ᠪᠠᠷᠠᠭᠤᠨ ᠦᠵᠦᠮᠦᠴᠢᠨ ᠬᠤᠰᠢᠭᠤ  ᠵᠠᠮ ᠨᠡᠪᠲᠡᠷᠡᠯᠭᠡ ᠶᠢ ᠰᠠᠶᠢᠵᠢᠷᠠᠭᠤᠯᠵᠤ᠂ ᠮᠠᠯᠴᠢᠨ ᠲᠦᠮᠡᠨ ᠳᠤ ᠪᠣᠳᠠᠲᠤ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2020/9/28
       ᠪᠠᠷᠠᠭᠤᠨ ᠦᠵᠦᠮᠦᠴᠢᠨ ᠬᠤᠰᠢᠭᠤ  ᠵᠠᠮ ᠨᠡᠪᠲᠡᠷᠡᠯᠭᠡ ᠶᠢ ᠰᠠᠶᠢᠵᠢᠷᠠᠭᠤᠯᠵᠤ᠂           ᠮᠠᠯᠴᠢᠨ ᠲᠦᠮᠡᠨ ᠳᠤ ᠪᠣᠳᠠᠲᠤ ᠠᠰᠢᠭ ᠬᠦᠷᠲᠡᠭᠡᠵᠦ ᠪᠠᠶᠢᠨ᠎ᠠ                                                           9 ᠰᠠᠷ᠎ᠠ ᠶᠢᠨ 22 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠵᠢᠷ ᠭᠠᠴᠠᠭᠠᠨ ᠤ ᠮᠠᠯᠴᠢᠨ ᠶᠠᠩ ᠸᠠᠨ ᠴᠧᠩ ᠰᠤᠷᠪᠤᠯᠵᠢᠯᠠᠭᠴᠢ ᠲᠠᠢ ᠬᠠᠮᠲᠤ ᠵᠣᠭᠤᠭᠳᠠᠨ ᠠᠯᠬᠤᠬᠤ ᠳᠠᠭᠠᠨ᠄ ︽ ᠵᠠᠰᠠᠮᠠᠯ ᠵᠠᠮ ᠤᠳᠠᠯ ᠦᠭᠡᠢ ᠨᠡᠪᠲᠡᠷᠡᠴᠢᠬᠡᠨ᠎ᠡ᠂ ᠲᠡᠭᠡᠪᠡᠯ ᠮᠠᠨ ᠤ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ  ᠨᠡᠩ ᠶᠡᠭᠡ ᠳᠦᠭᠦᠮ ᠦᠵᠡᠭᠦᠯᠬᠦ ᠪᠣᠯᠣᠨ᠎ᠠ︾ ᠭᠡᠵᠦ ᠪᠠᠶᠠᠷᠲᠠᠶᠢᠬᠠᠨ ᠶᠠᠷᠢᠵᠤ ᠪᠠᠶᠢᠯ᠎ᠠ᠃
  ᠬᠥᠳᠡᠭᠡ ᠲᠣᠰᠬᠤᠨ ᠤ ᠵᠠᠰᠠᠮᠠᠯ ᠵᠠᠮ ᠢ ᠲᠣᠰᠬᠤᠨ ᠪᠣᠯᠭᠠᠨ ᠳᠤ ᠨᠡᠪᠲᠡᠷᠡᠭᠦᠯᠬᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠦᠢᠯᠡᠴᠢᠯᠡᠬᠦ᠂ ᠬᠥᠳᠡᠭᠡ ᠳᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠣᠯᠠᠨ ᠲᠦᠮᠡᠨ ᠤ  ᠵᠣᠯ ᠵᠢᠷᠭᠠᠯᠲᠤ ᠲᠦᠷᠦᠭᠳᠡᠯ ᠪᠣᠯᠣᠨ‌ᠠᠮᠤᠷ ᠳᠥᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠴᠢᠬᠤᠯᠠ ᠪᠦᠬᠦᠢ ᠰᠠᠭᠤᠷᠢ ᠴᠢᠨᠠᠷᠲᠠᠢ ᠠᠵᠢᠯ ᠪᠣᠯᠣᠨ᠎ᠠ᠃ ᠣᠶᠢᠷ᠎ᠠ ᠶᠢᠨ ᠵᠢᠯ ᠳᠤ᠂  ᠮᠠᠨ ᠤ  ᠬᠤᠰᠢᠭᠤ ᠨᠢ ᠬᠥᠳᠡᠭᠡ ᠲᠣᠰᠬᠤᠨ ᠮᠠᠯᠵᠢᠬᠤ ᠣᠷᠣᠨ ᠤ ᠭᠤᠣᠯ ᠵᠠᠮ ᠱᠤᠭᠤᠮ ᠢ ᠨᠡᠪᠲᠡᠷᠡᠭᠦᠯᠬᠦ ᠠᠵᠢᠯ ᠢ ᠢᠳᠡᠪᠬᠢᠲᠡᠢ ᠬᠢᠵᠦ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠮ ᠬᠠᠷᠢᠯᠴᠠᠭᠠᠨ ᠤ ᠲᠣᠣᠷ ᠤᠨ ᠪᠦᠲᠦᠴᠡ ᠶᠢ ᠰᠠᠶᠢᠵᠢᠷᠠᠭᠤᠯᠤᠨ᠂ ᠮᠠᠯᠴᠢᠨ ᠣᠯᠠᠨ ᠲᠦᠮᠡᠨ ᠤ ︽ᠵᠠᠮ ᠬᠠᠷᠢᠯᠴᠠᠭ᠎ᠠ ᠳᠦᠭᠦᠮ ᠦᠭᠡᠢ︾ ᠠᠰᠠᠭᠤᠳᠠᠯ ᠢ ᠰᠢᠢᠳᠪᠦᠷᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠪᠠᠶᠢᠳᠠᠯ ᠢ ᠶᠡᠬᠡᠪᠡᠷ ᠬᠤᠪᠢᠷᠠᠭᠤᠯᠤᠭᠰᠠᠨ ᠪᠠᠶᠢᠨ᠎ᠠ᠃
   ᠰᠤᠷᠪᠤᠯᠵᠢᠯᠠᠭᠴᠢ ᠵᠢᠷ ᠤᠨ ᠭᠤᠣᠯ ᠪᠠᠯᠭᠠᠰᠤᠨ ᠤ ᠵᠢᠷ ᠭᠠᠴᠠᠭᠠᠨ ᠤ ᠰᠢᠨ᠎ᠡ ᠪᠠᠷ ᠵᠠᠰᠠᠵᠤ ᠪᠠᠶᠢᠭ᠎ᠠ ᠵᠠᠮ ᠤᠨ ᠠᠬᠤᠢ ᠲᠠᠯᠠᠪᠤᠷ ᠲᠤ ᠬᠦᠷᠬᠦ ᠳᠤ᠂ ᠵᠠᠮ ᠵᠠᠰᠠᠬᠤ ᠮᠠᠰᠢᠨ ᠳᠦᠬᠦᠭᠡᠷᠦᠮᠵᠢ ᠬᠦᠩᠭᠢᠨᠡᠯᠳᠦᠵᠦ᠂ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠯ᠎ᠠ᠃ 23.3 ᠺᠢᠯᠣᠮᠧᠲᠷ ᠤᠷᠲᠤ ᠱᠦᠢᠨᠢ ᠵᠠᠮ ᠲᠠᠯ᠎ᠠ ᠳᠤᠮᠳᠠ ᠰᠤᠨᠤᠯᠵᠠᠨ ᠦᠵᠡᠮᠵᠢᠲᠡᠢ ᠰᠠᠶᠢᠬᠠᠨ ᠬᠠᠷᠠᠭᠳᠠᠨ᠎ᠠ᠃  ᠶᠠᠩ ᠸᠠᠨ ᠴᠧᠩ ᠴᠦ ᠵᠠᠮ ᠵᠠᠰᠠᠵᠤ ᠪᠠᠶᠢᠭ᠎ᠠ ᠶᠢ ᠢᠷᠡᠵᠦ ᠦᠵᠡᠭᠡᠳ ᠪᠠᠶᠠᠷᠯᠠᠨ ᠳᠣᠭᠳᠣᠯᠵᠤ ᠪᠠᠶᠢᠯ᠎ᠠ᠃ ᠲᠡᠷᠡ ᠤᠤᠯ ᠨᠢ ᠭᠠᠳᠠᠭᠰᠢ ᠭᠠᠷᠬᠤ ᠠᠴᠠ ᠪᠠᠨ ᠬᠠᠯᠠᠰᠢᠷᠠᠳᠠᠭ ᠪᠠᠶᠢᠵᠠᠢ᠂ ᠭᠠᠴᠠᠭᠠᠨ ᠠᠴᠠ ᠪᠠᠨ ᠪᠠᠯᠭᠠᠰᠤᠨ ᠳᠤ ᠬᠦᠷᠲᠡᠯ᠎ᠡ 2 ᠴᠠᠭ ᠭᠠᠷᠤᠢ ᠶᠠᠪᠤᠨ᠎ᠠ᠂ ᠪᠠᠰᠠ ᠵᠠᠮ ᠲᠤᠵᠢ ᠵᠢᠵᠢᠭ ᠨᠦᠬᠡ᠂ ᠴᠢᠯᠠᠭᠤ ᠲᠠᠭᠠᠷᠠᠯᠳᠤᠵᠤ᠂ ᠶᠡᠭᠡ ᠶᠠᠳᠠᠷᠠᠭ᠎ᠠ ᠲᠠᠢ ᠪᠠᠶᠢᠳᠠᠭ ᠭᠡᠨ᠎ᠡ᠃ ᠴᠠᠰᠤ ᠪᠣᠷᠣᠭᠠᠨ ᠣᠷᠣᠪᠠᠯ ᠤᠤᠯ ᠤᠨ  ᠰᠢᠷᠤᠢ ᠶᠢᠨ ᠵᠠᠮ ᠨᠢ ᠰᠢᠭᠤᠳ ᠯᠠ ᠰᠢᠪᠠᠷ ᠱᠠᠯᠴᠢᠭ  ᠪᠣᠯᠳᠠᠭ ᠪᠠᠶᠢᠵᠠᠢ᠃ ᠶᠠᠩ ᠸᠠᠨ ᠴᠧᠩ ᠪᠣᠯᠣᠨ ᠭᠠᠴᠠᠭᠠᠨ ᠤ ᠬᠢᠨᠢ ᠪᠣᠰᠣᠳ ᠮᠠᠯᠴᠢᠨ ᠣᠯᠠᠨ ᠤ ᠵᠠᠰᠠᠮᠠᠯ ᠵᠠᠮ ᠲᠠᠢ ᠪᠣᠯᠬᠤ ᠰᠠᠨ ᠭᠡᠰᠡᠨ ᠬᠦᠰᠡᠯ ᠨᠢ ᠥᠨᠥ ᠵᠢᠯ ᠪᠡᠶᠡᠯᠡᠭᠳᠡᠯ᠎ᠡ᠃ ᠶᠠᠩ ᠸᠠᠨ ᠴᠧᠩ ᠄ ︽ᠡᠨᠡ ᠵᠠᠮ ᠨᠡᠪᠲᠡᠷᠡᠴᠢᠬᠡᠪᠡᠯ ᠭᠠᠴᠠᠭᠠᠨ ᠠᠴᠠ ᠪᠠᠯᠭᠠᠰᠤᠨ ᠳᠤ ᠬᠦᠷᠲᠡᠯ᠎ᠡ ᠳᠥᠴᠢᠬᠡᠨ ᠮᠢᠨᠦ᠋ᠲ ᠶᠠᠪᠤᠨ᠎ᠠ᠃ ᠪᠠᠰᠠ᠂ ᠤᠤᠯ ᠨᠢ ᠵᠠᠮ ᠮᠠᠭᠤᠬᠠᠢ ᠤᠴᠢᠷ ᠠᠴᠠ ᠡᠪᠡᠰᠦ ᠲᠡᠭᠡᠭᠡᠬᠦ ᠦᠨ᠎ᠡ ᠬᠠᠩᠰᠢ ᠥᠨᠳᠥᠷ᠂ ᠪᠣᠭᠤᠯᠲᠠ ᠪᠦᠷᠢ ᠨᠢ 5 ᠲᠦᠭᠦᠷᠢᠭ ᠬᠦᠷᠳᠡᠭ ᠪᠠᠶᠢᠭᠰᠠᠨ᠂ ᠡᠨᠡ ᠵᠠᠮ ᠨᠡᠪᠲᠡᠷᠡᠴᠢᠬᠡᠪᠡᠯ ᠪᠣᠭᠤᠯᠲᠠ ᠪᠦᠷᠢ ᠶᠢ ᠲᠡᠭᠡᠭᠡᠬᠦ ᠬᠥᠯᠥᠰᠦ ᠨᠢ 2 ᠲᠦᠭᠦᠷᠢᠭ ᠪᠣᠯᠴᠢᠬᠠᠨ᠎ᠠ᠃ ᠮᠠᠯ ᠤᠨᠤᠭ᠎ᠠ ᠬᠤᠳᠠᠯᠳᠤᠬᠤ ᠳᠤ ᠴᠦ ᠳᠦᠭᠦᠮ ᠪᠣᠯᠣᠨ᠎ᠠ᠂ ᠮᠠᠯ ᠤᠨ ᠠᠷᠠᠯᠵᠢᠶᠠᠴᠢᠳ ᠥᠪᠡᠷᠲᠡᠭᠡᠨ ᠲᠡᠷᠭᠡ ᠲᠠᠢ ᠢᠷᠡᠵᠦ ᠬᠤᠳᠠᠯᠳᠤᠨ ᠠᠪᠬᠤ ᠪᠣᠯᠣᠨ᠎ᠠ︾ ᠭᠡᠵᠦ ᠵᠠᠮ ᠵᠠᠰᠠᠵᠤ ᠪᠠᠷᠠᠬᠤ ᠶᠢ ᠳᠡᠰᠴᠦ ᠶᠠᠳᠠᠨ ᠬᠦᠯᠢᠶᠡᠵᠦ ᠪᠠᠶᠢᠭ᠎ᠠ ᠶᠠᠩᠵᠤ ᠲᠠᠢ ᠳᠣᠭᠳᠤᠯᠤᠨ ᠬᠡᠯᠡᠪᠡ᠃
    ᠵᠢᠷ ᠭᠠᠴᠠᠭᠠᠨ ᠳᠤ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠬᠢᠵᠦ᠂ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ ᠳᠦᠭᠦᠮ ᠦᠵᠡᠭᠦᠯᠦᠭᠰᠡᠨ ᠨᠢ  ᠮᠠᠨ ᠤ   ᠬᠤᠰᠢᠭᠤᠨ ᠤ ᠡᠨᠡᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ ᠪᠠᠶᠢᠭ᠎ᠠ ᠶᠢᠨ ᠨᠢᠭᠡᠨ ᠵᠢᠱᠢᠶ᠎ᠡ ᠪᠣᠯᠣᠨ᠎ᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ  ᠬᠤᠰᠢᠭᠤ   ᠨᠢ ᠪᠣᠳᠠᠲᠤ ᠪᠠᠶᠢᠳᠠᠯ ᠵᠶ᠋ᠡᠨ‌ᠦᠨᠳᠦᠰᠦᠯᠡᠨ᠂ ᠵᠠᠮ ᠬᠠᠷᠢᠯᠴᠠᠭᠠᠨ ᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠪᠰᠤᠷᠬᠤ᠂ ᠶᠠᠳᠠᠭᠤ ᠶᠢ ᠳᠡᠳᠬᠦᠬᠦ ᠪᠣᠭᠤᠮᠲᠠ ᠰᠢᠪᠳᠤᠯᠬᠤ ᠳᠠᠶᠢᠯᠠᠯᠳᠤᠭᠠᠨ ᠳᠤ ᠦᠢᠯᠡᠴᠢᠯᠡᠬᠦ᠂ ᠬᠥᠳᠡᠭᠡ ᠲᠣᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠵᠡᠷᠭᠡ ᠲᠠᠯ᠎ᠠ ᠠᠴᠠ ᠴᠢᠩᠭ᠎ᠠ ᠠᠳᠬᠤᠵᠤ᠂ ︽ᠳᠥᠷᠪᠡᠨ  ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠮ ᠬᠠᠷᠢᠴᠠᠭᠠᠨ ᠤ ᠨᠦᠭᠦᠴᠡᠯ ᠢ ᠢᠯᠡᠷᠬᠡᠢ ᠰᠠᠶᠢᠵᠢᠷᠠᠭᠤᠯᠵᠠᠢ᠃ ᠪᠦᠬᠦ ᠬᠤᠰᠢᠭᠤᠨ ᠤ ᠬᠡᠪᠴᠢᠶᠡᠨ ᠳᠤ ᠨᠡᠶᠢᠲᠡ 2711 ᠺᠢᠯᠣᠮᠧᠲᠷ ᠵᠠᠰᠠᠮᠠᠯ ᠵᠠᠮ ᠨᠡᠪᠲᠡᠷᠡᠭᠰᠡᠨ ᠪᠦᠭᠡᠳ ᠡᠭᠦᠨ ᠳᠤ ᠬᠤᠰᠢᠭᠤ ᠰᠣᠮᠣ ᠪᠠᠯᠭᠠᠰᠤ ᠭᠠᠴᠠᠭᠠᠨ ᠳᠤ ᠨᠡᠪᠲᠡᠷᠡᠬᠦ ᠵᠠᠰᠠᠮᠠᠯ ᠵᠠᠮ 2205 ᠺᠢᠯᠣᠮᠧᠲᠷ ᠪᠠᠶᠢᠵᠤ᠂ ᠭᠠᠴᠠᠭ᠎ᠠ ᠲᠣᠰᠬᠤᠨ ᠳᠤ ᠨᠡᠪᠲᠡᠷᠡᠬᠦ ᠨᠣᠷᠮ᠎ᠠ  