ᠨᠠᠮᠤᠷ  ᠤᠨ ᠤᠯᠠᠷᠢᠯ ᠤᠨ  ᠲᠠᠯ᠎ᠠ  ᠨᠤᠳᠤᠭ  ᠤᠢ  ᠰᠢᠭᠤᠢ  ᠶᠢᠨ  ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠲᠤᠬᠠᠢ ᠪᠠᠷᠠᠭᠤᠨ ᠦᠵᠦᠮᠦᠴᠢᠨ ᠬᠤᠰᠢᠭᠤᠨ   ᠤ  ᠠᠷᠠᠳ  ᠤᠨ  ᠵᠠᠰᠠᠭ   ᠤᠨ  ᠤᠷᠳᠤᠨ  ᠤ  ᠵᠠᠷᠯᠢᠭ                              2 ᠳ᠋ᠤᠭᠠ᠊
ᠨᠡᠶᠢᠲᠡᠯᠡᠭᠰᠡᠨ ᠴᠠᠭ᠄
2020/9/24
          ᠨᠠᠮᠤᠷ   ᠤᠨ ᠤᠯᠠᠷᠢᠯ ᠤᠨ  ᠲᠠᠯ᠎ᠠ  ᠨᠤᠳᠤᠭ  ᠤᠢ  ᠰᠢᠭᠤᠢ   ᠶᠢᠨ  ᠭᠠᠯ          ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠲᠤᠬᠠᠢ ᠪᠠᠷᠠᠭᠤᠨ ᠦᠵᠦᠮᠦᠴᠢᠨ           ᠬᠤᠰᠢᠭᠤᠨ   ᠤ   ᠠᠷᠠᠳ   ᠤᠨ  ᠵᠠᠰᠠᠭ   ᠤᠨ  ᠤᠷᠳᠤᠨ   ᠤ   ᠵᠠᠷᠯᠢᠭ                              2 ᠳ᠋ᠤᠭᠠᠷ ᠲᠤᠭᠠᠳᠤ      ᠦᠨᠦ ᠵᠢᠯ ᠪᠦᠬᠦ ᠬᠤᠰᠢᠭᠤᠨ ᠤ ᠭᠡᠪᠴᠢᠶᠠᠨ ᠳᠤ ᠬᠤᠷ᠎ᠠ ᠲᠤᠨᠳᠠᠰᠦ ᠡᠯᠪᠡᠭ᠂ ᠡᠪᠡᠰᠦ ᠪᠡᠯᠴᠢᠭᠡᠷ ᠤᠨ ᠤᠷᠭᠤᠴᠠ ᠰᠠᠶᠢᠨ ᠤᠴᠢᠷ ᠠᠴᠠ ᠨᠠᠮᠤᠷ ᠤᠨ ᠤᠯᠠᠷᠢᠯ ᠳᠤ ᠤᠷᠤᠭᠰᠠᠨ ᠠᠴᠠ ᠬᠤᠶᠢᠰᠢ ᠭᠠᠯ ᠤᠨ ᠠᠶᠤᠯ ᠤᠨ ᠲᠠᠯᠳᠠ ᠭᠡᠮ ᠰᠤᠭᠤᠭ ᠶᠡᠭᠡᠪᠡᠷ ᠨᠡᠮᠡᠭᠳᠡᠭᠰᠡᠨ ᠪᠤᠯᠬᠤᠷ ᠭᠠᠯ ᠰᠡᠷᠭᠡᠶᠢᠯᠡᠭᠦ ᠡᠭᠦᠷᠭᠡ ᠲᠤᠶᠢᠯ ᠤᠨ ᠬᠠᠳᠠᠭᠤᠵᠢᠯᠳᠠᠢ ᠪᠠᠶᠢᠨ᠎ᠠ᠃ ᠪᠦᠭᠦ ᠬᠤᠰᠢᠭᠤᠨ ᠤ ᠨᠠᠮᠤᠷ ᠤᠨ ᠤᠯᠠᠷᠢᠯ ᠤᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠠᠵᠢᠯ ᠢ ᠤᠯᠠᠮ ᠴᠢᠩᠭᠠᠳᠬᠠᠵᠤ᠂ ᠲᠠᠯ᠎ᠠ ᠨᠤᠳᠤᠭ ᠤᠢ ᠰᠢᠭᠤᠢ ᠶᠢᠨ ᠭᠠᠯ ᠲᠤᠶᠢᠮᠠᠷ ᠡᠭᠦᠰᠭᠦ ᠶᠢ ᠡᠷᠡᠰ ᠬᠤᠷᠢᠭᠯᠠᠨ ᠂ ᠠᠷᠠᠳ ᠲᠦᠮᠡᠨ ᠤ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠪᠠ ᠲᠠᠯ᠎ᠠ ᠨᠤᠳᠤᠭ ᠤᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ ︽ᠲᠠᠯ᠎ᠠ ᠨᠤᠳᠤᠭ ᠤᠨ ᠭᠠᠯ ᠰᠡᠷᠭᠡᠶᠢᠯᠡᠭᠦ ᠲᠦᠷᠢᠮ︾ ︽ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾᠂   ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾ ᠢ ᠦᠨᠳᠤᠰᠦᠯᠠᠨ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠰᠤᠳᠤᠯᠤᠨ ᠶᠠᠷᠢᠯᠴᠠᠬᠤ ᠪᠠᠷ ᠲᠠᠮᠵᠢᠨ᠂ 9 ᠰᠠᠷ᠎ᠠ ᠶᠢᠨ 25 ᠤ ᠡᠳᠦᠷ  ᠠᠴᠠ ᠡᠬᠢᠯᠡᠨ ᠨᠠᠮᠤᠷ ᠤᠨ ᠤᠯᠠᠷᠢᠯ ᠤᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭᠠᠨ ᠳᠤ ᠤᠷᠤᠬᠤ ᠪᠠᠷ ᠲᠤᠭᠳᠠᠪᠠ᠃ ᠲᠤᠤᠷ᠎ᠠ ᠵᠠᠷᠯᠢᠭ ᠢ ᠨᠡᠶᠢᠳᠡᠯᠡᠶ᠎ᠠ᠄    ᠨᠢᠭᠡ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭ᠎ᠠ᠄ 2020 ᠤᠨ ᠤ 9 ᠰᠠᠷ᠎ᠠ ᠶᠢᠨ 25 ᠤ ᠡᠳᠦᠷ — 11 ᠰᠠᠷ᠎ᠠ ᠶᠢᠨ 15 ᠤ ᠡᠳᠦᠷ᠃    ᠬᠤᠶᠠᠷ᠂ ᠭᠠᠯ  ᠰᠡᠷᠭᠡᠶᠢᠯᠡᠭᠦ  ᠴᠢᠩᠭ᠎ᠠ  ᠬᠠᠮᠢᠶᠠᠷᠤᠯᠳᠠ   ᠶᠢᠨ  ᠤᠷᠤᠨ᠄  ᠡᠯ᠎ᠡ  ᠰᠤᠮᠤ  ᠪᠠᠯᠭᠠᠰᠤ᠂ ᠭᠦᠷᠦᠭᠡᠰᠦᠳᠠᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ    ︵ᠪᠠᠷᠠᠭᠤᠨ ᠦᠵᠦᠮᠦᠴᠢᠨ ᠬᠤᠰᠢᠭᠤᠨ ᠤ ᠤᠯᠤᠰ ᠤᠨ ᠦᠮᠴᠢᠯᠠᠯᠳᠤ ᠤᠢ ᠰᠢᠭᠤᠢ︶᠂ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ᠂ ᠭᠤᠤᠯ ᠪᠤᠯᠬᠤ ᠵᠢᠭᠤᠯᠴᠢᠯᠠᠯ ᠤᠨ ᠦᠵᠡᠮᠵᠢ ᠶᠢᠨ ᠤᠷᠤᠨ᠂ ᠵᠠᠰᠠᠮᠠᠯ ᠵᠠᠮ ᠲᠡᠮᠤᠷ ᠵᠠᠮ ᠤᠨ ᠬᠠᠵᠠᠭᠤᠳᠠᠬᠢ ᠵᠠᠮ ᠲᠠᠭᠠᠭᠰᠠᠨ ᠭᠡᠰᠡᠭ᠃   ᠭᠤᠷᠪᠠ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭᠠᠨ ᠳᠤ ᠂ ᠲᠠᠯ᠎ᠠ ᠨᠤᠳᠤᠭ ᠤᠶᠢᠳᠤ ᠤᠷᠤᠨ ᠳᠤ ᠭᠡᠭᠡᠷ᠎ᠡ ᠭᠠᠳᠠᠨ᠎ᠠ ᠭᠠᠯ ᠭᠡᠷᠡᠭᠯᠡᠭᠦ ᠶᠢ ᠡᠷᠡᠰ ᠴᠠᠭᠠᠵᠠᠯᠠᠵᠤ᠂ ᠡᠯ᠎ᠡ ᠨᠢᠭᠡᠴᠠ ᠪᠠ ᠰᠠᠭᠤᠭᠠᠯᠢ ᠠᠷᠠᠳ ᠨᠢ ᠠᠮᠢᠳᠤᠷᠠᠯ ᠲᠤᠮᠳᠠ ᠭᠠᠯ ᠭᠡᠷᠡᠭᠯᠡᠭᠦ ᠳᠡᠭᠡᠨ ᠡᠷᠭᠡᠪᠰᠢ ᠴᠢᠩᠭ᠎ᠠ ᠬᠠᠮᠢᠶᠠᠷᠤᠯᠳᠠ ᠶᠢᠨ ᠵᠠᠷᠯᠢᠭ ᠢ ᠡᠷᠡᠰ ᠭᠡᠷᠡᠭᠵᠢᠭᠦᠯᠦᠨ᠂ ᠲᠠᠪᠤᠨ ᠲᠡᠰ ᠠᠴᠠ ᠲᠡᠭᠡᠭᠰᠢᠬᠢ ᠰᠠᠯᠬᠢᠨ ᠲᠠᠢ ᠡᠳᠦᠷ ᠠᠯᠢᠪᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃   ᠲᠦᠷᠪᠡ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭᠠᠨ  ᠳᠤ᠂ ᠲᠠᠯ᠎ᠠ ᠨᠤᠳᠤᠭ ᠤᠶᠢᠳᠤ ᠤᠷᠤᠨ ᠳᠤ ᠬᠤᠭ ᠨᠤᠪᠰᠢ ᠰᠢᠳᠠᠭᠠᠬᠤ᠂ ᠡᠪᠡᠰᠦ ᠰᠢᠳᠠᠭᠠᠬᠤ᠂ ᠲᠠᠮᠠᠬᠢ ᠲᠠᠳᠠᠬᠤ᠂ ᠭᠠᠯ ᠳᠤ ᠡᠭᠡᠭᠡᠭᠦ᠂ ᠭᠡᠭᠡᠷ᠎ᠡ ᠭᠠᠳᠠᠨ᠎ᠠ ᠬᠤᠭᠤᠯᠯᠠᠬᠤ ᠵᠡᠷᠭᠡ ᠭᠡᠭᠡᠷ᠎ᠡ ᠭᠠᠳᠠᠨ᠎ᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠡᠯ᠎ᠡ ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ᠨᠢ ᠴᠠᠭᠳᠠᠨ ᠪᠠᠶᠢᠴᠠᠭᠠᠯᠳᠠ ᠪᠠᠨ ᠴᠢᠩᠭᠠᠳᠬᠠᠨ᠂ ᠭᠡᠭᠡᠷ᠎ᠡ ᠭᠠᠳᠠᠨ᠎ᠠ ᠭᠠᠯ ᠭᠡᠷᠡᠭᠯᠡᠭᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠠᠯ᠎ᠠ ᠨᠤᠳᠤᠭ ᠤᠶᠢᠳᠤ ᠤᠷᠤᠨ ᠳᠤ ᠭᠠᠯ ᠤᠨ ᠰᠤᠷᠪᠤᠯᠵᠢ ᠶᠢ ᠠᠪᠴᠤ ᠶᠠᠪᠤᠬᠤ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠭᠦ ᠲᠦᠭᠦᠭᠡᠷᠦᠮᠵᠢ ᠤᠭᠰᠠᠷᠠᠭᠰᠠᠨ ᠦᠭᠡᠢ ᠲᠡᠷᠭᠡ ᠤᠨᠤᠭ᠎ᠠ ᠲᠠᠯ᠎ᠠ ᠨᠤᠳᠤᠭ ᠤᠶᠢᠳᠤ ᠤᠷᠤᠨ ᠤ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠤᠷᠤᠨ ᠳᠤ ᠤᠷᠤᠬᠤ ᠶᠢ ᠴᠠᠭᠠᠵᠠᠯᠠᠨ᠂ ᠭᠠᠯ ᠤᠨ ᠠᠶᠤᠯ ᠤᠨ ᠲᠠᠯᠳᠠ ᠭᠡᠮ ᠰᠤᠭᠤᠭ ᠢ ᠡᠷᠡᠰ ᠬᠤᠷᠢᠭᠯᠠᠬᠤ ᠭᠡᠷᠡᠭᠲᠡᠢ᠃    ᠲᠠᠪᠤ᠂ ᠴᠢᠩᠭ᠎ᠠ ᠰᠡᠷᠭᠡᠶᠢᠯᠡᠨ ᠬᠠᠮᠢᠶᠠᠷᠬᠤ ᠠᠵᠢᠯ ᠢ ᠪᠦᠭᠦ ᠲᠠᠯ᠎ᠠ ᠪᠠᠷ ᠬᠢᠭᠰᠡᠨ ᠰᠠᠭᠤᠷᠢᠨ ᠲᠡᠭᠡᠷ᠎ᠡ᠂ ᠡᠯ᠎ᠡ ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ᠂ ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠠ ᠨᠢ ᠠᠭᠤᠯᠠ ᠲᠤᠪᠤᠴᠠᠭ᠂ ᠭᠤᠤ ᠰᠤᠪᠠᠭ᠂ ᠤᠶᠢᠳᠤ ᠤᠷᠤᠨ ᠢ ᠴᠡᠪᠡᠷᠯᠡᠭᠦ ᠠᠵᠢᠯ ᠢ ᠲᠠᠷᠤᠶᠢᠬᠠᠨ ᠦᠷᠨᠢᠭᠦᠯᠵᠤ᠂   ᠲᠤᠷ᠎ᠠ ᠪᠠᠷ ᠢᠶᠠᠨ ᠴᠢᠩᠭ᠎ᠠ ᠬᠠᠮᠢᠶᠠᠷᠤᠯᠳᠠ ᠶᠢᠨ ᠤᠷᠤᠨ ᠳᠤ ᠤᠷᠤᠭᠰᠠᠨ ᠰᠤᠯᠠ ᠰᠡᠯᠡᠭᠦᠦ ᠭᠦᠮᠦᠰ ᠢ ᠪᠦᠭᠦᠨ ᠢ ᠴᠢᠩᠭ᠎ᠠ ᠬᠠᠮᠢᠶᠠᠷᠤᠯᠳᠠ ᠶᠢᠨ ᠤᠷᠤᠨ ᠠᠴᠠ ᠭᠠᠷᠭᠠᠬᠤ ᠬᠡᠷᠡᠭᠲᠡᠢ ᠃ ᠬᠠᠮᠢᠶᠠᠷᠤᠯᠳᠠ ᠶᠢ ᠲᠠᠭᠠᠬᠤ ᠦᠭᠡᠢ ᠪᠤᠶᠤ ᠵᠤᠷᠢᠭᠤᠳᠠ ᠵᠦᠷᠢᠴᠡᠭᠰᠡᠳ ᠢ ᠲᠤᠭᠳᠠᠭᠠᠯ ᠶᠤᠰᠤᠭᠠᠷ ᠴᠢᠩᠭ᠎ᠠ ᠰᠢᠳᠭᠡᠵᠤ᠂ ᠪᠠᠶᠢᠳᠠᠯ ᠨᠢ ᠭᠦᠨᠳᠤ ᠨᠤᠴᠢᠳᠠᠢ ᠪᠤᠯ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠭᠦ ᠭᠡᠷᠡᠭᠲᠡᠢ᠃    