ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ | ᠤᠨ ᠠᠯᠪᠠᠨ ᠵᠠᠷᠯᠠᠯ | ︵1 ᠳ᠋ᠦ᠋ᠭᠡᠷ ᠲᠣᠭᠠᠲᠤ ︶ | ᠣᠳᠣᠬᠠᠨ ᠳᠤ᠂ ᠤᠯᠤᠰ ᠤᠨ ᠭᠠᠳᠠᠭᠠᠳᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠦᠷᠭᠡᠨ | ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠤᠬᠠᠶ ᠶᠢᠨ ᠭᠠᠵᠠᠷ ᠤᠨ ᠬᠢᠵᠢᠭ | ᠤᠨ ᠪᠠᠶᠢᠳᠠᠯ ᠢᠯᠡᠷᠡᠵᠦ᠂ ᠬᠡᠰᠡᠭ ᠭᠠᠵᠠᠷ ᠲᠤ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠭᠰᠡᠨ ᠪᠠᠶᠢᠨ᠎ᠠ | ᠃ ᠴᠠᠭᠠᠨ ᠰᠠᠷ᠎ᠠ ᠣᠶᠢᠷᠠᠳᠴᠤ᠂ ᠬᠥᠮᠦᠨ ᠬᠠᠷ᠎ᠠ ᠶᠢᠨ ᠶᠠᠪᠤᠵᠦ ᠰᠠᠭᠤᠬᠤ ᠪᠠ ᠡᠳ᠋ ᠪᠠᠷᠠᠭᠠᠨ ᠤ ᠭᠦᠢᠯᠭᠡᠭᠡ | ᠨᠡᠮᠡᠭᠳᠡᠭᠰᠡᠨ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠡᠭᠦᠷᠭᠡ ᠬᠦᠨᠳᠤ ᠪᠤᠯᠵᠦ ᠪᠠᠶᠢᠨ᠎ᠠ᠃ ᠮᠠᠨ ᠤ ᠬᠤᠰᠢᠭᠤ ᠨᠢ ︽ᠭᠠᠳᠠᠨ᠎ᠠ ᠠᠴᠠ ᠬᠢᠵᠢᠭ ᠬᠠᠯᠳᠠᠪᠤᠷᠢᠯᠠᠨ | ᠣᠷᠣᠵᠤ ᠢᠷᠡᠬᠦ ᠪᠠ ᠳᠣᠲᠣᠭᠠᠳᠤ ᠳᠤ ᠲᠠᠬᠢᠨ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠯᠠᠪᠳᠠᠭᠤᠨ | ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ | ᠪᠠᠭᠤᠷᠠᠭᠤᠯᠬᠤ ᠶᠢᠨ ᠳᠤᠯᠠᠳᠠ᠂ ᠣᠲᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠢᠯᠢ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠲᠤ 14 ᠡᠳᠦᠷ | ᠲᠥᠪᠯᠡᠷᠡᠭᠦᠯᠦᠨ ᠲᠤᠰᠠᠭᠠᠷᠯᠠᠬᠤ + ᠬᠠᠷᠢᠶᠠᠲᠤ ᠭᠠᠵᠠᠷ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ + 2 | ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ︵ᠪᠤᠶᠤ ᠬᠢᠯᠢ ᠳᠤ ᠣᠷᠣᠵᠤ ᠢᠷᠡᠭᠰᠡᠨ ᠭᠠᠵᠠᠷ ᠲᠤ 7 | ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶᠠᠲᠤ ᠭᠠᠵᠠᠷ ᠲᠤ 21 ᠡᠳᠦᠷ ᠲᠥᠪᠯᠡᠷᠡᠭᠦᠯᠦᠨ ᠲᠤᠰᠠᠭᠠᠷᠯᠠᠬᠤ + | 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ | ᠬᠤᠶᠠᠷ᠂ ᠬᠢᠵᠢᠭ ᠤᠨ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ | ᠪᠤᠴᠠᠵᠤ ᠢᠷᠡᠭᠰᠡᠳ ᠲᠤ᠂ ᠬᠠᠷᠢᠶᠠᠲᠤ ᠭᠠᠵᠠᠷ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ + 14 ᠡᠳᠦᠷ | ᠬᠡᠷ ᠲᠡᠭᠡᠨ ᠲᠤᠰᠠᠭᠠᠷᠯᠠᠬᠤ + 3 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠬᠢᠬᠦ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠬᠢᠵᠢᠭ ᠤᠨ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ | ᠪᠤᠴᠠᠵᠤ ᠢᠷᠡᠭᠰᠡᠳ ᠲᠤ᠂ ᠬᠠᠷᠢᠶᠠᠲᠤ ᠭᠠᠵᠠᠷ ᠲᠤ 14 ᠡᠳᠦᠷ ᠤᠨ ᠬᠡᠷ ᠲᠡᠭᠡᠨ ᠲᠤᠰᠠᠭᠠᠷᠯᠠᠬᠤ + 2 ᠤᠳᠠᠭᠠᠨ | ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ + 14 ᠡᠳᠦᠷ ᠤᠨ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠭᠠᠳᠠᠭᠠᠳᠤ ᠠᠴᠠ ᠪᠠᠷᠠᠭ᠎ᠠ ᠣᠷᠣᠭᠤᠯᠬᠤ ᠠᠵᠢᠯ ᠬᠢᠭᠰᠡᠳ ᠠᠵᠢᠯᠯᠠᠬᠤ ᠬᠤᠭᠤᠴᠠᠭᠠᠨ ᠳᠠᠭᠠᠨ | ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠷᠭᠡ ᠬᠠᠮᠠᠭᠠᠯᠠᠯᠲᠠ ᠶᠢᠨ ᠪᠠᠭᠠᠵᠢ ᠵᠡᠭᠦᠵᠦ᠂ ᠠᠵᠢᠯᠯᠠᠬᠤ ᠠᠴᠠ | ᠪᠠᠨ ᠡᠮᠦᠨ᠎ᠡ ᠪᠠ ᠠᠵᠢᠯᠯᠠᠭᠰᠠᠨ ᠤ ᠳᠠᠷᠠᠭ᠎ᠠ ᠠᠷᠢᠭᠤᠳᠬᠠᠬᠤ ᠪᠤᠶᠤ ᠭᠠᠷ ᠢᠶᠠᠨ ᠤᠬᠢᠶᠠᠬᠤ ᠬᠡᠷᠡᠭᠲᠡᠶ᠃ | ᠲᠡᠭᠡᠭᠡᠪᠦᠷᠢᠯᠡᠬᠦ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠶ᠂ ᠪᠠᠷᠠᠭ᠎ᠠ ᠶᠢᠨ ᠪᠣᠭᠤᠳᠠᠯ ᠢ | ᠳᠤᠷ᠎ᠠ ᠪᠠᠷ ᠢᠶᠠᠨ ᠨᠡᠭᠡᠭᠡᠵᠦ ᠦᠢᠯᠡᠳᠬᠦᠨ ᠲᠠᠢ ᠰᠢᠭᠤᠳ ᠬᠦᠷᠦᠯᠴᠡᠵᠦ ᠪᠣᠯᠬᠤ ᠦᠭᠡᠶ᠃ | ᠲᠠᠪᠤ᠂ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠳᠡᠭᠡᠭᠡᠪᠦᠷᠢᠯᠡᠭᠴᠢ ᠨᠢ ᠭᠠᠳᠠᠭᠠᠳᠤ ᠠᠴᠠ ᠤᠷᠤᠭᠤᠯᠤᠭᠰᠠᠨ | ᠪᠠᠷᠠᠭ᠎ᠠ ᠶᠢ ᠲᠡᠭᠡᠭᠡᠪᠦᠷᠢᠯᠡᠭᠰᠡᠨ ᠲᠡᠷᠭᠡ ᠶᠢ ᠲᠤᠶᠢᠯᠪᠤᠷᠢᠲᠠᠶ ᠠᠷᠢᠭᠤᠳᠬᠠᠬᠤ ᠶᠢᠨ ᠬᠠᠮᠲᠤ᠂ ᠳᠡᠭᠡᠭᠡᠪᠦᠷᠢᠯᠡᠭᠰᠡᠨ | ᠪᠠᠷᠠᠭ᠎ᠠ ᠶᠢᠨ ᠭᠦᠶᠯᠭᠡᠭᠡᠨ ᠤ ᠴᠢᠭᠯᠡᠯ ᠤᠨ ᠪᠦᠬᠦ ᠶᠠᠪᠤᠴᠠ ᠶᠢᠨ ᠨᠠᠷᠢᠨ ᠲᠡᠮᠳᠡᠭᠯᠡᠯ ᠢ ᠰᠠᠶᠢᠲᠤᠷ ᠬᠢᠵᠦ᠂ | ᠳᠡᠭᠡᠭᠡᠪᠦᠷᠢᠯᠡᠭᠰᠡᠨ ᠪᠠᠷᠠᠭ᠎ᠠ ᠶᠢᠨ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠭᠰᠠᠨ ᠴᠠᠭ᠂ ᠳᠡᠭᠡᠭᠡᠪᠦᠷᠢᠯᠡᠭᠰᠡᠨ | ᠲᠡᠷᠭᠡ ᠶᠢᠨ ᠫᠠᠶᠢᠰᠠ ᠦᠨᠡᠮᠯᠡᠯ ᠵᠢᠴᠢ ᠵᠢᠯᠣᠭᠤᠴᠢ᠂ ᠪᠠᠷᠠᠭ᠎ᠠ ᠶᠠᠪᠤᠭᠤᠯᠤᠭᠴᠢ᠂ ᠪᠠᠷᠠᠭ᠎ᠠ ᠬᠦᠯᠢᠶᠡᠨ ᠠᠪᠤᠭᠴᠢ | ᠵᠡᠷᠭᠡ ᠶᠢᠨ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠬᠦ ᠬᠡᠷᠡᠭᠲᠡᠶ᠃ ᠪᠠᠷᠠᠭ᠎ᠠ ᠤᠷᠤᠭᠤᠯᠤᠭᠰᠠᠨ ᠢᠷᠡᠯᠲᠡ ᠶᠢ | ᠬᠠᠩᠭᠠᠬᠤ ᠶᠢᠨ ᠠᠷᠭ᠎ᠠ ᠦᠭᠡᠶ ᠪᠠᠷᠠᠭ᠎ᠠ ᠶᠢ ᠲᠡᠭᠡᠭᠡᠪᠦᠷᠢᠯᠡᠵᠦ ᠪᠣᠯᠬᠤ ᠦᠭᠡᠶ᠃ | ᠵᠢᠷᠭᠤᠭ᠎ᠠ᠂ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠬᠢᠵᠢᠭ ᠤᠨ ᠳᠤᠮᠳᠠ᠂ ᠥᠨᠳᠥᠷ | ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠡᠳ᠋ ᠪᠠᠷᠠᠭ᠎ᠠ ᠶᠢ ᠬᠤᠰᠢᠭᠤᠨ ᠳᠤ | ᠣᠷᠣᠭᠤᠯᠬᠤ ᠳᠠᠭᠠᠨ ᠨᠢᠭᠡᠳᠦᠭᠡᠷ ᠥᠷᠲᠡᠭᠡ ᠳᠤ ᠭᠠᠳᠠᠷ ᠪᠣᠭᠤᠳᠠᠯ ᠤᠨ ᠪᠥᠭᠡᠮ ᠬᠦᠴᠢᠯ ᠤᠨ ᠪᠠᠶᠢᠴᠠᠭᠠᠯᠳᠠ | ᠬᠢᠬᠦ ᠶᠢᠨ ᠬᠠᠮᠳᠤ ᠲᠥᠪᠯᠡᠷᠡᠭᠦᠯᠦᠨ ᠠᠷᠢᠭᠤᠳᠬᠠᠬᠤ ᠪᠠ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠢᠷᠡᠯᠲᠡ ᠶᠢ | ᠨᠢ ᠪᠠᠶᠢᠴᠠᠭᠠᠵᠤ ᠪᠣᠯᠬᠤ᠂ ᠬᠠᠮᠢᠭ᠎ᠠ ᠬᠦᠷᠭᠡᠭᠰᠡᠨ ᠢ ᠨᠢ ᠨᠡᠬᠡᠮᠵᠢᠯᠡᠵᠦ ᠪᠣᠯᠬᠤ ᠶᠢ ᠭᠦᠶᠴᠡᠳᠬᠡᠬᠦ ᠬᠡᠷᠡᠭᠲᠡᠶ᠃ | ᠳᠣᠯᠤᠭ᠎ᠠ᠂ ᠢᠳᠡᠭᠡᠨ ᠦᠢᠯᠡᠳᠪᠦᠷᠢᠯᠡᠭᠴᠢ᠂ ᠡᠵᠡᠩᠨᠡᠭᠴᠢ ᠭᠠᠳᠠᠭᠠᠳᠤ ᠠᠴᠠ ᠤᠷᠤᠭᠤᠯᠤᠭᠰᠠᠨ ᠬᠦᠯᠳᠡᠭᠡᠭᠰᠡᠨ | ᠢᠳᠡᠭᠡᠨ ᠤ ᠮᠡᠳᠡᠭᠡ ᠵᠠᠩᠭᠢ ᠶᠢ ︽ᠥᠪᠥᠷ ᠮᠣᠩᠭᠤᠯ ᠤᠨ ᠬᠦᠯᠳᠡᠭᠡᠭᠰᠡᠨ ᠢᠳᠡᠭᠡᠨ︾ ᠢ ᠮᠦᠷᠳᠡᠬᠦ ᠰᠢᠰᠲ᠋ᠧᠮ ᠳᠤ | ᠦᠨᠡᠨ ᠪᠣᠳᠠᠲᠠᠶ ᠪᠠᠷ ᠣᠷᠣᠭᠤᠯᠵᠤ᠂ ︽ᠭᠤᠷᠪᠠᠨ ᠲᠤᠰᠬᠠᠶ ︾ —— ᠲᠤᠰᠬᠠᠶ ᠬᠥᠮᠥᠷᠭᠡ ᠶᠢᠨ | ᠬᠠᠳᠠᠭᠠᠯᠠᠯᠲᠠ᠂ ᠲᠤᠰᠬᠠᠶ ᠬᠥᠮᠦᠨ ᠤ ᠬᠠᠮᠢᠶᠠᠷᠤᠯᠲᠠ᠂ ᠲᠤᠰᠬᠠᠶ ᠯᠠᠩᠭᠦᠶ ᠶᠢᠨ ᠪᠣᠷᠣᠯᠠᠭᠤᠯᠭ᠎ᠠ ᠶᠢᠨ ᠱᠠᠭᠠᠷᠳᠠᠯᠭ᠎ᠠ | ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠪᠣᠭᠤᠮᠲᠠ ᠶᠢᠨ ᠬᠢᠵᠢᠭ | ᠪᠠᠶᠢᠴᠠᠭᠠᠭᠰᠠᠨ ᠭᠡᠷᠡᠴᠢ᠂ ᠪᠥᠭᠡᠮ ᠬᠦᠴᠢᠯ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ | ᠵᠡᠷᠭᠡ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ ︽ᠳᠥᠷᠪᠡᠨ ᠦᠨᠡᠮᠯᠡᠯ︾ ᠨᠢ | ᠪᠦᠷᠢᠨ ᠪᠤᠰᠤ ᠭᠠᠳᠠᠭᠠᠳᠤ ᠠᠴᠠ ᠣᠷᠣᠭᠤᠯᠤᠭᠰᠠᠨ ᠬᠦᠯᠳᠡᠭᠡᠭᠰᠡᠨ ᠢᠳᠡᠭᠡᠨ ᠢ ᠴᠥᠮ ᠬᠥᠮᠥᠷᠭᠡ ᠳᠤ ᠬᠠᠳᠠᠭᠠᠯᠠᠵᠤ | ᠲᠠᠯᠪᠢᠬᠤ᠂ ᠦᠶᠯᠡᠳᠪᠦᠷᠢᠯᠡᠵᠦ ᠡᠳ᠋ᠰᠢᠭᠦᠯᠬᠦ ᠪᠠ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠥᠬᠡᠶ᠃ | ᠨᠠᠶᠮᠠ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠᠨ ᠦᠨᠡᠨᠬᠦ ᠴᠢᠩᠭᠠᠳᠬᠠᠬᠤ | ᠬᠡᠷᠡᠭᠲᠡᠶ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ | ᠡᠮᠨᠡᠯᠭᠡ᠂ ᠡᠮᠴᠢ ᠶᠢᠨ ᠠᠩᠬᠠᠨ ᠤ ᠡᠮᠴᠢᠯᠡᠭᠡ ᠶᠢᠨ ᠬᠠᠷᠢᠭᠤᠴᠠᠯᠭ᠎ᠠ᠂ ︽ᠨᠢᠭᠡ ᠡᠪᠡᠳᠴᠢᠳᠡᠨ ᠢ ᠵᠦᠪᠬᠡᠨ ᠨᠢᠭᠡ | ᠬᠦᠮᠦᠨ ᠯᠡ ᠠᠰᠠᠷᠠᠨ ᠰᠠᠭᠤᠬᠤ︾ ᠂ ᠡᠪᠡᠳᠴᠢᠲᠡᠨ ᠤ ᠲᠣᠭᠤᠷᠢᠭ ᠤᠨ ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ | ᠪᠠ ᠡᠷᠭᠢᠵᠦ ᠦᠵᠡᠬᠦ ᠶᠢ ᠴᠠᠭᠠᠵᠠᠯᠠᠬᠤ ᠵᠡᠷᠭᠡ ᠡᠯ᠎ᠡ ᠵᠦᠶᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠶᠢᠰᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠭᠡ ᠶᠢᠨ ᠭᠠᠵᠠᠷ ᠪᠣᠯᠤᠨ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠯᠠᠭᠤᠷᠠᠵᠤ ᠪᠠᠶᠢᠭ᠎ᠠ ᠡᠪᠡᠳᠴᠢᠲᠡᠨ ᠢ | ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠵᠤ ᠪᠠᠶᠢᠭ᠎ᠠ | ᠡᠪᠡᠳᠴᠢᠲᠡᠨ ᠢ ᠣᠯᠵᠤ ᠮᠡᠳᠡᠪᠡᠯ᠂ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠲᠠᠢ ᠡᠮᠨᠡᠯᠭᠡ ᠶᠢᠨ | ᠬᠤᠷᠢᠶ᠎ᠠ ᠳᠤ ᠳᠠᠷᠤᠶᠢᠬᠠᠨ ᠰᠢᠯᠵᠢᠭᠦᠯᠦᠨ ᠡᠮᠨᠡᠭᠦᠯᠬᠦ ᠶᠢᠨ ᠬᠠᠮᠲᠤ ᠡᠪᠡᠳᠴᠢᠲᠡᠨ ᠤ ᠮᠡᠳᠡᠭᠡ ᠵᠠᠩᠭᠢ ᠶᠢ ᠳᠠᠩᠰᠠᠯᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠳᠤᠷ᠎ᠠ ᠪᠠᠷ ᠢᠶᠠᠨ ᠦᠯᠡᠳᠡᠭᠡᠨ ᠡᠮᠨᠡᠬᠦ ᠪᠤᠶᠤ ᠡᠪᠡᠳᠴᠢᠳᠡᠨ ᠤ ᠡᠮᠨᠡᠭᠦᠯᠬᠦ ᠶᠢ | ᠲᠡᠪᠴᠢᠵᠦ ᠪᠣᠯᠬᠤ ᠦᠭᠡᠶ᠃ | ᠠᠷᠪᠠ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠣᠴᠢᠳ | ᠤᠨ ᠪᠠᠭᠤᠳᠠᠯ᠂ ᠬᠤᠭᠤᠯᠠᠨ ᠬᠡᠷ᠂ ᠡᠮ ᠤᠨ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ | ᠳᠤᠯᠠᠭᠠᠨ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷ ᠵᠠᠭᠤᠷ᠎ᠠ ᠳᠤ ᠬᠦᠮᠦᠨ | ᠴᠤᠭᠯᠠᠷᠠᠬᠤ ᠶᠢ ᠬᠢᠵᠠᠭᠠᠷᠯᠠᠬᠤ ᠬᠡᠷᠡᠭᠲᠡᠶ᠃ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ | ᠵᠣᠭᠰᠣᠭᠠᠬᠤ ᠵᠡᠷᠭᠡ ᠡᠮ ᠤᠨ ᠵᠦᠢᠯ ᠢ ᠬᠤᠳᠠᠯᠳᠤᠨ ᠠᠪᠤᠭᠰᠠᠨ ᠬᠡᠷᠡᠭᠯᠡᠭᠴᠢᠳ ᠢ ᠦᠨᠡᠨ ᠨᠡᠷ᠎ᠡ ᠪᠠᠷ ᠨᠢ | ᠳᠠᠩᠰᠠᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ | ᠰᠡᠷᠭᠡᠶᠢᠯᠡᠨ ᠡᠵᠡᠮᠳᠡᠬᠦ ᠠᠵᠢᠯ ᠳᠤ ᠣᠷᠣᠭᠤᠯᠬᠤ ᠬᠡᠷᠡᠭᠲᠡᠶ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ | ᠬᠦᠷᠢᠶᠡᠯᠡᠩ᠂ ᠬᠤᠷᠢᠭᠤᠯ ᠤᠨ ᠭᠠᠵᠠᠷ ᠵᠡᠷᠭᠡ ᠣᠨᠴᠠᠭᠠᠢ ᠲᠠᠯᠠᠪᠤᠷ ᠲᠤ ᠪᠢᠳᠡᠬᠦᠮᠵᠢᠯᠡᠬᠦ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡ᠂ ᠨᠣᠮ ᠤᠨ ᠰᠠᠩ᠂ ᠮᠦᠽᠧᠶ ᠵᠡᠷᠭᠡ ᠬᠡᠷ ᠳᠣᠲᠣᠷᠠᠬᠢ ᠲᠠᠯᠠᠪᠤᠷ ᠣᠷᠳᠣᠨ᠂ ᠺᠢᠨᠣ᠋ ᠵᠦᠴᠦᠭᠡ | ᠶᠢᠨ ᠲᠢᠶᠠᠲᠷ ᠵᠡᠷᠭᠡ ᠲᠣᠭᠯᠠᠯᠲᠠ ᠶᠢᠨ ᠲᠠᠯᠠᠪᠤᠷ ᠭᠠᠵᠠᠷ ᠵᠢᠴᠢ ᠰᠦᠯᠵᠢᠶᠡᠨ ᠪᠠᠭᠠᠷ᠂ KTV᠂ ᠢᠳᠡᠭᠡᠨ ᠤᠮᠳᠠᠭᠠᠨ | ᠤ ᠦᠢᠯᠡᠴᠢᠯᠡᠭᠡᠨ ᠤ ᠭᠠᠵᠠᠷ ᠨᠢ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ | ᠬᠥᠮᠦᠨ ᠤ ᠲᠤᠭ᠎ᠠ ᠶᠢᠨ 75 % ᠠᠴᠠ ᠬᠡᠲᠦᠷᠡᠭᠦᠯᠵᠦ ᠪᠣᠯᠬᠤ ᠥᠬᠡᠶ᠃ | ᠠᠷᠪᠠᠨ ᠬᠤᠶᠠᠷ᠂ ᠲᠡᠮᠦᠷ ᠵᠠᠮ᠂ ᠵᠠᠰᠠᠮᠠᠯ ᠵᠠᠮ ᠵᠡᠷᠭᠡ ᠪᠠᠶᠢᠭᠤᠯᠭ᠎ᠠ ᠨᠢᠭᠡᠴᠡ ᠨᠢ ᠠᠶᠠᠨᠴᠢᠳ ᠤᠨ ᠮᠡᠳᠡᠭᠡ | ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠳᠡᠨ ᠢ | ᠢᠯᠡᠷᠡᠭᠦᠯᠪᠡᠯ ᠡᠮᠬᠢ ᠵᠢᠷᠤᠮ ᠲᠠᠢ ᠰᠢᠶᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠲᠦᠷᠢᠶᠡᠰᠦᠨ | ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠴᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠠᠶᠠᠨᠴᠢᠳ ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ | ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠨ ᠭᠤᠷᠪᠠ᠂ ᠡᠯ᠎ᠡ ᠰᠤᠷᠭᠠᠭᠤᠯᠢ ᠨᠤᠭᠤᠳ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ | ᠶᠢᠨ ᠬᠥᠮᠦᠵᠢᠯ ᠢ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠮᠥᠷᠳᠡᠵᠦ᠂ ᠴᠠᠭ ᠲᠤᠬᠠᠶ | ᠳᠤᠨᠢ ᠰᠡᠷᠡᠮᠵᠢᠯᠡᠭᠦᠯᠦᠨ ᠰᠠᠨᠠᠭᠤᠯᠵᠤ᠂ ᠪᠠᠭᠰᠢ ᠰᠤᠷᠤᠭᠴᠢᠳ ᠢ ᠬᠤᠪᠢ ᠬᠥᠮᠦᠨ ᠵᠢᠴᠢ ᠬᠡᠷ ᠪᠦᠯᠢ ᠶᠢᠨ | ᠬᠠᠮᠠᠭᠠᠯᠠᠯᠲᠠ ᠶᠢ ᠰᠠᠶᠢᠲᠤᠷ ᠬᠢᠯᠭᠡᠬᠦ ᠪᠠᠷ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠬᠤᠰᠢᠭᠤᠨ ᠠᠴᠠ ᠭᠠᠷᠪᠠᠯ ᠮᠡᠳᠡᠭᠦᠯᠦᠨ | ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠪᠤᠶᠤ ᠬᠢᠵᠢᠭ ᠤᠨ ᠳᠤᠮᠳᠠ᠂ | ᠥᠨᠳᠥᠷ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠥᠬᠡᠶ᠃ ᠡᠯ᠎ᠡ ᠰᠤᠷᠭᠠᠭᠤᠯᠢ ᠨᠢ | ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ | ᠂ ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠵᠦ ᠪᠣᠯᠬᠤ ᠥᠬᠡᠶ᠂ ᠰᠤᠷᠭᠠᠭᠤᠯᠢ ᠶᠢᠨ ᠬᠦᠷᠢᠶᠡᠨ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ᠠᠷᠪᠠᠨ ᠳᠥᠷᠪᠡ᠂ ︽ᠴᠢᠬᠤᠯᠠ ᠥᠬᠡᠶ ᠪᠣᠯ ᠠᠵᠢᠯᠯᠠᠭ᠎ᠠ ᠡᠷᠭᠢᠯᠡᠬᠦ ᠥᠬᠡᠶ︾᠂ ᠲᠣᠮᠣ ᠬᠡᠯᠪᠡᠷᠢ ᠶᠢᠨ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠴᠣᠮᠬᠠᠳᠬᠠᠬᠤ ᠪᠠ ᠪᠠᠭᠠᠰᠬᠠᠬᠤ ᠶᠢ ᠰᠠᠨᠠᠭᠠᠴᠢᠯᠠᠵᠤ ᠪᠠᠶᠢᠨ᠎ᠠ᠃ | ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠨᠢ | ᠲᠤᠮᠤ ᠬᠡᠯᠪᠡᠷᠢ ᠶᠢᠨ ᠬᠤᠷᠠᠯ ᠵᠢᠴᠢ ᠠᠵᠢᠯᠯᠠᠭ᠎ᠠ ᠶᠢᠨ ᠬᠦᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠸᠢᠳᠢᠣ᠋ ᠵᠡᠷᠭᠡ | ᠰᠦᠯᠵᠢᠶᠡᠨ ᠳᠡᠭᠡᠷᠡᠬᠢ ᠬᠡᠯᠪᠡᠷᠢ ᠪᠠᠷ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠵᠦ ᠪᠠᠶᠢᠨ᠎ᠠ᠃ ᠵᠠᠷᠴᠢᠮ ᠳᠡᠭᠡᠷ᠎ᠡ | ᠪᠠᠨ ᠪᠤᠯᠪᠠᠰᠤᠷᠠᠯ᠂ ᠬᠠᠮᠲᠤ ᠶᠢᠨ ᠵᠣᠯᠭᠠᠯᠲᠠ᠂ ᠬᠠᠮᠲᠤᠷᠠᠭᠰᠠᠨ ᠨᠠᠶᠢᠷ᠂ ᠲᠣᠮᠣ ᠬᠡᠯᠪᠡᠷᠢ ᠶᠢᠨ ᠴᠤᠭᠯᠠᠭᠠᠨ᠂ ᠣᠨ ᠤ | ᠬᠤᠷᠠᠯ᠂ ᠳᠡᠯᠭᠡᠨ ᠪᠣᠷᠣᠯᠠᠭᠤᠯᠬᠤ ᠪᠠ ᠬᠢᠮᠳᠠᠷᠠᠯ ᠤᠨ ᠬᠦᠳᠡᠯᠭᠡᠭᠡᠨ ᠵᠡᠷᠭᠡ ᠠᠵᠢᠯᠯᠠᠭ᠎ᠠ ᠶᠢ ᠡᠷᠬᠢᠯᠡᠵᠦ ᠪᠣᠯᠬᠤ ᠦᠭᠡᠶ᠃ | | ᠠᠷᠪᠠᠨ ᠲᠠᠪᠤ᠂ ᠬᠤᠷᠢᠮ ᠨᠠᠶᠢᠷ ᠡᠷᠭᠢᠯᠡᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ | ᠶᠢᠨ ᠪᠢᠴᠢᠭ︾ ᠲᠣᠭᠲᠠᠵᠤ᠂ ᠣᠶᠢᠷ᠎ᠠ ᠶᠢᠨ ᠬᠤᠭᠤᠴᠠᠭᠠᠨ ᠳᠤ ᠡᠷᠭᠢᠯᠡᠬᠦ ᠴᠢᠬᠤᠯᠠᠲᠠᠶ ᠬᠤᠷᠢᠮ ᠨᠠᠶᠢᠷ ᠢ ᠪᠥᠬᠦ | ᠤᠯᠤᠰ ᠤᠨ ᠬᠢᠵᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ ᠳᠠᠬᠢᠨ ᠡᠷᠭᠢᠯᠡᠬᠦ ᠶᠢ ᠰᠠᠨᠠᠭᠠᠴᠢᠯᠠᠵᠤ | ᠪᠠᠶᠢᠨ᠎ᠠ︕ ᠣᠷᠣᠰᠢᠭᠤᠯᠭ᠎ᠠ ᠶᠢᠨ ᠶᠠᠪᠤᠳᠠᠯ ᠢ ᠡᠷᠭᠢᠯᠡᠬᠦ ᠳᠤ ᠣᠷᠣᠯᠴᠠᠬᠤ ᠬᠥᠮᠦᠨ ᠤ ᠲᠤᠭ᠎ᠠ ᠶᠢ ᠳᠥᠭᠦᠮᠴᠢᠯᠡᠨ | ᠬᠠᠰᠤᠵᠤ᠂ ᠬᠥᠮᠦᠨ ᠬᠠᠷ᠎ᠠ ᠶᠢᠨ ᠰᠢᠯᠵᠢᠯᠲᠡ ᠶᠢ ᠪᠠᠭᠠᠰᠬᠠᠨ᠂ ᠴᠢᠳᠠᠬᠤ ᠶᠢᠨ ᠳᠣᠲᠣᠷ᠎ᠠ ᠬᠤᠰᠢᠭᠤᠨ ᠭᠠᠳᠠᠨᠠᠬᠢ | ᠬᠥᠮᠦᠰ ᠢ ᠤᠷᠢᠵᠤ ᠣᠷᠣᠯᠴᠠᠭᠤᠯᠬᠤ ᠥᠬᠡᠶ ᠪᠠᠶᠢᠵᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ | ᠮᠡᠳᠡᠭᠡ ᠵᠠᠩᠭᠢ ᠶᠢ ᠳᠠᠩᠰᠠᠯᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ | ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠡᠷ ᠪᠦᠯᠢ | ᠶᠢᠨ ᠴᠤᠭᠯᠠᠭᠠᠨ ᠤ ᠬᠤᠭᠤᠯᠠ ᠢᠳᠡᠬᠦ ᠳᠤ 10 ᠬᠥᠮᠦᠨ ᠠᠴᠠ ᠳᠣᠷᠣᠭᠰᠢ ᠬᠢᠵᠠᠭᠠᠷᠯᠠᠪᠠᠯ ᠵᠣᠬᠢᠨ᠎ᠠ᠃ | ᠠᠷᠪᠠᠨ ᠵᠢᠷᠭᠤᠭ᠎ᠠ᠂ ︽ᠤᠨᠴᠠᠭᠠᠢ ᠤᠴᠢᠷ ᠦᠭᠡᠢ ᠪᠣᠯ ᠨᠤᠲᠤᠭ ᠲᠠᠭᠠᠨ ᠪᠤᠴᠠᠬᠤ ᠥᠬᠡᠶ ᠪᠠᠶᠢᠵᠦ︾᠂ | ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠪᠠᠭᠠᠰᠬᠠᠬᠤ ᠶᠢ ᠰᠠᠨᠠᠭᠠᠴᠢᠯᠠᠵᠤ ᠪᠠᠶᠢᠨ᠎ᠠ᠃ ᠦᠨᠡᠨᠬᠦ ᠨᠤᠲᠤᠭ | ᠲᠠᠭᠠᠨ ᠪᠤᠴᠠᠬᠤ ᠴᠢᠬᠤᠯᠠ ᠲᠠᠢ ᠪᠣᠯ ᠵᠠᠮ ᠳᠤᠮᠳᠠ ᠪᠠᠨ ᠠᠮᠠᠪᠴᠢ ᠵᠡᠭᠦᠵᠦ᠂ ᠭᠠᠷ ᠢᠶᠠᠨ ᠰᠠᠶᠢᠳᠤᠷ ᠤᠬᠢᠶᠠᠨ᠂ | ᠠᠮᠤᠷ ᠲᠦᠪᠰᠢᠨ ᠤ ᠵᠠᠶ ᠶᠢ ᠪᠠᠲᠤᠯᠠᠵᠦ᠂ ᠥᠪᠡᠷ ᠤᠨ ᠲᠡᠷᠭᠡ ᠪᠠᠨ ᠵᠢᠯᠣᠭᠤᠳᠴᠤ ᠨᠤᠲᠤᠭ ᠲᠠᠭᠠᠨ ᠪᠤᠴᠠᠬᠤ ᠶᠢ | ᠰᠠᠨᠠᠭᠠᠴᠢᠯᠠᠵᠤ ᠪᠠᠶᠢᠨ᠎ᠠ᠃ ᠨᠤᠲᠤᠭ ᠲᠠᠭᠠᠨ ᠪᠤᠴᠠᠭᠰᠠᠨ ᠤ ᠳᠠᠷᠠᠭ᠎ᠠ ᠬᠠᠮᠤᠭ ᠰᠠᠶᠢᠨ ᠨᠢ ᠠᠶᠢᠯ ᠳᠤᠲᠠᠭᠤ | ᠳᠤᠭᠤᠷᠢᠵᠦ᠂ ᠤᠯᠠᠭᠤᠯᠠ ᠬᠤᠭᠤᠯᠠᠯᠠᠬᠤ ᠦᠭᠡᠢ᠂ ᠴᠤᠭᠯᠠᠷᠠᠬᠤ ᠥᠬᠡᠶ ᠪᠠᠶᠢᠵᠤ᠂ ᠬᠠᠯᠠᠭᠤᠷᠠᠬᠤ᠂ ᠬᠠᠨᠢᠶᠠᠯᠭᠠᠬᠤ᠂ | ᠠᠮᠢᠰᠬᠤᠯ ᠲᠠᠪᠬᠤᠴᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ | ᠲᠣᠭᠤᠷᠢᠭ︶ ᠳᠠᠭᠠᠨ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ | ᠰᠡᠷᠭᠡᠶᠢᠯᠡᠨ ᠬᠠᠮᠠᠭᠠᠯᠠᠯᠲᠠ ᠪᠠᠨ ᠰᠠᠶᠢᠳᠤᠷ ᠬᠢᠭᠰᠡᠨ ᠤ ᠳᠠᠷᠠᠭ᠎ᠠ ᠣᠶᠢᠷ᠎ᠠ ᠬᠠᠪᠢ ᠶᠢᠨ ᠬᠠᠯᠠᠭᠤᠷᠠᠭᠰᠠᠨ | ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃ | ᠠᠷᠪᠠᠨ ᠳᠣᠯᠤᠭ᠎ᠠ᠂ ᠪᠦᠬᠦᠶᠢᠯᠡ ᠨᠤᠲᠤᠭ ᠲᠠᠭᠠᠨ ᠪᠤᠴᠠᠭᠰᠠᠳ᠂ ᠬᠤᠰᠢᠭᠤᠨ ᠳᠤ ᠢᠷᠡᠭᠰᠡᠳ ᠡᠷᠬᠡᠪᠰᠢ | ᠲᠡᠷᠡ ᠳᠠᠷᠤᠶ ᠳᠤᠨᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠪᠠᠨ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠶᠣᠰᠣᠭᠠᠷ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | ᠠᠷᠪᠠᠨ ᠨᠠᠶᠮᠠ᠂ ︽ᠴᠢᠬᠤᠯᠠ ᠦᠭᠡᠢ ᠪᠣᠯ ᠬᠤᠰᠢᠭᠤᠨ ᠠᠴᠠ ᠪᠠᠨ ᠭᠠᠷᠬᠤ ᠦᠭᠡᠢ ᠪᠠᠶᠢᠬᠤ ︾ ᠶᠢ | ᠰᠠᠨᠠᠭᠠᠴᠢᠯᠠᠵᠤ ᠪᠠᠶᠢᠨ᠎ᠠ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ | ᠦᠶᠯᠡᠰ ᠤᠨ ᠨᠢᠭᠡᠴᠡ ᠶᠢᠨ ᠠᠵᠢᠯᠲᠠᠨ ᠲᠡᠷᠢᠭᠦᠯᠡᠨ ᠬᠤᠰᠢᠭᠤᠨ ᠳᠠᠭᠠᠨ ᠰᠢᠨᠡᠯᠡᠬᠦ ᠶᠢ ᠰᠠᠨᠠᠭᠠᠴᠢᠯᠠᠵᠦ ᠪᠠᠶᠢᠨ᠎ᠠ᠃ | ᠬᠡᠷᠪᠡ ᠬᠤᠰᠢᠭᠤᠨ ᠠᠴᠠ ᠪᠠᠨ ᠭᠠᠷᠬᠤ ᠴᠢᠬᠤᠯᠠᠳᠠᠢ ᠪᠣᠯ ᠲᠣᠰ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ | ᠳᠠᠩᠰᠠᠯᠠᠭᠤᠯᠬᠤ ᠬᠡᠷᠡᠭᠲᠡᠶ᠃ ᠬᠤᠰᠢᠭᠤᠨ ᠤ ᠠᠷᠠᠳ ᠳᠦᠮᠡᠨ ᠴᠢᠬᠤᠯᠠ ᠦᠭᠡᠢ ᠪᠣᠯ ᠭᠠᠳᠠᠭᠰᠢ ᠭᠠᠷᠬᠤ ᠪᠠᠨ | ᠪᠠᠭᠠᠰᠬᠠᠵᠦ᠂ ᠬᠡᠷᠪᠡ ᠬᠢᠯᠢ ᠶᠢᠨ ᠭᠠᠳᠠᠨ᠎ᠠ ᠵᠢᠴᠢ ᠤᠯᠤᠰ ᠤᠨ ᠬᠥᠳᠡᠯᠦᠩᠭᠦᠶ ᠲᠣᠬᠢᠷᠠᠭᠤᠯᠤᠯᠲᠠ ᠬᠢᠵᠦ ᠪᠠᠶᠢᠭ᠎ᠠ | ᠬᠢᠵᠢᠭ ᠤᠨ ᠳᠤᠮᠳᠠ᠂ ᠥᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠴᠢᠬᠤᠯᠠᠲᠠᠶ ᠪᠠᠶᠢᠪᠠᠯ | ᠂ ᠬᠤᠰᠢᠭᠤᠨ ᠠᠴᠠ ᠭᠠᠷᠬᠤ ᠠᠴᠠ ᠪᠠᠨ ᠡᠮᠦᠨ᠎ᠡ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ | ᠳᠤ ᠪᠦᠷᠢᠳᠬᠡᠨ ᠳᠠᠩᠰᠠᠯᠠᠭᠤᠯᠵᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠪᠥᠬᠦ ᠶᠠᠪᠤᠴᠠ ᠳᠤ | ᠰᠠᠶᠢᠲᠤᠷ ᠬᠢᠵᠦ᠂ ᠬᠤᠰᠢᠭᠤᠨ ᠳᠠᠭᠠᠨ ᠪᠤᠴᠠᠭᠰᠠᠨ ᠤ ᠳᠠᠷᠠᠭ᠎ᠠ᠂ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠶᠢᠨ ᠬᠠᠮᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠶᠣᠰᠣᠭᠠᠷ᠂ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ | 2021 ᠣᠨ ᠤ 1 ᠰᠠᠷ᠎ᠠ ᠶᠢᠨ 8 ᠤ ᠡᠳᠦᠷ | |