ᠨᠢ 100% ᠳᠤ ᠬᠦᠷᠦᠭᠰᠡᠨ ᠪᠠᠶᠢᠨ᠎ᠠ᠃ ᠪᠠᠯᠭᠠᠷᠭᠤᠣᠯ ᠪᠠᠯᠭᠠᠰᠤ ᠪᠠᠷ ᠲᠥᠪ ᠪᠣᠯᠭᠠᠨ᠂ ᠪᠠᠷᠠᠭᠤᠨᠰᠢ ᠰᠢᠯᠢ ᠶᠢᠨ ᠬᠤᠲᠠ᠂ ᠵᠡᠭᠦᠨᠰᠢ ᠬᠤᠤᠯᠢᠩᠭᠤᠣᠯ᠂ ᠡᠮᠦᠨᠡᠰᠢ ᠤᠯᠠᠭᠠᠨᠬᠠᠳᠠ ᠬᠤᠲᠠ᠂ ᠬᠤᠶᠢᠰᠢ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠳᠤ ᠬᠦᠷᠬᠦ ᠬᠤᠲᠠ ᠬᠥᠳᠡᠭᠡ ᠶᠢᠨ ᠵᠠᠰᠠᠮᠠᠯ ᠵᠠᠮ ᠢ ᠨᠡᠶᠢᠳᠡᠮ ᠪᠦᠷᠬᠦᠭᠦᠯᠦᠭᠰᠡᠨ ᠵᠠᠮ ᠬᠠᠷᠢᠯᠴᠠᠭᠠᠨ ᠤ ᠲᠣᠣᠷ ᠤᠨ ᠦᠨᠳᠦᠰᠦᠨ ᠲᠥᠯᠥᠪ ᠢ ᠪᠦᠷᠢᠯᠳᠦᠭᠦᠯᠦᠭᠰᠡᠨ ᠪᠠᠶᠢᠨ᠎ᠠ᠃
   ᠳᠥᠷᠪᠡᠨ ᠵᠦᠭ ᠨᠠᠢᠮᠠᠨ ᠵᠤᠪᠬᠢᠰ ᠲᠤ ᠨᠡᠪᠲᠡᠷᠡᠬᠦ ᠬᠥᠳᠡᠭᠡ ᠲᠣᠰᠬᠤᠨ ᠤ ᠵᠠᠰᠠᠮᠠᠯ ᠵᠠᠮ ᠨᠢ ᠮᠠᠯᠵᠢᠬᠤ ᠣᠷᠣᠨ ᠤ ᠡᠯ᠎ᠡ ᠦᠨᠳᠦᠰᠦᠲᠡᠨ ᠤ ᠠᠷᠠᠳ ᠣᠯᠠᠨ ᠤ ᠪᠠᠶᠠᠵᠢᠯ ᠤᠨ ᠵᠠᠮ ᠨᠢ ᠮᠥᠷᠲᠡᠭᠡᠨ ᠵᠣᠯ ᠵᠢᠷᠭᠠᠯ ᠤᠨ ᠵᠠᠮ ᠨᠢ ᠪᠣᠯᠬᠤ ᠶᠤᠮ᠃    ᠳᠦᠭᠦᠮ ᠲᠥᠳᠡ᠂ ᠰᠠᠭᠠᠳ ᠦᠭᠡᠢ᠂ ᠥᠨᠳᠥᠷ ᠠᠰᠢᠭᠲᠤ᠂ ᠠᠮᠤᠷ ᠳᠥᠪᠰᠢᠨ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠂ ᠵᠠᠮ ᠬᠠᠷᠢᠯᠴᠠᠭ᠎ᠠ ᠶᠢ ᠲᠦᠷᠭᠡᠨ ᠮᠥᠷᠲᠡᠭᠡᠨ ᠴᠢᠨᠠᠷᠯᠢᠭ ᠬᠥᠭᠵᠢᠭᠦᠯᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤ ᠣᠶᠢᠷ᠎ᠠ ᠶᠢᠨ ᠵᠢᠯ ᠳᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠰᠠᠮᠠᠯ ᠵᠠᠮ︾ ᠤᠨ ᠪᠦᠲᠦᠭᠡᠨ ᠪᠠᠶᠢᠭᠤᠯᠤᠯᠲᠠ ᠶᠢ ᠴᠢᠬᠤᠯᠠ ᠪᠦᠬᠦᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠣᠯᠠᠮ ᠲᠦᠮᠡᠨ ᠳᠤ ᠬᠡᠷᠡᠭᠴᠡᠭᠡ ᠲᠠᠢ᠂ ᠣᠯᠠᠨ ᠲᠦᠮᠡᠨ ᠰᠡᠳᠬᠢᠯ ᠬᠠᠨᠤᠮᠵᠢᠲᠠᠢ ᠵᠠᠮ ᠢ ᠵᠠᠰᠠᠬᠤ ᠪᠠᠷ ᠬᠠᠷᠠᠯᠲᠠ ᠪᠠᠨ ᠪᠣᠯᠭᠠᠨ᠂ ᠨᠢᠭᠡᠳᠦᠯᠲᠡᠢ ᠲᠥᠯᠥᠪᠵᠢᠭᠦᠯᠦᠨ᠂ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠵᠠᠰᠠᠮᠠᠯ ᠵᠠᠮ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ᠂ ᠳᠡᠭᠡᠳᠦ ᠱᠠᠲᠤᠨ ᠠᠴᠠ ᠨᠦᠬᠦᠪᠦᠷᠢ ᠡᠷᠡᠮᠡᠯᠵᠡᠨ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠮ ᠬᠠᠷᠢᠯᠴᠠᠭᠠᠨ ᠤ ᠲᠣᠣᠷ ᠢ ᠲᠠᠰᠤᠷᠠᠯᠲᠠ ᠦᠭᠡᠢ ᠥᠷᠭᠡᠳᠬᠡᠬᠦ᠂ ᠪᠣᠶᠢᠳᠠ ᠪᠦᠭᠯᠡᠭᠦᠦ ᠭᠠᠵᠠᠷ ᠣᠷᠣᠨ ᠤ ᠣᠯᠠᠨ ᠲᠦᠮᠡᠨ ᠤ ᠵᠠᠮ ᠬᠠᠷᠢᠯᠴᠠᠭ᠎ᠠ ᠳᠦᠭᠦᠮ ᠦᠭᠡᠢ ᠠᠰᠠᠭᠤᠳᠠᠯ ᠢ ᠰᠢᠢᠳᠪᠦᠷᠢᠯᠡᠬᠦ ᠪᠠᠲᠤᠯᠠᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠠᠢ᠃ 38.2 ᠺᠢᠯᠣᠮᠧᠲᠷ ᠢᠪᠴᠤᠤ ᠨᠠᠷᠢᠨ ᠵᠠᠮ ᠢ ᠥᠭᠡᠷᠡᠴᠢᠯᠡᠨ ᠵᠠᠰᠠᠵᠤ᠂ 25 ᠭᠤᠯᠳᠣᠩ ᠬᠥᠨᠳᠡᠢ ᠶᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ 1 ᠠᠶᠤᠯᠭᠦᠢ ᠶᠢᠨ ᠢᠨᠵᠧᠨᠧᠷᠢᠩ ᠢ ᠪᠠᠶᠢᠭᠤᠯᠪᠠ᠃ ᠴᠢᠨᠠᠷ ᠴᠢᠨᠰᠠᠭ᠎ᠠ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡᠪᠡᠷ ᠴᠢᠩᠭ᠎ᠠ ᠠᠳᠬᠤᠬᠤ ᠵᠠᠷᠴᠢᠮ ᠢ ᠪᠠᠷᠢᠮᠲᠠᠯᠠᠨ᠂ ᠴᠢᠨᠠᠷ ᠴᠢᠨᠰᠠᠭ᠎ᠠ ᠶᠢᠨ ᠬᠢᠨᠠᠨ ᠪᠠᠶᠢᠴᠠᠭᠠᠯᠲᠠ ᠶᠢᠨ ᠪᠠᠭ᠎ᠠ ᠳᠤᠭᠤᠶᠢᠯᠠᠩ ᠪᠠᠶᠢᠭᠤᠯᠵᠤ᠂ ᠪᠠᠷᠢᠯᠭ᠎ᠠ ᠶᠢᠨ ᠨᠢᠭᠡᠴᠡ ᠨᠢ  ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ᠂ ᠢᠨᠵᠧᠨᠧᠷᠢᠩ ᠤᠨ ᠳᠠᠭᠠᠭᠠᠴᠢᠯᠠᠯᠲᠠ᠂ ᠭᠡᠷ᠎ᠡ ᠶᠢᠨ ᠬᠠᠮᠢᠶᠠᠷᠤᠯᠲᠠ᠂ ᠢᠨᠵᠧᠨᠧᠷᠢᠩ ᠤᠨ ᠬᠢᠨᠠᠨ ᠬᠠᠮᠢᠶᠠᠷᠤᠯᠲᠠ ᠵᠡᠷᠭᠡ ᠳᠦᠷᠢᠮ ᠲᠣᠭᠲᠠᠭᠠᠯ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ ᠭᠡᠵᠦ ᠱᠠᠭᠠᠷᠳᠠᠨ᠂ ︽ᠭᠤᠷᠪᠠ ᠶᠢ ᠬᠠᠮᠲᠤ ᠳᠤᠨᠢ ᠪᠡᠶᠡᠯᠡᠭᠦᠯᠬᠦ︾᠂ ︽ᠳᠣᠯᠤᠭ᠎ᠠ ᠶᠢ ᠢᠯᠡ ᠪᠠᠶᠢᠯᠭᠠᠬᠤ︾ ᠵᠡᠷᠭᠡ ᠶᠢ ᠪᠡᠶᠡᠯᠡᠭᠦᠯᠦᠨ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠢ ᠨᠢᠭᠡᠳᠦᠭᠡᠷ ᠤᠳᠠᠭ᠎ᠠ ᠰᠢᠯᠭᠠᠨ ᠬᠦᠯᠢᠶᠡᠵᠦ ᠠᠪᠤᠭᠰᠠᠨ ᠨᠣᠷᠮ᠎ᠠ ᠨᠢ 100% ᠳᠤ ᠬᠦᠷᠴᠡᠢ᠃ᠳᠦᠭᠦᠮ ᠲᠥᠳᠡ᠂ ᠥᠨᠳᠥᠷ ᠠᠰᠢᠭᠲᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠣᠷ ᠤᠨ ᠪᠦᠷᠢᠯᠳᠦᠭᠰᠡᠨ ᠨᠢ ᠪᠠᠷᠠᠭᠤᠨ ᠦᠵᠦᠮᠦᠴᠢᠨ ᠬᠤᠰᠢᠭᠤᠨ ᠤ  ︽ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠮᠠᠯᠵᠢᠬᠤ ᠣᠷᠣᠨ᠂ ᠮᠠᠯᠴᠢᠨ ᠲᠠᠷᠢᠶᠠᠴᠢᠨ︾ ᠤ ᠰᠠᠭᠤᠷᠢ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠶᠢᠯᠠᠯᠳᠤᠭᠠᠨ ᠳᠤ ᠬᠦᠴᠦ ᠨᠡᠮᠡᠷᠢᠯᠡᠬᠦ ᠳᠤ ᠳᠦᠭᠦᠮ ᠲᠥᠳᠡ ᠵᠠᠮ ᠬᠠᠷᠢᠯᠴᠠᠭᠠᠨ ᠤ ᠰᠠᠭᠤᠷᠢ ᠶᠢᠨ ᠪᠠᠲᠤᠯᠠᠭ᠎ᠠ ᠢ ᠬᠠᠩᠭᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号