ᠵᠢᠷ ᠤᠨ ᠭᠤᠣᠯ ᠪᠠᠯᠭᠠᠰᠤ ᠨᠢ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠳᠤᠪᠴᠢᠶ᠎ᠠ ᠶᠢ ᠬᠠᠮᠵᠢᠨ ᠮᠠᠯᠵᠢᠬᠤ ᠡᠷᠦᠬᠡ ᠪᠠᠷ ᠬᠦᠷᠴᠦ ᠫᠧᠩ ᠬᠤᠷᠤᠭ᠎ᠠ ᠶᠢᠨ ᠳᠦᠷᠦᠯ ᠵᠦᠢᠯ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2020/9/23
  ᠵᠢᠷ ᠤᠨ ᠭᠤᠣᠯ ᠪᠠᠯᠭᠠᠰᠤ ᠨᠢ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠳᠤᠪᠴᠢᠶ᠎ᠠ ᠶᠢ ᠬᠠᠮᠵᠢᠨ ᠮᠠᠯᠵᠢᠬᠤ ᠡᠷᠦᠬᠡ ᠪᠠᠷ ᠬᠦᠷᠴᠦ ᠫᠧᠩ ᠬᠤᠷᠤᠭ᠎ᠠ ᠶᠢᠨ ᠳᠦᠷᠦᠯ ᠵᠦᠢᠯ ᠢ ᠨᠠᠶᠢᠳᠠᠪᠤᠷᠢᠵᠢᠭᠤᠯᠪᠠ    ᠮᠠᠯ ᠤᠨ ᠫᠧᠩ ᠬᠤᠷᠤᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 15 ᠤ ᠡᠳᠦᠷ᠂ ᠬᠤᠰᠢᠭᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ᠂ ᠬᠢᠨᠠᠨ ᠬᠠᠮᠢᠶᠠᠷᠬᠤ ᠪᠦᠷᠢᠯᠳᠦᠬᠦᠨ ᠠᠵᠢᠯᠯᠠᠬᠤ ᠳᠤᠭᠤᠶᠢᠯᠠᠩ ᠪᠣᠯᠤᠨ ᠪᠠᠷᠢᠯᠭ᠎ᠠ ᠶᠢᠨ ᠲᠠᠯ᠎ᠠ ᠶᠢᠨ ᠬᠢᠨ ᠵᠢᠷ ᠤᠨ ᠭᠤᠤᠯ ᠪᠠᠯᠭᠠᠰᠤᠨ ᠳᠤ ᠬᠦᠷᠴᠦ᠂ ᠳᠤᠯᠠᠭᠠᠨ ᠫᠧᠩ ᠤᠨ ᠠᠵᠢᠯ ᠡᠬᠢᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠵᠢᠷ ᠤᠨ ᠭᠤᠣᠯ ᠪᠠᠯᠭᠠᠰᠤᠨ ᠤ ᠠᠵᠢᠯᠲᠠᠳ ᠤᠳᠤᠷᠢᠳᠤᠯᠭ᠎ᠠ ᠶᠢᠨ ᠲᠣᠮᠢᠯᠠᠯᠲᠠ ᠪᠠᠷ ᠪᠠᠷ᠎ᠠ ᠪᠣᠯᠪᠠ᠃
    2020 ᠣᠨ ᠳᠤ ᠵᠢᠷ ᠤᠨ ᠭᠤᠤᠯ ᠪᠠᠯᠭᠠᠰᠤᠨ ᠤ ᠳᠤᠯᠠᠭᠠᠨ ᠫᠧᠩ ᠪᠠᠶᠢᠭᠤᠯᠬᠤ ᠡᠭᠦᠷᠭᠡ 4000 ᠲᠡᠭᠰᠢ ᠳᠥᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 100 ᠲᠡᠭᠰᠢ ᠳᠥᠷᠪᠡᠯᠵᠢᠨ ᠮᠧᠲᠷ᠃ ᠴᠠᠭ ᠠᠭᠤᠷ ᠤᠨ ᠰᠢᠯᠲᠠᠭᠠᠨ ᠠᠴᠠ ᠪᠣᠯᠵᠤ᠂ ᠣᠳᠣᠬᠠᠨ ᠳᠤ ᠵᠢᠷ ᠤᠨ ᠭᠤᠣᠯ ᠪᠠᠯᠭᠠᠰᠤᠨ ᠤ ᠤᠯᠠᠭᠠᠨᠨᠠᠭᠤᠷ ᠭᠠᠴᠠᠭ᠎ᠠ ᠶᠢᠨ   ᠨᠢᠭᠡ ᠮᠠᠯᠵᠢᠬᠤ ᠡᠷᠦᠬᠡ ᠳᠤ ᠯᠡ ᠰᠠᠶ᠋ᠢ ᠠᠵᠢᠯ ᠢᠶᠠᠨ ᠡᠬᠢᠯᠡᠭᠦᠯᠵᠦ ᠪᠠᠶᠢᠨ᠎ᠠ᠃ ᠭᠠᠵᠠᠷ ᠬᠥᠯᠳᠡᠬᠦ ᠠᠴᠠ ᠡᠮᠦᠨ᠎ᠡ ᠪᠠᠰᠠ 10 ᠡᠷᠦᠬᠡ ᠳᠤ ᠪᠠᠷᠢᠯᠭ᠎ᠠ ᠪᠠᠷᠢᠬᠤ ᠴᠢᠬᠤᠯᠠᠲᠠᠶ ᠪᠠᠶᠢᠨ᠎ᠠ᠃ ᠠᠵᠢᠯᠯᠠᠬᠤ ᠳᠤᠭᠤᠶᠢᠯᠠᠩ ᠨᠢ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠴᠢᠨᠠᠷ ᠢ ᠵᠠᠪᠠᠯ ᠪᠠᠳᠤᠯᠠᠬᠤ ᠬᠡᠷᠡᠭᠲᠡᠶ ᠭᠡᠵᠦ ᠱᠠᠭᠠᠷᠳᠠᠵᠤ᠂ ᠴᠠᠭ ᠠᠭᠤᠷ ᠤᠨ ᠪᠠᠶᠢᠳᠠᠯ ᠢ ᠦᠨᠳᠦᠰᠦᠯᠡᠨ᠂ ᠠᠵᠢᠯ ᠢᠶᠠᠨ ᠡᠬᠢᠯᠡᠭᠦᠯᠬᠦ ᠪᠠ ᠠᠵᠢᠯ ᠢᠶᠠᠨ ᠵᠣᠭᠰᠣᠭᠠᠬᠤ ᠪᠡᠯᠡᠳᠬᠡᠯ ᠢᠶᠠᠨ ᠰᠠᠶᠢᠲᠤᠷ ᠬᠢᠬᠦ ᠶᠢᠨ ᠬᠠᠮᠲᠤ ᠪᠠᠷᠢᠯᠭ᠎ᠠ ᠶᠢᠨ ᠲᠠᠯ᠎ᠠ ᠠᠴᠠ ᠪᠠᠷᠢᠯᠭ᠎ᠠ ᠶᠢᠨ ᠠᠬᠢᠴᠠ ᠪᠠᠨ ᠪᠠᠯᠭᠠᠰᠤᠨ ᠤ ᠠᠵᠢᠯᠲᠠᠨ ᠵᠢᠴᠢ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠳᠤ ᠴᠠᠭ ᠲᠤᠬᠠᠶ ᠳᠤᠨᠢ ᠮᠡᠳᠡᠭᠳᠡᠬᠦ ᠶᠢ ᠱᠠᠭᠠᠷᠳᠠᠪᠠ᠃ ᠳᠤᠯᠠᠭᠠᠨ ᠫᠧᠩ ᠢ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠬᠦ ᠶᠢᠨ ᠬᠠᠮᠲᠤ ᠠᠰᠢᠭᠯᠠᠯᠲᠠ ᠳᠤ ᠤᠷᠤᠭᠤᠯᠵᠦ᠂ ᠮᠠᠯ ᠤᠨ ᠠᠮᠤᠷ ᠲᠦᠪᠰᠢᠨ ᠢᠶᠠᠷ ᠤᠨᠳᠤᠷᠤᠬᠤ ᠳᠤ ᠪᠠᠲᠤᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠳᠡᠢ ᠭᠡᠪᠡ᠃
 
ᠢᠷᠡᠯᠲᠡ᠄ ᠵᠢᠷ ᠤᠨ ᠭᠤᠣᠯ ᠪᠠᠯᠭᠠᠰᠤᠨ ᠤ ᠸᠠᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号