ᠭᠦᠷᠦᠭᠡᠰᠦᠳᠡᠢ ᠶᠢᠨ ᠨᠠᠮᠤᠷ ᠤᠨ ᠦᠵᠡᠮᠵᠢ
ᠨᠡᠶᠢᠲᠡᠯᠡᠭᠰᠡᠨ ᠴᠠᠭ᠄
2020/9/28
            ᠭᠦᠷᠦᠭᠡᠰᠦᠳᠡᠢ ᠶᠢᠨ ᠨᠠᠮᠤᠷ ᠤᠨ ᠦᠵᠡᠮᠵᠢ    ᠶᠡᠭᠡ ᠬᠢᠩᠭᠠᠨ ᠳᠠᠪᠠᠭᠠᠨ ᠤ ᠡᠮᠦᠨ᠎ᠡ ᠰᠡᠵᠢᠬᠦᠷ ᠪᠤᠯᠤᠨ ᠰᠦᠨᠳᠡᠷᠯᠡᠭᠰᠡᠨ ᠭᠦᠷᠦᠭᠡᠰᠦᠳᠡᠢ ᠠᠭᠤᠯᠠ᠂ ᠪᠠᠷᠠᠭᠤᠨ ᠦᠵᠦᠮᠦᠴᠢᠨ ᠤ ᠨᠤᠲᠤᠭ ᠤᠨ ᠮᠦᠩᠬᠡ ᠨᠤᠭᠤᠭᠠᠨ ᠪᠠᠶᠢᠭᠠᠯᠢ ᠶᠢᠨ ᠬᠠᠯᠬᠠᠪᠴᠢ ᠪᠤᠯᠤᠨ ᠭᠤᠶᠢᠳᠠ ᠰᠠᠶᠢᠬᠠᠨ ᠦᠵᠡᠮᠵᠢ ᠪᠠᠷ ᠢᠶᠠᠨ ᠬᠦᠮᠦᠰ ᠢ ᠭᠠᠶᠢᠬᠠᠰᠢᠷᠠᠭᠤᠯᠤᠨ᠎ᠠ᠃
    ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠢ 1998 ᠣᠨ ᠳᠤ ᠪᠠᠶᠢᠭᠤᠯᠤᠭᠳᠠᠨ᠂ 2008 ᠣᠨ ᠤ 5 ᠰᠠᠷ᠎ᠠ ᠳᠤ ᠠᠶᠢᠮᠠᠭ ᠤᠨ ᠳᠡᠰ ᠤᠨ ᠪᠠᠶᠢᠭᠠᠯᠢ ᠤᠷᠴᠢᠨ ᠤ ᠰᠤᠷᠭᠠᠯᠲᠠ ᠶᠢᠨ ᠰᠠᠭᠤᠷᠢᠨ ᠭᠠᠵᠠᠷ ᠢᠶᠠᠷ ᠦᠨᠡᠯᠡᠭᠳᠡᠵᠦ᠂ 2012 ᠣᠨ ᠤ 1 ᠰᠠᠷ᠎ᠠ ᠳᠤ ᠣᠯᠣᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠵᠦ᠂ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠤ ᠠᠩᠬᠠᠳᠠᠭᠴᠢ ᠣᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠭᠰᠠᠨ ᠶᠤᠮ᠃ ᠲᠤᠰ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ 660 ᠭᠠᠷᠤᠢ ᠳᠦᠷᠦᠯ ᠤᠨ ᠡᠪᠡᠰᠤ ᠤᠷᠭᠤᠮᠠᠯ᠂ ᠤᠯᠤᠰ ᠤᠨ ᠨᠢᠭᠡ᠂ ᠬᠤᠶᠠᠳᠤᠭᠠᠷ ᠳᠡᠰ ᠤᠨ ᠬᠤᠪᠤᠷ ᠴᠤᠬᠠᠭ ᠬᠠᠮᠠᠭᠠᠯᠠᠯᠳᠠ ᠶᠢᠨ ᠠᠮᠢᠳᠠᠨ 33 ᠵᠦᠢᠯ ᠪᠠᠶᠢᠵᠦ᠂ ᠪᠠᠶᠢᠭᠠᠯᠢ ᠠᠬᠤᠢ ᠶᠢᠨ ᠡᠶ᠎ᠡ ᠵᠤᠬᠢᠴᠠᠯᠳᠦ ᠨᠠᠶᠢᠷᠠᠯ ᠠᠳᠡ ᠦᠷᠭᠦᠯᠵᠢᠯᠡᠵᠦ ᠪᠠᠶᠢᠳᠠᠭ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号