᠳᠡᠯ ᠢᠶᠠᠷ ᠰᠠᠭᠤᠷᠢ | ᠪᠤᠯᠭᠠᠨ ᠡᠯ᠎ᠡ ᠦᠨᠳᠦᠰᠦᠳᠡᠨ ᠤ ᠤᠯᠠᠨ ᠲᠦᠮᠡᠨ ᠤ ᠠᠵᠤ ᠠᠮᠢᠳᠤᠷᠠᠯ ᠳᠤ ᠲᠤᠰᠠ ᠲᠡᠮᠵᠢᠯᠭᠡ ᠪᠤᠯᠬᠤ ᠪᠠᠷ ᠴᠢᠷᠮᠠᠶᠢᠨ | ᠠᠵᠢᠯᠯᠠᠵᠦ ᠢᠷᠡᠵᠡᠢ᠃ ᠠᠵᠢᠯᠳᠠᠨ ᠢᠶᠠᠨ ᠦᠷᠭᠦᠯᠵᠢ ᠵᠤᠬᠢᠶᠠᠨ ᠪᠠᠶᠢᠭᠤᠯᠵᠤ ᠮᠠᠯᠵᠢᠬᠤ ᠤᠷᠤᠨ ᠤ ᠤᠯᠠᠨ ᠲᠦᠮᠡᠨ ᠤ | ᠲᠤᠮᠳᠠ ᠮᠦᠩᠭᠦᠨ ᠬᠦᠢᠯᠭᠡᠭᠡᠨ ᠤ ᠶᠡᠷᠦ ᠶᠢᠨ ᠮᠡᠳᠡᠯᠭᠡ᠂ ᠮᠦᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠬᠠᠮᠢᠶ᠎ᠠ | ᠲᠠᠢ ᠤᠬᠠᠭᠤᠯᠭ᠎ᠠ ᠰᠤᠷᠳᠠᠯᠴᠢᠯᠠᠭ᠎ᠠ ᠬᠢᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡ ᠪᠠᠨ ᠰᠠᠶᠢᠵᠢᠷᠠᠭᠤᠯᠵᠤ ᠢᠷᠡᠭᠰᠡᠨ | ᠪᠠᠶᠢᠨ᠎ᠠ᠃ ᠬᠤᠶᠢᠰᠢᠳᠠ ᠮᠠᠨ ᠤ ᠪᠠᠩᠬᠢ ᠨᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠳᠦᠷ ᠲᠤᠳᠤᠮ ᠤᠨ ᠠᠵᠢᠯ | ᠳᠠᠭᠠᠨ ᠰᠢᠮᠡᠳᠬᠡᠵᠦ᠂ ᠨᠡᠶᠢᠭᠡᠮ ᠠᠵᠤ ᠠᠬᠤᠢ ᠶᠢᠨ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠪᠠᠨ ᠦᠵᠡᠭᠦᠯᠬᠦ ᠪᠠᠷ | ᠴᠢᠷᠮᠠᠶᠢᠨ᠎ᠠ︾ ᠭᠡᠯᠡ᠃ | ᠤᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠨᠢ ᠭᠠᠵᠠᠷ | ᠤᠷᠤᠨ ᠤ ᠪᠠᠶᠢᠳᠠᠯ ᠠᠴᠠ ᠡᠭᠦᠰᠴᠦ᠂ ᠦᠨᠳᠦᠰᠦᠳᠡᠨ ᠤ ᠭᠠᠵᠠᠷ ᠤᠷᠤᠨ ᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ | ᠤᠷᠴᠢᠨ ᠢᠶᠠᠨ ᠲᠠᠰᠤᠷᠠᠯᠳᠠ ᠦᠭᠡᠢ ᠰᠠᠶᠢᠵᠢᠷᠠᠭᠤᠯᠤᠨ᠂ ᠤᠳᠤ ᠪᠤᠯᠳᠠᠯ᠎ᠠ ᠨᠡᠶᠢᠳᠡ 31 ᠰᠠᠭᠤᠷᠢ ᠮᠤᠩᠭᠤᠯ ᠬᠢᠳᠠᠳ ᠬᠡᠯᠡᠨ | ᠤ ᠦᠢᠯᠡᠴᠢᠯᠡᠭᠡᠨ ᠤ ᠰᠢᠰᠲ᠋ᠧᠮ ᠲᠠᠢ ATM ᠮᠠᠰᠢᠨ ᠤᠭᠰᠠᠷᠠᠵᠦ᠂ 125 ᠰᠠᠭᠤᠷᠢ POS ᠮᠠᠰᠢᠨ ᠤᠭᠰᠠᠷᠠᠨ᠂ | 101 ᠮᠠᠯᠵᠢᠬᠤ ᠦᠢᠯᠡᠳᠪᠦᠷᠢᠯᠡᠯ ᠢ ᠲᠡᠮᠵᠢᠬᠦ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠴᠡᠭ ᠪᠠ 50 ᠰᠠᠭᠤᠷᠢ | ᠮᠠᠯᠵᠢᠬᠤ ᠦᠢᠯᠡᠳᠪᠦᠷᠢᠯᠡᠯ ᠢ ᠲᠡᠮᠵᠢᠬᠦ POS ᠮᠠᠰᠢᠨ ᠢ ᠪᠠᠶᠢᠷᠢᠯᠠᠭᠤᠯᠵᠤ᠂ ᠪᠦᠬᠦ ᠬᠤᠰᠢᠭᠤᠨ ᠤ ᠮᠦᠩᠭᠦᠨ ᠬᠦᠢᠯᠭᠡᠭᠡᠨ | ᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 100% ᠳᠤ ᠬᠦᠷᠭᠡᠨ᠂ ᠦᠨᠳᠦᠰᠦᠳᠡᠨ ᠤ ᠭᠠᠵᠠᠷ ᠤᠷᠤᠨ ᠤ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠤᠷᠴᠢᠨ ᠢ ᠶᠡᠬᠡᠪᠡᠷ ᠰᠠᠶᠢᠵᠢᠷᠠᠭᠤᠯᠪᠠ᠃ | ᠲᠤᠰ ᠪᠠᠩᠬᠢ ᠨᠢ ᠪᠠᠰᠠ 2017 ᠤᠨ ᠠᠴᠠ ᠭᠤᠷᠪᠠᠨ ᠵᠢᠯ ᠲᠠᠷᠠᠭᠠᠯᠠᠨ ᠠᠶᠢᠮᠠᠭ ᠤᠨ ᠵᠠᠬᠢᠷᠭ᠎ᠠ ᠶᠢᠨ ᠤᠷᠤᠨ | ᠨᠤᠳᠤᠭ ᠤᠨ ᠬᠦᠭᠵᠢᠯᠳᠡ ᠶᠢ ᠲᠡᠳᠬᠦᠭᠰᠡᠨ ᠬᠤᠪᠢ ᠨᠡᠮᠡᠷᠢ ᠲᠤᠪᠤᠶᠢᠮ᠎ᠠ ᠨᠢᠭᠡᠴᠡ ᠪᠠᠷ ᠦᠨᠡᠯᠡᠭᠳᠡᠵᠦ᠂ ᠤᠳᠤᠬᠠᠨ ᠮᠠᠯᠵᠢᠬᠤ | ᠡᠷᠦᠬᠡ ᠳᠤ 11 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠡᠵᠡᠩᠨᠡᠯᠳᠡ ᠶᠢᠨ ᠵᠢᠭᠡᠯᠡᠯᠭᠡ ᠲᠠᠯᠪᠢᠵᠦ᠂ ᠶᠠᠳᠠᠭᠤ ᠠᠴᠠ | ᠠᠩᠭᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠲᠠᠭᠠᠤ 1500 ᠲᠦᠮᠡᠨ ᠲᠦᠭᠦᠷᠢᠭ ᠤᠨ ᠪᠠᠭ᠎ᠠ ᠲᠤᠭᠠᠨ ᠤ ᠵᠢᠭᠡᠯᠡᠯᠭᠡ᠂ | 3000 ᠲᠦᠮᠡᠨ ᠲᠦᠭᠦᠷᠢᠭ ᠤᠨ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠵᠢᠭᠡᠯᠡᠯᠭᠡ ᠲᠠᠯᠪᠢᠵᠦ᠂ 2017 | ᠤᠨ ᠠᠴᠠ ᠨᠠᠰᠢ᠂ 8000 ᠲᠦᠮᠡᠨ ᠲᠦᠭᠦᠷᠢᠭ ᠤᠨ ᠦᠨᠳᠦᠷ ᠬᠦᠦ ᠲᠠᠢ ᠵᠢᠭᠡᠯᠡᠯᠭᠡ ᠶᠢ ᠰᠢᠢᠳᠪᠦᠷᠢᠯᠡᠨ ᠮᠠᠯᠵᠢᠬᠤ | ᠤᠷᠤᠨ ᠤ ᠢᠳᠡᠬᠡᠮᠵᠢ ᠶᠢᠨ ᠲᠤᠭᠳᠠᠯᠴᠠᠭ᠎ᠠ ᠶᠢ ᠰᠢᠯᠢᠳᠡᠭᠵᠢᠬᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ | ᠪᠠᠶᠠᠵᠢᠨ ᠴᠢᠨᠡᠭᠡᠯᠢᠭᠵᠢᠬᠦ ᠳᠤ ᠰᠠᠶᠢᠨ ᠰᠠᠶᠢᠬᠠᠨ ᠮᠦᠩᠭᠦᠨ ᠬᠦᠢᠯᠭᠡᠭᠡᠨ ᠤ ᠤᠷᠴᠢᠨ ᠨᠦᠬᠦᠴᠡᠯ ᠢ ᠪᠦᠷᠢᠳᠦᠭᠦᠯᠵᠦ | ᠦᠭᠭᠦᠭᠰᠡᠨ ᠪᠠᠶᠢᠨ᠎ᠠ᠃ | |