ᠬᠤᠭᠤᠯᠠᠳᠤ ᠶᠢᠨ ᠭᠤᠣᠯ ᠪᠠᠯᠭᠠᠰᠤ ︽ᠵᠤᠷᠯᠤᠩ ᠢ ᠦᠭᠡᠷᠡᠴᠢᠯᠡᠬᠦ︾ ᠠᠵᠢᠯ ᠢ ᠠᠬᠢᠭᠤᠯᠬᠤ ᠬᠤᠷᠠᠯ | ᠬᠤᠷᠠᠯᠳᠤᠪᠠ | | | ᠪᠦᠬᠦ ᠪᠠᠯᠭᠠᠰᠤᠨ ᠤ ᠮᠠᠯᠵᠢᠬᠤ ᠣᠷᠣᠨ ᠤ ︽ᠵᠣᠷᠯᠣᠩ ᠢ ᠥᠭᠡᠷᠡᠴᠢᠯᠡᠬᠦ︾ ᠢᠨᠵᠧᠨᠧᠷᠢᠩ ᠢ ᠪᠦᠬᠦ ᠲᠠᠯ᠎ᠠ ᠪᠠᠷ | ᠴᠢᠨᠠᠷᠯᠢᠭ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ᠂ ᠬᠤᠭᠤᠯᠠᠳᠤ ᠭᠤᠤᠯ ᠪᠠᠯᠭᠠᠰᠤ ︽ | ᠵᠣᠷᠯᠤᠩ ᠢ ᠦᠭᠡᠷᠡᠴᠢᠯᠡᠬᠦ︾ ᠠᠵᠢᠯ ᠢ ᠠᠬᠢᠭᠤᠯᠬᠤ ᠬᠤᠷᠠᠯ ᠬᠢᠵᠦ᠂ ᠪᠦᠬᠦ ᠪᠠᠯᠭᠠᠰᠤᠨ ᠤ ︽ᠵᠣᠷᠯᠤᠩ ᠢ | ᠦᠭᠡᠷᠡᠴᠢᠯᠡᠬᠦ︾ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠪᠠᠷᠢᠯᠭ᠎ᠠ ᠶᠢᠨ ᠠᠵᠤ ᠠᠬᠤᠶᠢᠯᠠᠯ ᠤᠨ ᠶᠠᠰᠤ ᠴᠢᠨᠠᠷ ᠪᠠ ᠲᠤᠭ᠎ᠠ | ᠬᠡᠮᠵᠢᠶ᠎ᠡ ᠶᠢ ᠪᠠᠲᠤᠯᠠᠵᠤ ᠪᠠᠷᠢᠯᠭ᠎ᠠ ᠶᠢᠨ ᠠᠬᠢᠴᠠ ᠪᠠᠨ ᠲᠦᠷᠭᠡᠳᠬᠡᠬᠦ ᠶᠢ ᠱᠠᠯᠠᠪᠳᠠᠭᠤᠯᠤᠨ᠎ᠠ᠃ ᠬᠤᠶᠠᠷ ᠲᠤ᠂ | ᠪᠠᠷᠢᠯᠭ᠎ᠠ ᠪᠠᠷᠢᠬᠤ ᠠᠵᠤ ᠠᠬᠤᠶᠢᠯᠠᠯ ᠬᠠᠮᠢᠶ᠎ᠠ ᠪᠥᠬᠦᠶ ᠮᠠᠲ᠋ᠧᠷᠢᠶᠠᠯ ᠬᠠᠩᠭᠠᠬᠤ ᠶᠢᠨ ᠬᠠᠮᠲᠤ᠂ ᠡᠷᠬᠡᠪᠰᠢ ᠲᠤᠬᠠᠶ ᠶᠢᠨ | ᠲᠠᠯᠠᠪᠠᠶ ᠶᠢᠨ ᠪᠠᠷᠢᠯᠭ᠎ᠠ ᠪᠠᠷᠢᠬᠤ ᠦᠢᠯᠡᠳᠬᠦᠨ ᠤ ᠮᠠᠲ᠋ᠧᠷᠢᠶᠠᠯ ᠤᠨ ᠭᠡᠷᠡᠴᠢ ᠬᠠᠩᠭᠠᠬᠤ ᠬᠡᠷᠡᠭᠲᠡᠶ᠃ ᠭᠤᠷᠪᠠ ᠳᠤ᠂ | ᠪᠠᠷᠢᠯᠭ᠎ᠠ ᠪᠠᠷᠢᠬᠤ ᠨᠢᠭᠡᠴᠡ ᠡᠷᠬᠡᠪᠰᠢ ᠪᠣᠶ ᠪᠥᠬᠦᠶ ᠪᠠᠷᠢᠯᠭ᠎ᠠ ᠶᠢᠨ ᠠᠵᠢᠯᠲᠠᠨ ᠤ ᠪᠡᠶ᠎ᠡ ᠶᠢᠨ ᠭᠠᠷᠤᠯ ᠤᠨ ᠮᠡᠳᠡᠭᠡ | ᠵᠠᠩᠭᠢ ᠵᠢᠴᠢ ᠤᠲᠠᠰᠤᠨ ᠨᠣᠮᠧᠷ ᠢ ᠬᠠᠩᠭᠠᠵᠤ᠂ ᠪᠠᠷᠢᠯᠭ᠎ᠠ ᠶᠢᠨ ᠵᠣᠭᠤᠰ ᠢ ᠥᠭᠬᠦ ᠠᠴᠠ ᠡᠮᠦᠨ᠎ᠡ ᠬᠦᠯᠦᠰᠦᠨ | ᠠᠵᠢᠯᠴᠢᠨ ᠤ ᠴᠠᠯᠢᠩ ᠢ ᠥᠭᠬᠦ ᠬᠦᠰᠦᠨᠦᠭᠲᠦ ᠪᠠ ᠬᠦᠯᠦᠰᠦᠨ ᠠᠵᠢᠯᠴᠢᠨ ᠤ ᠴᠠᠯᠢᠩ ᠢ ᠦᠷᠢᠳᠦᠬᠦ ᠦᠭᠡᠢ | ᠪᠠᠲᠤᠯᠠᠭ᠎ᠠ ᠶᠢᠨ ᠪᠢᠴᠢᠭ ᠪᠠᠶᠢᠬᠤ ᠬᠡᠷᠡᠭᠲᠡᠶ᠃ ᠳᠥᠷᠪᠡ ᠳᠤ᠂ ᠪᠠᠷᠢᠯᠭ᠎ᠠ ᠶᠢᠨ ᠠᠩᠭᠢ ᠶᠢᠨ ᠭᠠᠯ ᠰᠡᠷᠭᠡᠶᠢᠯᠡᠬᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠢᠯᠡᠳᠪᠦᠷᠢᠯᠡᠯ ᠵᠡᠷᠭᠡ ᠠᠵᠢᠯ ᠢ ᠴᠢᠩᠭᠠᠳᠬᠠᠨ᠎ᠠ᠃ | ᠲᠠᠪᠤ ᠳᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠬᠤ | ᠬᠡᠷᠡᠭᠲᠡᠶ᠃ | ᠣᠲᠣ ᠪᠣᠯᠲᠠᠯ᠎ᠠ᠂ ᠮᠠᠨ ᠤ ᠪᠠᠯᠭᠠᠰᠤᠨ ᠳᠤ ᠬᠡᠷ ᠤᠨ ᠭᠠᠳᠠᠨᠠᠬᠢ ᠲᠤᠰᠠᠭᠠᠷ ᠠᠮᠢᠳᠤ ᠪᠣᠳᠠᠰ ᠤᠨ ᠪᠠᠺᠲ᠋ᠧᠷᠢ ᠶᠢ | ᠪᠠᠭᠤᠷᠠᠭᠤᠯᠤᠨ ᠵᠠᠳᠠᠷᠠᠭᠤᠯᠬᠤ ᠬᠠᠭᠤᠷᠠᠶ ᠵᠣᠷᠯᠣᠩ ᠤᠨ ᠳᠠᠯᠳᠠ ᠰᠠᠪᠠ ᠶᠢ 260 ᠢᠵᠢ᠂ ᠬᠡᠷ ᠤᠨ ᠭᠠᠳᠠᠨᠠᠬᠢ | ᠵᠣᠷᠯᠣᠩ ᠤᠨ ᠥᠷᠥᠭᠡ ᠳᠤ 160 ᠢᠵᠢ ᠶᠢ ᠤᠭᠰᠠᠷᠠᠵᠤ᠂ ᠤᠰᠤ ᠪᠠᠷ ᠤᠬᠢᠶᠠᠬᠤ ᠵᠣᠷᠯᠣᠩ ᠤᠨ ᠰᠠᠪᠠ ᠶᠢ 21 | ᠢᠵᠢ ᠤᠭᠰᠠᠷᠠᠪᠠ᠃ |