ᠵᠢᠷᠭᠤᠭ᠎ᠠ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠴᠢᠩᠭ᠎ᠠ ᠰᠡᠷᠭᠡᠶᠢᠯᠡᠯᠳᠠ ᠶᠢᠨ ᠬᠤᠭᠤᠴᠠᠭᠠᠨ  ᠳᠤ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ᠂ ᠨᠡᠶᠢᠭᠡᠮ ᠤᠨ ᠪᠦᠯᠭᠦᠮ᠂ ᠠᠵᠤ ᠠᠬᠤᠶᠢᠯᠠᠯ ᠠᠵᠢᠯ ᠤᠶᠢᠯᠠᠰ ᠤᠨ ᠨᠢᠭᠡᠴᠠ᠂ ᠭᠠᠯ ᠰᠡᠷᠭᠡᠶᠢᠯᠡᠭᠦ ᠠᠩᠬᠢ᠂ ᠺᠠᠳ᠋ᠷ ᠤᠯᠠᠮ ᠲᠦᠮᠡᠨ ᠵᠢᠴᠢ ᠭᠠᠳᠠᠨ᠎ᠠ ᠠᠴᠠ ᠢᠷᠡᠭᠰᠡᠨ ᠭᠦᠮᠦᠰ ᠤᠨ ᠲᠠᠯ᠎ᠠ ᠨᠤᠳᠤᠭ ᠤᠶᠢᠳᠤ ᠤᠷᠤᠨ ᠳᠠᠬᠢ ᠠᠯᠢᠪᠠ ᠠᠵᠢᠯᠯᠠᠭ᠎ᠠ ᠨᠢ ᠡᠷᠭᠡᠪᠰᠢ ᠭᠠᠯ ᠰᠡᠷᠭᠡᠶᠢᠯᠡᠭᠦ ᠪᠦᠭᠦ ᠲᠠᠯ᠎ᠠ ᠶᠢᠨ ᠠᠵᠢᠯ ᠪᠠ ᠬᠤᠰᠢᠭᠤ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠵᠢᠯᠤᠭᠤᠳᠬᠤ ᠭᠠᠵᠠᠷ ᠤᠨ ᠨᠢᠭᠡᠳᠦᠯᠳᠠᠢ ᠵᠢᠯᠤᠭᠤᠳᠤᠯᠭ᠎ᠠ ᠶᠢ ᠲᠠᠭᠠᠬᠤ ᠭᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠠ ᠪᠠ ᠬᠤᠪᠢ ᠭᠦᠮᠦᠨ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ ᠢ ᠢᠯᠡᠷᠡᠭᠦᠯᠪᠡᠯ᠂ ᠴᠠᠭ ᠲᠤᠬᠠᠢ ᠳᠤ ᠨᠢ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ ᠢ ᠮᠡᠳᠡᠭᠦᠯᠭᠦ ᠤᠳᠠᠰᠤ ᠳᠤ ᠤᠳᠠᠰᠤᠳᠠᠨ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠵᠢᠯᠤᠭᠤᠳᠬᠤ ᠭᠠᠵᠠᠷ ᠲᠤ ᠮᠡᠳᠡᠭᠦᠯᠦᠭᠰᠡᠨ ᠤ ᠲᠠᠷᠠᠭ᠎ᠠ᠂ ᠲᠠᠷᠤᠶᠢᠬᠠᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠭᠦ ᠶᠢᠨ ᠬᠠᠮᠳᠤ ᠬᠠᠮᠢᠶ᠎ᠠ ᠪᠦᠭᠦᠢ ᠠᠷᠭ᠎ᠠ ᠠᠪᠴᠠᠯ ᠢ ᠠᠪᠴᠤ ᠭᠠᠯ ᠢ ᠤᠨᠳᠠᠷᠠᠭᠠᠬᠤ ᠭᠡᠷᠡᠭᠲᠡᠢ᠃     ᠲᠤᠯᠤᠭ᠎ᠠ᠂ ︽ᠤᠷᠢᠳᠴᠢᠯᠠᠨ ᠰᠡᠷᠭᠡᠶᠢᠯᠡᠭᠦ ᠪᠠᠷ ᠭᠤᠤᠯ ᠪᠤᠯᠭᠠᠵᠤ᠂ ᠢᠳᠡᠪᠬᠢᠳᠠᠢ ᠤᠨᠳᠠᠷᠠᠭᠠᠬᠤ︾ ᠴᠢᠭᠯᠡᠯᠳᠠ  ᠶᠢ ᠪᠠᠷᠢᠮᠳᠠᠯᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠪᠠ ᠭᠠᠯ ᠰᠡᠷᠭᠡᠶᠢᠯᠡᠭᠦ ᠠᠯᠪᠠᠨ ᠭᠡᠷ ᠨᠢ ᠡᠳ᠋ ᠪᠤᠳᠠᠰ ᠢ ᠭᠦᠢᠴᠡᠳ ᠨᠦᠭᠡᠴᠡᠯᠡᠨ᠂ ᠭᠠᠯ ᠤᠨᠳᠠᠷᠠᠭᠠᠬᠤ ᠪᠡᠯᠡᠳᠭᠡᠯ ᠠᠵᠢᠯ ᠢ ᠰᠠᠶᠢᠳᠤᠷ ᠬᠢᠭᠦ ᠭᠡᠷᠡᠭᠲᠡᠢ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ ᠨᠢ ᠭᠠᠯ ᠰᠡᠷᠭᠡᠶᠢᠯᠡᠭᠦ ᠠᠵᠢᠯ ᠢ ᠤᠳᠤᠬᠠᠨ ᠤ ᠠᠵᠢᠯ ᠤᠨ ᠭᠤᠤᠯᠳᠠᠯᠭ᠎ᠠ ᠪᠤᠯᠭᠠᠨ᠂ ᠵᠠᠰᠠᠭ ᠵᠠᠬᠢᠷᠭᠠᠨ ᠤ ︽ᠨᠢᠭᠡᠳᠦᠭᠡᠷ ᠬᠠᠷᠢᠭᠤᠴᠠᠯᠭᠠᠳᠠᠨ︾ ᠬᠠᠷᠢᠭᠤᠴᠠᠬᠤ ᠲᠦᠷᠢᠮ ᠢᠶᠠᠷ ᠭᠤᠤᠯ ᠪᠤᠯᠭᠠᠭᠰᠠᠨ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯ ᠤᠨ ᠬᠤᠪᠢᠶᠠᠷᠢ ᠪᠠᠨ ᠨᠠᠷᠢᠯᠢᠭᠵᠢᠭᠤᠯᠵᠤ᠂ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠠᠷᠭ᠎ᠠ ᠠᠪᠴᠠᠯ ᠢ ᠴᠢᠩᠭ᠎ᠠ ᠰᠡᠷᠭᠡᠶᠢᠯᠡᠯᠳᠠ ᠶᠢᠨ ᠤᠷᠤᠨ ᠪᠠ ᠭᠠᠯ ᠰᠡᠷᠭᠡᠶᠢᠯᠡᠭᠦ ᠡᠯ᠎ᠡ ᠭᠤᠭᠴᠤᠭᠠᠨ ᠤ ᠠᠵᠢᠯ ᠳᠤ ᠭᠦᠷᠳᠡᠯ᠎ᠠ ᠨᠠᠶᠢᠳᠠᠪᠤᠷᠢᠵᠢᠭᠤᠯᠬᠤ ᠭᠡᠷᠡᠭᠲᠡᠢ᠃ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ ᠭᠠᠯ ᠰᠡᠷᠭᠡᠶᠢᠯᠡᠭᠦ ᠠᠵᠢᠯ ᠢ ᠪᠠᠶᠢᠷᠢᠯᠠᠭᠤᠯᠵᠤ᠂ ᠡᠯ᠎ᠡ ᠲᠦᠷᠦᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶᠡᠴᠢᠯᠠᠨ ᠱᠠᠭᠠᠷᠳᠠᠨ ᠪᠠᠶᠢᠴᠠᠭᠠᠵᠤ᠂ ᠭᠠᠯ  ᠤᠨ ᠠᠶᠤᠯ ᠭᠠᠷᠪᠠᠯ ᠡᠮᠦᠨ᠎ᠠ ᠹᠷᠤᠨᠲ ᠳᠤ ᠦᠪᠡᠷ ᠤᠨ ᠪᠡᠶ᠎ᠡ ᠪᠠᠷ ᠢᠶᠠᠨ ᠵᠢᠯᠤᠭᠤᠳᠤᠨ ᠭᠠᠯ ᠤᠨᠳᠠᠷᠠᠭᠠᠬᠤ ᠭᠡᠷᠡᠭᠲᠡᠢ᠃    ᠨᠠᠢᠮᠠ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ  ᠶᠢᠨ ᠭᠠᠵᠠᠷ ᠨᠢ ᠭᠠᠯ ᠤᠨ ᠪᠠᠶᠢᠳᠠᠯ ᠢ ᠴᠠᠭ ᠢᠮᠠᠭᠳᠠ ᠪᠦᠬᠦ ᠲᠠᠯ᠎ᠠ ᠪᠠᠷ  ᠬᠢᠨᠠᠨ ᠪᠠᠶᠢᠴᠠᠭᠠᠵᠦ᠂ ᠭᠠᠯ ᠡᠭᠦᠰᠦᠭᠰᠡᠨ ᠰᠢᠯᠳᠠᠭᠠᠨ ᠪᠠ ᠬᠠᠨᠳᠤᠰᠢ ᠶᠢ ᠴᠠᠭ ᠲᠤᠬᠠᠢ ᠳᠤᠨᠢ ᠡᠵᠡᠮᠰᠢᠭᠦ ᠭᠡᠷᠡᠭᠲᠡᠢ᠃ ᠣᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠲᠤᠰᠬᠠᠢ ᠮᠡᠷᠭᠡᠵᠢᠯ ᠤᠨ᠂ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ ᠨᠢ ᠴᠠᠭ ᠢᠮᠠᠭᠳ᠋ᠨ ᠪᠡᠯᠡᠳᠬᠡᠯ ᠲᠠᠢ ᠪᠠᠶᠢᠵᠦ᠂ ᠡᠯ᠎ᠡ ᠪᠠᠶᠢᠭᠤᠯᠭ᠎ᠠ ᠨᠢᠭᠡᠴᠡ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢᠶᠠᠨ ᠭᠦᠢᠴᠡᠳ ᠪᠡᠯᠡᠳᠬᠡᠨ᠂ ᠭᠠᠯ ᠤᠨᠲᠠᠷᠠᠭᠠᠬᠤ ᠪᠠᠭᠠᠵᠢ ᠳᠦᠬᠦᠭᠡᠷᠦᠮᠵᠢ ᠪᠠᠨ ᠰᠠᠯᠪᠢᠨ ᠵᠠᠰᠠᠵᠦ᠂ ᠭᠠᠯ ᠲᠤᠶᠢᠮᠠᠷ ᠭᠠᠷᠪᠠᠯ ᠲᠠᠷᠤᠶᠢᠬᠠᠨ ᠬᠦᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠪᠦᠭᠦ ᠭᠦᠴᠦᠨ ᠢᠶᠠᠷ  ᠢᠶᠠᠨ ᠭᠠᠯ ᠢ ᠤᠨᠳᠠᠷᠠᠭᠠᠨ᠂ ᠭᠠᠯ ᠲᠤᠶᠢᠮᠠᠷ ᠠᠴᠠ ᠪᠤᠯᠤᠭᠰᠠᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠳᠡᠢ᠃ ᠭᠠᠯ ᠤᠨᠲᠠᠷᠠᠭᠠᠬᠤ ᠶᠠᠪᠤᠴᠠ ᠳᠤ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠭᠡᠰᠢᠬᠦᠨ ᠪᠠᠶᠢᠭᠤᠯᠭ᠎ᠠ ᠨᠢᠭᠡᠴᠠ ᠨᠢ ᠰᠠᠶᠢᠳᠤᠷ ᠬᠠᠮᠵᠢᠯᠴᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠪᠤᠷᠠᠨ ᠳᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ ᠬᠡᠷᠡᠭᠳᠡᠢ᠃    ᠶᠢᠰᠦ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ  ᠶᠢᠨ ᠭᠠᠵᠠᠷ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠲᠠᠭᠠᠭᠤᠯᠤᠨ ᠵᠢᠵᠢᠭᠦᠷᠯᠡᠭᠦ ᠳᠦᠷᠢᠮ ᠢ ᠪᠠᠷᠢᠮᠳᠠᠯᠠᠨ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠬᠤ᠂ ᠠᠵᠢᠯ ᠤᠨ ᠴᠠᠭ ᠠᠴᠠ ᠪᠠᠨ ᠬᠤᠴᠤᠷᠬᠤ ᠵᠡᠷᠭᠡ ᠪᠠᠶᠢᠳᠠᠯ ᠡᠭᠦᠰᠭᠦ ᠶᠢ ᠴᠢᠩᠭ᠎ᠠ ᠴᠠᠭᠠᠵᠠᠯᠠᠵᠦ᠂ ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠰᠠᠭᠠᠳ ᠦᠭᠡᠢ ᠳᠠᠮᠵᠢᠭᠤᠯᠬᠤ ᠶᠢ ᠪᠠᠳᠤᠯᠠᠬᠤ ᠬᠡᠷᠡᠭᠳᠡᠢ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠲᠠᠯ᠎ᠠ ᠨᠤᠲᠤᠭ ᠤᠢ ᠰᠢᠭᠤᠢ ᠶᠢᠨ ᠭᠠᠯ ᠳᠦᠢᠮᠡᠷ ᠤᠨ ᠮᠡᠳᠡᠭᠦᠯᠦᠯᠳᠡ ᠶᠢᠨ ᠳᠦᠷᠢᠮ ᠢ ᠴᠢᠩᠭ᠎ᠠ ᠭᠡᠷᠡᠭᠵᠢᠭᠦᠯᠵᠤ᠂ ᠲᠤᠭᠳᠠᠭᠠᠯ ᠶᠤᠰᠤᠭᠠᠷ ᠱᠠᠳᠤ ᠳᠠᠷᠠᠭᠠᠯᠠᠨ ᠳᠡᠭᠡᠭᠰᠢ ᠮᠡᠳᠡᠭᠦᠯᠭᠦ ᠭᠡᠷᠡᠭᠲᠡᠢ᠂ ᠤᠷᠤᠶᠢᠳᠠᠵᠦ ᠮᠡᠳᠡᠬᠦᠯᠬᠦ᠂ ᠨᠢᠭᠤᠵᠦ ᠮᠡᠳᠡᠬᠦᠯᠬᠦ᠂ ᠬᠤᠳᠠᠯ ᠢᠶᠠᠷ ᠮᠡᠳᠡᠬᠦᠯᠬᠦ ᠨᠡᠩ ᠴᠢᠨᠠᠭᠰᠢᠯᠠᠨ ᠮᠡᠳᠡᠬᠦᠯᠬᠦ ᠦᠭᠡᠢ ᠪᠠᠶᠢᠵᠦ ᠪᠣᠯᠬᠤ ᠦᠭᠡᠢ᠂ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠵᠦᠪᠰᠢᠶᠡᠷᠡᠯ ᠦᠭᠡᠢ ᠪᠠᠷ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠭᠠᠷ ᠤᠳᠠᠰᠤᠨ ᠤ ᠤᠬᠤᠷ ᠮᠡᠳᠡᠭᠡ᠂ ᠸᠢᠴᠠᠲ᠂ ᠪᠢᠴᠢᠯ ᠪᠦᠷᠭᠡ ᠵᠡᠷᠭᠡ ᠪᠠᠷ ᠬᠤᠳᠠᠯ ᠬᠠᠭᠤᠷᠮᠠᠭ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠦ ᠪᠣᠯᠬᠤ ᠦᠭᠡᠢ᠂ ᠭᠡᠷᠪᠡ ᠪᠠᠶᠢᠴᠠᠭᠠᠨ ᠢᠯᠡᠷᠡᠭᠦᠯᠪᠡᠯ ᠴᠢᠩᠭ᠎ᠠ ᠪᠠᠷ ᠰᠢᠳᠬᠡᠨ᠎ᠡ᠃ ᠲᠠᠯ᠎ᠠ ᠨᠤᠲᠤᠭ ᠤᠢ ᠰᠢᠭᠤᠢ ᠶᠢᠨ ᠭᠠᠯ ᠳᠦᠢᠮᠡᠷ ᠢ ᠰᠤᠨᠢᠨ ᠮᠡᠳᠡᠭᠡ ᠪᠠᠷ ᠮᠡᠳᠡᠭᠡᠯᠡᠬᠦ ᠳᠤᠭᠲᠠᠭᠠᠯ ᠢ ᠴᠢᠩᠭ᠎ᠠ  ᠵᠢᠷᠤᠮᠯᠠᠨ᠂ ᠤᠬᠠᠭᠤᠯᠭ᠎ᠠ ᠮᠡᠳᠡᠭᠡᠯᠡᠯ ᠤᠨ ᠵᠥᠪ ᠤᠨᠤᠪᠴᠢᠳᠤ ᠴᠢᠨᠠᠷ ᠢ ᠪᠠᠳᠤᠯᠬᠠᠤ ᠬᠡᠷᠡᠭᠳᠡᠢ᠃   ᠠᠷᠪᠠ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠠᠯ᠎ᠠ ᠨᠤᠲᠤᠭ ᠣᠶ ᠰᠢᠭᠤᠶ ᠶᠢᠨ ᠭᠠᠯ ᠳᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠯ ᠲᠦᠢᠮᠡᠷ ᠤᠨ ᠬᠡᠷᠡᠭ ᠢ ᠮᠡᠳᠡᠬᠦᠯᠪᠡᠯ ᠳᠠᠷᠤᠢ ᠲᠦᠷᠭᠡᠨ ᠪᠠᠶᠢᠴᠠᠭᠠᠨ ᠴᠢᠩᠭ᠎ᠠ ᠪᠠᠷ ᠰᠢᠢᠳᠪᠤᠷᠢᠯᠡᠭᠦ ᠬᠡᠷᠡᠭᠲᠡᠶ᠃ ᠭᠠᠯ ᠳᠦᠢᠮᠡᠷ ᠤᠨ ᠬᠡᠷᠡᠭ ᠢ ᠪᠠᠶᠢᠴᠠᠭᠠᠨ ᠳᠤᠳᠤᠯᠠᠬᠤ ᠦᠭᠡᠶ ᠪᠤᠯ ᠭᠡᠯᠳᠤᠷᠢᠭᠦᠯᠭᠦ ᠦᠭᠡᠢ᠂ ᠭᠠᠯ ᠲᠤᠶᠢᠮᠠᠷ ᠲᠠᠯᠪᠢᠭᠰᠠᠳ  ᠲᠤ ᠰᠢᠳᠬᠡᠯ ᠥᠭᠬᠦ ᠦᠭᠡᠢ ᠪᠤᠯ ᠭᠡᠯᠳᠤᠷᠢᠭᠦᠯᠭᠦ ᠦᠭᠡᠢ᠂ ᠵᠠᠰᠠᠨ ᠴᠡᠭᠴᠡᠯᠡᠭᠦ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠦᠭᠡᠶ ᠪᠤᠯ ᠭᠡᠯᠳᠤᠷᠢᠭᠦᠯᠭᠦ ᠦᠭᠡᠢ᠂ ᠰᠤᠷᠭᠠᠮᠵᠢ ᠠᠪᠬᠤ ᠦᠭᠡᠶ ᠪᠠᠶᠢᠪᠠᠯ ᠭᠡᠯᠳᠤᠷᠢᠭᠦᠯᠭᠦ ᠦᠭᠡᠢ ᠪᠠᠶᠢᠬᠤ ᠶᠢ ᠪᠠᠷᠢᠮᠳᠠᠯᠠᠨ᠂ ᠨᠡᠶᠢᠲᠡᠯᠢᠭ ᠬᠡᠷᠡᠭ ᠤᠨ ᠵᠢᠱᠢᠶ᠎ᠠ ᠶᠢ ᠢᠯᠡᠴᠢᠯᠠᠵᠤ᠂ ᠤᠯᠠᠨ ᠳᠤ ᠴᠡᠭᠡᠷᠯᠡᠯ ᠪᠣᠯᠭᠠᠬᠤ ᠬᠡᠷᠡᠭᠲᠡᠶ᠃    ᠠᠷᠪᠠᠨ ᠨᠢᠭᠡ᠂ ᠳᠡᠭᠡᠷ᠎ᠡ ᠳᠤᠷᠠᠳᠤᠭᠰᠠᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠴᠠ ᠵᠦᠷᠢᠴᠡᠭᠰᠡᠳ ᠢ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠲᠠᠯ᠎ᠠ ᠨᠤᠲᠤᠭ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠦᠢᠯᠡ ᠪᠠᠶᠢᠳᠠᠯ ᠤᠨ ᠭᠦᠨᠳᠤ ᠭᠦᠩᠭᠡᠨ ᠢ ᠦᠨᠳᠤᠰᠦᠯᠠᠨ᠂ ᠰᠡᠷᠡᠮᠵᠢᠯᠡᠭᠦᠯᠭᠦ᠂ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠤᠯᠭᠤᠨ᠎ᠠ᠃ ᠲᠠᠯ᠎ᠠ ᠨᠤᠳᠤᠭ ᠣᠶ ᠰᠢᠭᠤᠶ ᠶᠢᠨ ᠭᠠᠯ ᠲᠤᠶᠢᠮᠠᠷ ᠲᠠᠯᠪᠢᠭᠰᠠᠳ ᠲᠠᠯ᠎ᠠ ᠨᠤᠳᠤᠭ ᠣᠶ ᠰᠢᠭᠤᠶ ᠶᠢᠨ ᠬᠤᠬᠢᠷᠠᠯ ᠢ ᠲᠥᠯᠥᠬᠦ ᠪᠠ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠬᠦ ᠭᠡᠷᠡᠭᠲᠡᠢ᠂ ᠭᠡᠷᠪᠡ ᠶᠠᠯ᠎ᠠ ᠪᠣᠯᠵᠤ ᠪᠦᠷᠢᠯᠳᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠠᠷᠪᠠᠨ ᠬᠤᠶᠠᠷ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠲᠠᠯ᠎ᠠ ᠨᠤᠲᠤᠭ ᠣᠢ ᠰᠢᠭᠤᠶ ᠶᠢᠨ ᠭᠠᠯ ᠲᠦᠢᠮᠡᠷ ᠤᠨ ᠪᠠᠶᠢᠳᠠᠯ ᠢ ᠢᠯᠡᠷᠡᠭᠦᠯᠪᠡᠯ᠂ ᠴᠠᠭ ᠲᠤᠬᠠᠶ ᠳᠤᠨᠢ ᠮᠠᠨ ᠤ ᠬᠤᠰᠢᠭᠤᠨ ᠤ ᠭᠠᠯ ᠰᠡᠷᠭᠡᠶᠢᠯᠡᠬᠦ ᠠᠯᠪᠠᠨ ᠭᠡᠷ ᠪᠤᠶᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠮᠡᠳᠡᠭᠦᠯᠬᠦ ᠬᠡᠷᠡᠭᠲᠡᠶ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠭᠠᠯ ᠳᠦᠢᠮᠡᠷ ᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠬᠦᠯᠵᠦ᠂ ᠲᠠᠯ᠎ᠠ ᠨᠤᠲᠤᠭ ᠣᠢ ᠰᠢᠭᠤᠶ ᠶᠢᠨ ᠭᠠᠯ ᠳᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠵᠤ ᠮᠡᠳᠡᠭᠦᠯᠬᠦ ᠦᠭᠡᠢ ᠵᠡᠷᠭᠡ ᠠᠵᠢᠯᠯᠠᠭ᠎ᠠ ᠶᠢ ᠴᠠᠭᠠᠵᠠᠯᠠᠬᠤ ᠬᠡᠷᠡᠭᠲᠡᠶ᠃ᠭᠠᠯ ᠤᠨ ᠠᠶᠤᠯ ᠢ ᠮᠡᠳᠡᠬᠦᠯᠬᠦ ᠤᠲᠠᠰᠤ᠄ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ  12119                  ᠭᠠᠯ ᠰᠡᠷᠭᠡᠶᠢᠯᠡᠬᠦ ᠠᠯᠪᠠᠨ ᠬᠡᠷ   3522369                 ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ   3520100           ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                        2020 ᠣᠨ ᠤ 9 ᠰᠠᠷ᠎ᠠ ᠶᠢᠨ 22 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号