ᠡᠷᠬᠢᠯᠳᠡᠳᠤ ᠠᠵᠦ ᠠᠬᠤᠢ ᠶᠢᠨ ᠠᠵᠦ ᠦᠢᠯᠡᠰ ᠨᠢ ᠠᠵᠦ ᠦᠢᠯᠡᠳᠪᠦᠷᠢ ᠶᠢᠨ ᠴᠢᠨᠠᠷᠯᠢᠭ ᠬᠦᠭᠵᠢᠯᠳᠡ ᠶᠢ | ᠠᠬᠢᠭᠤᠯᠵᠦ ᠪᠠᠶᠢᠨ᠎ᠠ | | | ᠥᠪᠡᠷᠳᠡᠬᠡᠨ ᠵᠠᠰᠠᠬᠤ ᠣᠷᠣᠨ ᠤ ᠠᠵᠦ ᠦᠢᠯᠡᠳᠪᠦᠷᠢ ᠶᠢᠨ ᠠᠵᠦ ᠦᠢᠯᠡᠰ ᠤᠨ ᠪᠠᠶᠢᠷᠢᠯᠠᠭᠤᠯᠣᠯᠳᠠ ᠶᠣᠰᠣᠭᠠᠷ᠂ | ᠠᠵᠦ ᠦᠯᠡᠳᠪᠦᠷᠢ ᠶᠢᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠶᠢᠨ ᠳᠣᠰᠠᠳᠠ᠂ ᠪᠠᠷᠠᠭᠤᠨ | ᠦᠵᠦᠮᠦᠴᠢᠨ ᠬᠤᠰᠢᠭᠤ ᠨᠢ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠬᠡᠪᠴᠢᠶᠡᠨ ᠤ ᠳᠠᠪᠠᠭᠤᠯᠢᠭ ᠲᠤ ᠪᠠᠨ | ᠰᠠᠭᠤᠷᠢᠯᠠᠨ᠂ ᠰᠢᠨ᠎ᠡ ᠬᠦᠭᠵᠢᠯᠳᠡ ᠶᠢᠨ ᠣᠶᠢᠯᠭᠠᠭᠳᠠᠬᠤᠨ ᠢ ᠪᠠᠷᠢᠮᠳᠠᠯᠠᠵᠦ᠂ ᠪᠣᠳᠠᠳᠦ ᠠᠵᠦ ᠠᠬᠤᠢ ᠪᠠᠷ ᠲᠥᠪ ᠪᠣᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠥᠬᠡᠷᠡᠴᠢᠯᠡᠯᠳᠡ ᠶᠢ ᠠᠬᠢᠭᠤᠯᠵᠦ᠂ ᠪᠦᠲᠦᠴᠡ ᠶᠢᠨ | ᠳᠣᠬᠢᠷᠠᠭᠤᠯᠣᠯᠳᠠ ᠶᠢ ᠠᠳᠬᠤᠨ᠂ ᠴᠢᠨᠠᠷ ᠴᠢᠨᠰᠠᠭᠠᠨ ᠤ ᠥᠬᠡᠷᠡᠴᠢᠯᠡᠯᠳᠡ᠂ ᠠᠰᠢᠭᠯᠠᠮᠵᠢ ᠶᠢᠨ ᠥᠬᠡᠷᠡᠴᠢᠯᠡᠯᠳᠡ᠂ | ᠬᠦᠳᠡᠯᠬᠡᠬᠦ ᠬᠦᠴᠦᠨ ᠤ ᠥᠬᠡᠷᠡᠴᠢᠯᠡᠯᠳᠡ ᠶᠢ ᠲᠦᠷᠬᠡᠳᠬᠡᠵᠦ᠂ ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ | ᠲᠦᠷᠬᠡᠳᠬᠡᠨ ᠪᠠᠶᠢᠭᠤᠯᠣᠨ᠂ ᠠᠵᠦ ᠠᠬᠤᠢ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠦᠷ᠎ᠡ ᠪᠦᠳᠦᠮᠵᠢ | ᠶᠢ ᠳᠠᠰᠣᠷᠠᠯᠳᠠ ᠦᠬᠡᠢ ᠳᠡᠬᠡᠭᠰᠢᠯᠡᠬᠦᠯᠵᠦ ᠪᠠᠶᠢᠨ᠎ᠠ᠃ | ᠰᠣᠷᠪᠣᠯᠵᠢᠯᠠᠭᠴᠢ ᠰᠢᠯᠢ ᠶᠢᠨ ᠭᠤᠤᠯ ᠠᠶᠢᠮᠠᠭ ᠤᠨ ᠪᠠᠶᠠᠩᠬᠤᠸᠠ ᠨᠡᠬᠦᠷᠡᠰᠦ ᠴᠠᠬᠢᠯᠭᠠᠨ ᠤ ᠬᠢᠵᠠᠭᠠᠷᠳᠦ | ᠬᠠᠷᠢᠭᠤᠴᠠᠯᠭᠠᠳᠦ ᠺᠣᠮᠫᠠᠨᠢ ᠶᠢᠨ ᠬᠦᠩᠭᠡᠨᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠶᠢᠨ ᠪᠠᠷᠢᠯᠭ᠎ᠠ ᠶᠢᠨ ᠠᠬᠤᠢ ᠲᠠᠯᠠᠪᠠᠢ | ᠳᠤ ᠬᠦᠷᠬᠦ ᠳᠤ᠂ 1080 ᠮᠧᠲᠷ ᠤᠨ ᠣᠷᠳᠦ ᠪᠦᠬᠦᠢ ᠦᠢᠯᠡᠳᠪᠦᠷᠢ ᠶᠢᠨ ᠪᠠᠶᠢᠰᠢᠩ ᠤᠨ ᠭᠤᠣᠯ ᠴᠣᠭᠴᠠ ᠶᠢᠨ ᠲᠦᠷᠦᠯ | ᠵᠦᠢᠯ ᠨᠢ ᠨᠢᠬᠡᠨᠳᠡ ᠪᠠᠷᠢᠯᠭ᠎ᠠ ᠳᠠᠭᠤᠰᠴᠦ᠂ ᠪᠠᠷᠢᠯᠭ᠎ᠠ ᠶᠢᠨ ᠠᠵᠢᠯᠳᠠᠨ ᠶᠠᠭ ᠰᠠᠶᠢᠬᠠᠨ ᠣᠭᠰᠠᠷᠠᠨ ᠳᠣᠨᠣᠭᠯᠠᠬᠤ ᠠᠵᠢᠯ ᠢ | ᠬᠦᠢᠴᠡᠳᠬᠡᠵᠦ ᠪᠠᠶᠢᠯ᠎ᠠ᠃ | ᠰᠣᠷᠪᠣᠯᠵᠢᠯᠠᠭ᠎ᠠ — ᠰᠢᠯᠢ ᠶᠢᠨ ᠭᠤᠤᠯ ᠠᠶᠢᠮᠠᠭ ᠤᠨ ᠪᠠᠶᠠᠩᠬᠤᠸᠠ ᠨᠡᠬᠦᠷᠡᠰᠦ ᠴᠠᠬᠢᠯᠭᠠᠨ ᠤ ᠬᠢᠵᠠᠭᠠᠷᠳᠦ | ᠬᠠᠷᠢᠭᠤᠴᠠᠯᠭᠠᠳᠦ ᠺᠣᠮᠫᠠᠨᠢ ᠶᠢᠨ ᠬᠦᠩᠭᠡᠨᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠳᠡᠳ᠋ ᠶᠡᠷᠦᠩᠭᠡᠢ ᠢᠨᠵᠧᠨᠧᠷ ᠶᠠᠩ ᠮᠢᠩ | ᠄ ︽ᠣᠳᠣᠬᠠᠨ ᠪᠣᠯᠬᠤ ᠳᠤ ᠪᠦᠬᠦᠶᠢᠯᠡ ᠢᠨᠵᠧᠨᠧᠷᠢᠩ ᠤᠨ 70%— 80% ᠶᠢ ᠪᠡᠶᠡᠯᠡᠬᠦᠯᠵᠦ᠂ ᠥᠨᠥ ᠵᠢᠯ ᠤᠨ | ᠭᠤᠣᠯᠳᠠᠯᠭ᠎ᠠ ᠲᠠᠢ ᠠᠵᠢᠯ ᠤᠨ ᠡᠬᠦᠷᠬᠡ ᠨᠢ ᠳᠠᠷᠦᠢ ᠰᠢᠪᠡᠷ ᠰᠢᠷᠦᠢ ᠶᠢᠨ ᠢᠨᠵᠧᠨᠧᠷᠢᠩ ᠪᠠ ᠮᠠᠰᠢᠨ ᠲᠤᠨᠤᠭ ᠣᠭᠰᠠᠷᠠᠬᠤ | ᠢᠨᠵᠧᠨᠧᠷᠢᠩ ᠢ ᠪᠦᠬᠦᠨ ᠢ ᠪᠡᠶᠡᠯᠡᠬᠦᠯᠬᠦ ᠪᠣᠯᠣᠨ᠎ᠠ᠂ ᠥᠨᠥ ᠵᠢᠯ ᠪᠦᠬᠦᠶᠢᠯᠡ ᠲᠠᠩ ᠭᠠᠭᠴᠠ ᠳᠣᠷᠰᠢᠨ ᠳᠣᠬᠢᠷᠠᠭᠤᠯᠬᠤ | ᠵᠢᠴᠢ ᠪᠠᠭ᠎ᠠ ᠬᠤᠯᠪᠣᠭᠠᠯᠳᠦ ᠮᠠᠰᠢᠨ ᠳᠡᠷᠭᠡᠨ ᠤ ᠲᠤᠷᠰᠢᠯᠳᠠ ᠶᠢ ᠪᠡᠶᠡᠯᠡᠬᠦᠯᠵᠦ᠂ ᠢᠷᠡᠬᠦ ᠵᠢᠯ ᠠᠴᠠ ᠢᠨᠵᠧᠨᠧᠷᠢᠩ ᠢ | ᠪᠦᠬᠦ ᠲᠠᠯ᠎ᠠ ᠪᠠᠷ ᠠᠰᠢᠭᠯᠠᠯᠳᠠ ᠳᠤ ᠣᠷᠣᠭᠤᠯᠵᠦ᠂ ᠲᠦᠯᠦᠪᠯᠡᠭᠰᠡᠨ ᠢᠶᠠᠷ ᠳᠠᠷᠠᠭ᠎ᠠ ᠵᠢᠯ ᠤᠨ 8 ᠰᠠᠷ᠎ᠠ ᠳᠤ ᠲᠦᠷᠦᠯ | ᠵᠦᠢᠯ ᠢ ᠵᠢᠩᠬᠢᠨᠢ ᠪᠠᠷ ᠠᠰᠢᠭᠯᠠᠯᠳᠠ ᠳᠤ ᠣᠷᠣᠭᠤᠯᠣᠨ᠎ᠠ︾ ᠭᠡᠯᠡ᠃ | ᠰᠢᠯᠢ ᠶᠢᠨ ᠭᠤᠤᠯ ᠠᠶᠢᠮᠠᠭ ᠤᠨ ᠪᠠᠶᠠᠩᠬᠤᠸᠠ ᠨᠡᠬᠦᠷᠡᠰᠦ ᠴᠠᠬᠢᠯᠭᠠᠨ ᠤ ᠬᠢᠵᠠᠭᠠᠷᠳᠦ ᠬᠠᠷᠢᠭᠤᠴᠠᠯᠭᠠᠳᠦ ᠺᠣᠮᠫᠠᠨᠢ | ᠶᠢᠨ ᠬᠦᠩᠭᠡᠨᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠶᠢᠨ ᠦᠨᠳᠦᠷ ᠨᠢᠭᠳᠠᠴᠠᠳᠦ ᠬᠦᠩᠭᠡᠨᠴᠠᠭᠠᠨ ᠤ ᠬᠠᠪᠳᠠᠰᠣᠨ ᠤ | ᠲᠦᠷᠦᠯ ᠵᠦᠢᠯ ᠨᠢ 2018 ᠣᠨ ᠤ 7 ᠰᠠᠷ᠎ᠠ ᠳᠤ ᠵᠢᠩᠬᠢᠨᠢ ᠪᠠᠷ ᠡᠬᠢᠯᠡᠵᠦ᠂ 2018 ᠣᠨ ᠳᠤ ᠣᠯᠣᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠣᠯᠳᠠ ᠶᠢᠨ ᠪᠦᠯᠦᠭᠯᠡᠯ ᠺᠣᠮᠫᠠᠨᠢ ᠠᠴᠠ ᠲᠦᠷᠦᠯ ᠵᠦᠢᠯ ᠢ ᠵᠥᠪᠰᠢᠶ᠋ᠷᠡᠵᠦ᠂ 41 | ᠳ᠋ᠥᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠬᠤᠶᠠᠷ ᠬᠤᠭᠤᠴᠠᠭ᠎ᠠ ᠬᠤᠪᠢᠶᠠᠨ ᠪᠠᠶᠢᠭᠤᠯᠵᠦ᠂ ᠣᠳᠣᠬᠠᠨ ᠳᠤ | ᠨᠢᠬᠡᠳᠦᠬᠡᠷ ᠬᠤᠭᠤᠴᠠᠭᠠᠨ ᠤ ᠢᠨᠵᠧᠨᠧᠷᠢᠩ ᠤᠨ ᠪᠠᠶᠢᠭᠤᠯᠣᠯᠳᠠ ᠶᠢᠨ ᠱᠠᠳᠦᠨ ᠳᠤ ᠪᠠᠶᠢᠵᠦ᠂ 2020 ᠣᠨ ᠤ 8 ᠰᠠᠷ᠎ᠠ | ᠶᠢᠨ ᠰᠡᠬᠦᠯᠴᠢ ᠪᠣᠯᠳᠠᠯ᠎ᠠ᠂ ᠲᠦᠷᠦᠯ ᠵᠦᠢᠯ ᠤᠨ ᠶᠡᠷᠦᠩᠭᠡᠢ ᠪᠡᠯᠡ ᠣᠷᠣᠭᠤᠯᠣᠯᠳᠠ ᠨᠢ 14 ᠳ᠋ᠦᠩᠰᠢᠭᠤᠷ ᠲᠦᠬᠦᠷᠢᠭ | ᠬᠦᠷᠴᠦ᠂ 2020 ᠣᠨ ᠤ 12 ᠰᠠᠷ᠎ᠠ ᠳᠤ ᠲᠦᠷᠦᠯ ᠵᠦᠢᠯ ᠤᠨ ᠶᠡᠷᠦᠩᠭᠡᠢ ᠪᠡᠯᠡ ᠣᠷᠣᠭᠤᠯᠣᠯᠳᠠ ᠨᠢ 18 | ᠳ᠋ᠦᠩᠰᠢᠭᠤᠷ ᠲᠦᠬᠦᠷᠢᠭ ᠲᠤ ᠬᠦᠷᠬᠦ ᠪᠣᠯᠣᠨ᠎ᠠ᠃ | ᠤᠶᠢᠯᠠᠭᠠᠭᠰᠠᠨ ᠢᠶᠠᠷ᠂ ᠰᠢᠯᠢᠩᠭᠤᠣᠯ ᠠᠶᠢᠮᠠᠭ ᠤᠨ ᠪᠠᠶᠠᠩᠬᠤᠸᠠ ᠨᠡᠬᠦᠷᠡᠰᠦ ᠴᠠᠬᠢᠯᠭᠠᠨ ᠤ ᠬᠢᠵᠠᠭᠠᠷᠳᠦ | ᠬᠠᠷᠢᠭᠤᠴᠠᠯᠭᠠᠳᠦ ᠺᠣᠮᠫᠠᠨᠢ ᠶᠢᠨ ᠬᠦᠩᠭᠡᠨᠴᠠᠭᠠᠨ ᠴᠠᠬᠢᠯᠭᠠᠨ ᠤ ᠬᠤᠪᠢᠶᠠᠷᠢ ᠺᠣᠮᠫᠠᠨᠢ ᠶᠢᠨ ᠦᠨᠳᠦᠷ ᠨᠢᠭᠳᠠᠴᠠᠳᠦ | ᠬᠦᠩᠭᠡᠨᠴᠠᠭᠠᠨ ᠤ ᠬᠠᠪᠳᠠᠰᠣᠨ ᠤ ᠲᠦᠷᠦᠯ ᠵᠦᠢᠯ ᠨᠢ ᠪᠦᠬᠦᠨ ᠣᠷᠣᠨ ᠤ ᠨᠡᠬᠦᠷᠡᠰᠦ ᠪᠠᠷ ᠴᠠᠬᠢᠯᠭᠠᠨ ᠭᠠᠷᠭᠠᠬᠤ᠂ | ᠴᠠᠬᠢᠯᠭᠠᠨ ᠢᠶᠠᠷ ᠬᠦᠩᠭᠡᠨᠴᠠᠭᠠᠨ ᠪᠣᠯᠪᠠᠰᠦᠷᠠᠭᠤᠯᠬᠤ᠂ ᠬᠦᠩᠭᠡᠨᠴᠠᠭᠠᠨ ᠢᠶᠠᠷ ᠴᠠᠬᠢᠯᠭᠠᠨ ᠢ ᠳᠠᠶᠢᠴᠢᠯᠠᠵᠦ᠂ ᠴᠠᠬᠢᠯᠭᠠᠨ ᠢᠶᠠᠷ | ᠨᠡᠭᠦᠷᠡᠰᠦᠨ ᠤ ᠭᠠᠷᠤᠯᠳᠠ ᠶᠢ ᠠᠬᠢᠭᠤᠯᠬᠤ ︽ᠨᠡᠬᠦᠷᠡᠰᠦ — ᠴᠠᠬᠢᠯᠭᠠᠨ — ᠬᠦᠩᠭᠡᠨᠴᠠᠭᠠᠨ — ᠬᠦᠩᠭᠡᠨᠴᠠᠭᠠᠨ ᠢ ᠳᠠᠬᠢᠨ | ᠪᠣᠯᠪᠠᠰᠦᠷᠠᠭᠤᠯᠬᠤ︾ ᠵᠡᠷᠭᠡ ᠨᠢᠬᠡ ᠴᠣᠭᠴᠠᠵᠢᠭᠤᠯᠣᠭᠰᠠᠨ ᠬᠦᠭᠵᠢᠯᠳᠡ ᠶᠢᠨ ᠡᠷᠬᠢᠯᠳᠡᠳᠤ ᠠᠵᠦ ᠠᠬᠤᠢ ᠶᠢᠨ ᠠᠵᠦ | ᠦᠢᠯᠡᠰ ᠤᠨ ᠪᠦᠯᠦᠭᠯᠡᠯ ᠢ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠪᠠ ᠵᠠᠩᠬᠢᠯᠭ᠎ᠠ ᠶᠢᠨ ᠭᠤᠭᠴᠤᠭ᠎ᠠ ᠪᠤᠯᠤᠨ᠎ᠠ᠃ | ᠲᠤᠰ ᠲᠦᠷᠦᠯ ᠵᠦᠢᠯ ᠨᠢ ᠮᠦᠨᠴᠦ ᠡᠬᠢ ᠪᠠᠶᠠᠯᠢᠭ ᠢ ᠳᠣᠬᠠᠢ ᠶᠢᠨ ᠭᠠᠵᠠᠷ ᠲᠤ ᠨᠢ ᠣᠯᠠᠷᠢᠭᠤᠯᠬᠤ ᠦᠨᠳᠦᠷ ᠪᠦᠳᠦᠮᠵᠢᠳᠦ | ᠠᠵᠦ ᠦᠢᠯᠡᠰ ᠤᠨ ᠰᠢᠰᠲ᠋ᠧᠮ ᠢ ᠪᠦᠲᠦᠬᠡᠨ ᠪᠠᠶᠢᠭᠤᠯᠵᠦ᠂ ᠠᠵᠦ ᠦᠢᠯᠡᠰ ᠤᠨ ᠬᠡᠯᠬᠢᠶᠠᠵᠢᠯ ᠢ ᠣᠷᠳᠣᠳᠬᠠᠨ ᠂ | ᠳᠡᠬᠡᠳᠦ ᠳᠣᠣᠷᠠᠳᠦ ᠣᠷᠣᠰᠬᠠᠯ ᠤᠨ ᠠᠵᠦ ᠦᠢᠯᠡᠰ ᠤᠨ ᠣᠯᠠᠨ ᠡᠰᠢᠴᠢᠯᠡᠭᠰᠡᠨ ᠬᠦᠭᠵᠢᠯᠳᠡ ᠶᠢ ᠪᠡᠶᠡᠯᠡᠬᠦᠯᠬᠦ ᠴᠢᠬᠤᠯᠠ | ᠪᠠᠲᠦᠯᠠᠭ᠎ᠠ ᠶᠢᠨ ᠨᠢᠬᠡ ᠪᠠᠶᠢᠵᠤ᠂ ᠲᠦᠷᠦᠯ ᠵᠦᠢᠯ ᠤᠨ ᠪᠠᠶᠢᠭᠤᠯᠣᠯᠳᠠ ᠨᠢ ᠠᠰᠢᠭᠯᠠᠯᠳᠠ ᠳᠤ ᠣᠷᠣᠭᠰᠠᠨ ᠤ ᠳᠠᠷᠠᠭ᠎ᠠ | ᠵᠢᠯ ᠪᠦᠷᠢ 4.5 ᠳ᠋ᠥᠩᠰᠢᠭᠤᠷ ᠲᠦᠬᠦᠷᠢᠭ ᠤᠨ ᠠᠰᠢᠭ ᠤᠷᠤᠯᠭ᠎ᠠ ᠶᠢ ᠪᠠᠶᠡᠯᠡᠬᠦᠯᠵᠦ᠂ 3 ᠳ᠋ᠦᠩᠰᠢᠭᠤᠷ ᠲᠦᠬᠦᠷᠢᠭ ᠤᠨ | ᠠᠰᠢᠭ ᠤᠨ ᠭᠠᠶᠢᠯᠢ ᠳᠣᠰᠢᠶᠠᠬᠤ ᠪᠣᠯᠣᠨ᠎ᠠ᠃ | |