ᠵᠤᠬᠢᠶᠠᠯᠴᠢ ᠬᠠᠰᠠᠭᠤᠯᠠ ᠨᠠᠷ ᠪᠠᠷᠠᠭᠤᠨ ᠦᠵᠦᠮᠦᠴᠢᠨ ᠬᠤᠰᠢᠭᠤᠨ ᠳᠤ ᠳᠤᠭᠤᠷᠢᠨ ᠦᠵᠡᠪᠡ
ᠨᠡᠶᠢᠲᠡᠯᠡᠭᠰᠡᠨ ᠴᠠᠭ᠄
2020/9/8
     ᠵᠤᠬᠢᠶᠠᠯᠴᠢ ᠬᠠᠰᠠᠭᠤᠯᠠ ᠨᠠᠷ ᠪᠠᠷᠠᠭᠤᠨ ᠦᠵᠦᠮᠦᠴᠢᠨ ᠬᠤᠰᠢᠭᠤᠨ ᠳᠤ ᠳᠤᠭᠤᠷᠢᠨ ᠦᠵᠡᠪᠡ       9 ᠰᠠᠷ᠎ᠠ ᠶᠢᠨ 1 — 2 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠭᠡᠮᠯᠢᠭ ᠤᠨ ᠨᠡᠷ᠎ᠡ ᠬᠦᠨᠳᠤᠳᠤ ᠭᠡᠰᠢᠬᠦᠨ᠂ ᠦᠪᠦᠷ ᠮᠣᠩᠭᠤᠯ ᠤᠨ ᠰᠤᠶᠤᠯ ᠲᠡᠤᠬᠡ ᠶᠢᠨ ᠤᠷᠳᠤᠨ ᠤ ᠰᠤᠳᠤᠯᠤᠭᠠᠴᠢ᠂ ᠵᠤᠬᠢᠶᠠᠯᠴᠢ ᠬᠠᠰᠠᠭᠤᠯᠠ᠂ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠳᠬ᠎ᠠ ᠵᠤᠬᠢᠶᠠᠯ ᠤᠨ ︽ᠠᠵᠢᠨᠠᠢ ᠬᠦᠯᠦᠭ︾ ᠱᠠᠩᠨᠠᠯ ᠬᠥᠷᠳᠡᠭᠴᠢ᠂ ᠰᠢᠯᠦᠭᠴᠢ ᠰᠡᠷᠭᠦᠯᠡᠩ ᠨᠠᠷ ᠪᠠᠷᠠᠭᠤᠨ ᠦᠵᠦᠮᠦᠴᠢᠨ ᠬᠤᠰᠢᠭᠤᠨ ᠳᠤ ᠳᠤᠭᠤᠷᠢᠨ ᠦᠵᠡᠪᠡ᠃
    ᠵᠤᠬᠢᠶᠠᠯᠴᠢ ᠬᠠᠰᠠᠭᠤᠯᠠ᠄ ︽ᠪᠢᠳᠡ ᠡᠨᠡ ᠤᠳᠠᠭ᠎ᠠ ᠬᠦᠬᠡᠬᠤᠳᠠ ᠠᠴᠠ ᠦᠵᠦᠮᠦᠴᠢᠨ ᠨᠤᠲᠤᠭ ᠲᠤ ᠢᠷᠡᠭᠡᠳ ᠤᠯᠤᠯᠳᠠ ᠳᠦᠷᠦᠭᠳᠡᠯ ᠲᠤᠩ ᠶᠡᠭᠡ᠃ ᠲᠠᠯ᠎ᠠ ᠨᠤᠲᠤᠭ᠂ ᠮᠠᠯᠴᠢᠨ ᠠᠶᠢᠯ᠂ ᠵᠢᠭᠤᠯᠴᠢᠯᠠᠯ ᠤᠨ ᠴᠡᠭ ᠲᠤ ᠳᠤᠭᠤᠷᠢᠵᠦ ᠦᠵᠡᠭᠰᠡᠨ᠂ ᠬᠤᠪᠢᠷᠠᠯᠳᠠ ᠬᠦᠭᠵᠢᠯᠳᠡ ᠲᠤᠩ ᠶᠡᠭᠡ ᠪᠠᠶᠢᠨ᠎ᠠ᠃  ᠪᠢ 1969 ᠣᠨ ᠳᠤ ᠪᠠᠷᠠᠭᠤᠨ ᠦᠵᠦᠮᠦᠴᠢᠨ ᠳᠤ ᠢᠷᠡᠵᠦ ᠠᠵᠢᠯᠯᠠᠭᠰᠠᠨ᠂ ᠠᠳᠡ 14 ᠵᠢᠯ ᠪᠤᠯᠵᠠᠢ᠃ ᠵᠢᠭᠤᠯᠴᠢᠯᠠᠯ ᠤᠨ ᠦᠵᠡᠮᠵᠢᠳᠤ ᠤᠷᠤᠨ ᠢᠶᠠᠷ ᠠᠪᠴᠦ ᠬᠡᠯᠡᠭᠰᠡᠨ ᠴᠦ ᠲᠤᠩ ᠬᠦᠭᠵᠢᠯᠳᠡ ᠲᠠᠢ ᠪᠠᠶᠢᠨ᠎ᠠ᠂ ᠦᠩᠭᠡᠷᠡᠭᠰᠡᠨ ᠳᠤ ᠵᠢᠭᠤᠯᠴᠢᠯᠠᠯ ᠤᠨ ᠴᠡᠭ ᠦᠭᠡᠢ ᠪᠠᠶᠢᠭᠰᠠᠨ᠂ ᠤᠳᠤ ᠪᠦᠷ ᠵᠢᠭᠤᠯᠴᠢᠯᠠᠯ ᠤᠨ ᠦᠵᠡᠮᠵᠢᠳᠤ ᠤᠷᠤᠨ ᠢ ᠲᠤᠩ ᠰᠠᠶᠢᠬᠠᠨ ᠪᠦᠳᠦᠭᠡᠨ ᠪᠠᠶᠢᠭᠤᠯᠵᠠᠢ᠃ ᠪᠠᠷᠠᠭᠤᠨ ᠦᠵᠦᠮᠦᠴᠢᠨ ᠤ ᠤᠯᠠᠨ ᠳᠦᠮᠡᠨ ᠦᠨᠡᠬᠡᠷ ᠴᠢᠷᠮᠠᠶᠢᠯᠭ᠎ᠠ ᠭᠠᠷᠭᠠᠵᠦ᠂ ᠪᠦᠳᠦᠭᠡᠨ ᠪᠠᠶᠢᠭᠤᠯᠤᠯᠳᠠ ᠬᠢᠭᠰᠡᠨ ᠨᠢ ᠢᠯᠡᠷᠬᠡᠢ ᠪᠠᠶᠢᠨ᠎ᠠ︾ ᠭᠡᠯ᠎ᠡ᠃
     ᠵᠤᠬᠢᠶᠠᠯᠴᠢ ᠬᠠᠰᠠᠭᠤᠯᠠ ᠨᠠᠷ ᠪᠠᠷᠠᠭᠤᠨ ᠦᠵᠦᠮᠦᠴᠢᠨ ᠬᠤᠰᠢᠭᠤᠨ ᠤ ︽ᠤᠯᠠᠭᠠᠨ ᠤᠳᠠᠢ︾ ᠵᠢᠭᠤᠯᠴᠢᠯᠠᠯ ᠤᠨ ᠦᠵᠡᠮᠵᠢᠳᠤ ᠤᠷᠤᠨ᠂ ︽ᠨᠡᠭᠦᠳᠡᠯᠴᠢᠨ︾ ᠠᠶᠢᠮᠠᠭ ᠵᠢᠭᠤᠯᠴᠢᠯᠠᠯ ᠤᠨ ᠦᠵᠡᠮᠵᠢᠳᠤ ᠤᠷᠤᠨ᠂ ︽ᠡᠷ᠎ᠡ ᠶᠢᠨ ᠭᠤᠷᠪᠠᠨ ᠨᠠᠭᠠᠳᠤᠮ︾ ᠮᠦᠽᠸᠢ ᠪᠠᠷ ᠳᠤᠭᠤᠷᠢᠨ ᠦᠵᠡᠵᠦ᠂ ᠲᠠᠯ᠎ᠠ ᠨᠤᠲᠤᠭ ᠤᠨ ᠥᠩᠭᠡ ᠦᠵᠡᠮᠵᠢ᠂ ᠦᠨᠳᠦᠰᠦᠳᠡᠨ ᠤ ᠰᠤᠶᠤᠯ ᠤᠯᠠᠮᠵᠢᠯᠠᠯ ᠢ ᠤᠶᠢᠯᠠᠭᠠᠪᠠ᠃ ᠳᠤᠭᠤᠷᠢᠨ ᠦᠵᠡᠬᠦ ᠳᠤᠮᠳᠠ᠂ ᠵᠤᠬᠢᠶᠠᠯᠴᠢ ᠨᠠᠷ ᠪᠠᠰᠠ ᠦᠵᠦᠮᠦᠴᠢᠨ ᠤ ᠲᠡᠤᠬᠡ ᠰᠤᠶᠤᠯ ᠤᠨ ᠲᠠᠯ᠎ᠠ ᠪᠠᠷ ᠠᠰᠠᠭᠤᠨ ᠤᠶᠢᠯᠠᠭᠠᠵᠦ᠂ ᠤᠷᠤᠨ ᠨᠤᠲᠤᠭ ᠤᠨ ᠨᠡᠶᠢᠭᠡᠮ ᠠᠵᠤ ᠠᠬᠤᠢ ᠶᠢᠨ ᠬᠦᠭᠵᠢᠯᠳᠡ ᠬᠤᠪᠢᠷᠠᠯᠳᠠ ᠳᠤ ᠲᠤᠩ ᠭᠦᠨᠵᠡᠭᠡᠢ ᠰᠠᠭᠤᠭᠲᠠᠯ ᠲᠠᠢ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号