ᠪᠠᠷᠠᠭᠤᠨ ᠦᠵᠦᠮᠦᠴᠢᠨ ᠬᠤᠰᠢᠭᠤ ᠠᠮᠠᠷᠠᠯᠲᠠ ᠶᠢᠨ ᠬᠤᠭᠤᠴᠠᠭᠠᠨ ᠤ ᠠᠮᠤᠷ ᠳᠥᠪᠰᠢᠨ ᠢ ᠪᠠᠲᠤᠯᠠᠬᠤ ᠶᠢᠨ ᠲᠤᠰᠠᠳᠠ ᠭᠤᠣᠯᠳᠠᠯᠭ᠎ᠠ ᠲᠠᠢ ᠠᠵᠢᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/9/28
 ᠪᠠᠷᠠᠭᠤᠨ ᠦᠵᠦᠮᠦᠴᠢᠨ ᠬᠤᠰᠢᠭᠤ ᠠᠮᠠᠷᠠᠯᠲᠠ ᠶᠢᠨ ᠬᠤᠭᠤᠴᠠᠭᠠᠨ ᠤ ᠠᠮᠤᠷ ᠳᠥᠪᠰᠢᠨ ᠢ   ᠪᠠᠲᠤᠯᠠᠬᠤ ᠶᠢᠨ ᠲᠤᠰᠠᠳᠠ ᠭᠤᠣᠯᠳᠠᠯᠭ᠎ᠠ ᠲᠠᠢ ᠠᠵᠢᠯ ᠤᠨ ᠪᠠᠶᠢᠴᠠᠭᠠᠯᠲᠠ ᠥᠷᠨᠢᠭᠦᠯᠪᠡ                                                           9 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠮᠢᠨ᠂ ᠬᠤᠰᠢᠭᠤ ᠳᠡᠳ᠋ ᠳᠠᠷᠤᠭ᠎ᠠ ᠳᠠᠯᠠᠩᠭᠤᠷᠪᠠ ᠨᠠᠷ ᠪᠦᠯᠬᠦᠮ ᠳᠠᠭᠠᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠪᠣᠯᠣᠨ ᠳᠤᠯᠠᠭᠠᠯᠠᠭ᠎ᠠ᠂ ᠴᠠᠬᠢᠯᠭᠠᠨ ᠬᠠᠩᠭᠠᠯᠭ᠎ᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠠᠶᠤᠯᠭᠦᠢ ᠦᠢᠯᠡᠳᠪᠦᠷᠢᠯᠡᠯ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠲᠠᠯ᠎ᠠ ᠶᠢᠨ ᠭᠤᠣᠯᠳᠠᠯᠭ᠎ᠠ  ᠲᠠᠢ ᠠᠵᠢᠯ ᠢ ᠠᠬᠤᠢ ᠲᠠᠯᠠᠪᠤᠷ ᠲᠤ ᠨᠢ ᠬᠦᠷᠴᠦ ᠪᠠᠶᠢᠴᠠᠭᠠᠪᠠ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠤᠨ ᠬᠠᠮᠢᠶᠠᠷᠤᠯᠲᠠ  ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤᠪᠠᠷ ᠪᠠᠶᠢᠴᠠᠭᠠᠯᠲᠠ ᠳᠤ ᠣᠷᠣᠯᠴᠠᠪᠠ᠃    ᠪᠠᠶᠢᠴᠠᠭᠠᠬᠤ ᠳᠤᠭᠤᠶᠢᠯᠠᠩ ᠨᠢ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ᠂ ᠠᠵᠢᠯᠴᠢᠳ ᠤᠨ ᠬᠤᠭᠤᠯᠠᠨ ᠭᠡᠷ᠂ ᠪᠠᠶᠢᠷᠢ ᠵᠡᠷᠭᠡ ᠶᠢ ᠳᠠᠷᠠᠭᠠᠯᠠᠨ ᠪᠠᠶᠢᠴᠠᠭᠠᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠭᠦᠯᠡᠮᠵᠢ ᠪᠣᠯᠣᠨ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠠᠯᠳᠠ ᠭᠡᠮ ᠰᠣᠭᠤᠭ ᠢ ᠰᠠᠶᠢᠲᠤᠷ ᠪᠠᠶᠢᠴᠠᠭᠠᠨ ᠵᠠᠯᠠᠷᠠᠭᠤᠯᠵᠤ᠂ ᠠᠵᠢᠯ ᠢᠶᠠᠨ ᠬᠤᠭᠤᠴᠠᠭ᠎ᠠ ᠶᠣᠰᠣᠭᠠᠷ ᠴᠢᠨᠠᠷᠯᠢᠭ ᠪᠡᠶᠡᠯᠡᠭᠦᠯᠬᠦ ᠶᠢᠨ ᠬᠠᠮᠲᠤ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷ ᠡᠭᠡᠯᠵᠢ ᠪᠣᠯᠣᠨ ᠠᠶᠤᠯᠭᠦᠢ ᠦᠯᠡᠳᠪᠦᠷᠢᠯᠡᠯ ᠢ ᠪᠠᠲᠤᠯᠬᠠᠤ ᠠᠵᠢᠯ ᠢ ᠡᠷᠬᠡᠪᠰᠢ ᠰᠠᠶᠢᠨ ᠬᠢᠵᠦ᠂ ᠠᠯᠮᠠᠶᠢᠷᠠᠬᠤ ᠪᠠ ᠠᠵᠠ ᠬᠠᠷᠠᠭᠰᠠᠨ ᠪᠣᠳᠣᠯ ᠲᠠᠢ ᠪᠠᠶᠢᠵᠤ ᠪᠣᠯᠬᠤ ᠦᠭᠡᠢ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠪᠠᠨ ᠢᠮᠠᠭᠲᠠ ᠴᠢᠩᠭᠠᠳᠬᠠᠬᠤ ᠬᠡᠷᠡᠭᠲᠡᠢ ᠭᠡᠰᠡᠨ ᠪᠠᠶᠢᠨ᠎ᠠ᠃     ᠪᠠᠶᠢᠴᠠᠭᠠᠬᠤ ᠳᠤᠭᠤᠶᠢᠯᠠᠩ ᠨᠢ ᠪᠠᠰᠠ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠪᠣᠯᠣᠨ ᠹᠦ᠋ ᠯᠥᠩ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠬᠤᠢ ᠲᠠᠯᠠᠪᠤᠷ ᠪᠣᠯᠣᠨ ᠵᠣᠬᠢᠴᠠᠭᠤᠯᠭ᠎ᠠ ᠶᠢᠨ ᠲᠠᠰᠤᠭ ᠢ ᠪᠠᠶᠢᠴᠠᠭᠠᠨ᠂ ᠥᠨᠥ ᠵᠢᠯ ᠤᠨ ᠲᠥᠪᠯᠡᠷᠡᠭᠦᠯᠦᠭᠰᠡᠨ ᠳᠤᠯᠠᠭᠠᠯᠠᠭ᠎ᠠ ᠬᠠᠩᠭᠠᠬᠤ ᠢ ᠪᠠᠲᠤᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷ ᠡᠭᠡᠯᠵᠢ ᠶᠢᠨ ᠲᠣᠬᠢᠷᠠᠭᠤᠯᠤᠯᠲᠠ᠂ ᠠᠵᠤ ᠠᠬᠤᠶᠢᠯᠠᠯ ᠤᠨ ᠠᠮᠤᠷ ᠳᠥᠪᠰᠢᠨ ᠠᠵᠢᠯᠯᠠᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠪᠠᠶᠢᠴᠠᠭᠠᠬᠤ ᠳᠤᠭᠤᠶᠢᠯᠠᠩ ᠴᠢᠬᠤᠯᠠᠴᠢᠯᠠᠬᠤ ᠳᠠᠭᠠᠨ᠂ ᠳᠤᠯᠠᠭᠠᠯᠠᠭ᠎ᠠ ᠬᠠᠩᠭᠠᠬᠤ ᠪᠣᠯ ᠣᠯᠠᠨ ᠲᠦᠮᠡᠨ ᠤ  ᠠᠮᠢᠳᠤᠷᠠᠯ᠂ ᠨᠡᠶᠢᠭᠡᠮ ᠤᠨ ᠠᠮᠤᠷ ᠲᠣᠭᠲᠠᠭᠤᠨ ᠲᠠᠢ ᠬᠤᠯᠪᠣᠭᠳᠠᠬᠤ ᠴᠢᠬᠤᠯᠠ ᠠᠵᠢᠯ ᠪᠣᠯᠣᠨ᠎ᠠ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠪᠡᠶᠡᠯᠡᠭᠦᠯᠵᠦ᠂ ᠥᠷᠭᠡᠨ ᠣᠯᠠᠨ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠵᠤ᠂ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ ᠡᠯ᠎ᠡ ᠲᠠᠯ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠣᠳᠠᠲᠠᠢ ᠬᠢᠵᠦ᠂ ᠬᠤᠭᠤᠴᠠᠭ᠎ᠠ ᠶᠣᠰᠣᠭᠠᠷ ᠳᠤᠯᠠᠭᠠᠯᠠᠭ᠎ᠠ ᠬᠠᠩᠭᠠᠬᠤ ᠶᠢᠨ ᠬᠠᠮᠲᠤ ᠴᠢᠨᠠᠷ ᠢ ᠪᠠᠲᠤᠯᠬᠠᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠳᠠᠬᠢ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠳᠥᠰᠥᠯ ᠢᠶᠠᠨ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠶᠠᠪᠤᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠪᠦᠬᠦ ᠬᠤᠰᠢᠭᠤᠨ ᠤ ᠠᠷᠠᠳ ᠣᠯᠠᠨ ᠤ ᠡᠪᠦᠯ ᠤᠨ ᠤᠯᠠᠷᠢᠯ ᠢ ᠳᠤᠯᠠᠭᠠᠨ ᠲᠠᠪᠠᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号