ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠤᠯᠠᠨ ᠲᠦᠮᠡᠨ ᠤ ᠳᠤᠯᠠᠭᠠᠨ | ᠡᠪᠦᠯᠵᠢᠬᠦ ᠶᠢ ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠵᠡᠷᠭᠡ | ᠠᠵᠢᠯ ᠤᠳ ᠢ ᠪᠠᠶᠢᠷᠢᠯᠠᠭᠤᠯᠪᠠ | | ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ ᠤᠯᠠᠨ ᠲᠦᠮᠡᠨ ᠤ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠠᠬᠢᠭᠤᠯᠬᠤ ᠲᠤᠬᠠᠶ ᠪᠠᠶᠢᠷᠢᠯᠠᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 8 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠭᠤᠯᠵᠪ᠊᠂ | ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠶ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ | ᠠᠵᠢᠯ ᠢ ᠢᠳᠡᠪᠬᠢᠲᠡᠶ ᠠᠬᠢᠭᠤᠯᠬᠤ ᠲᠤᠬᠠᠢ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠤᠨ ᠠᠭᠤᠷ ᠣᠷᠣᠭᠰᠠᠨ ᠠᠴᠠ ᠨᠠᠭᠠᠰᠢ ᠠᠭᠠᠷ ᠤᠨ ᠳᠤᠯᠠᠭᠠᠨ | ᠥᠷᠭᠡᠨ ᠬᠡᠪᠴᠢᠶ᠎ᠡ ᠪᠠᠷ ᠪᠠᠭᠤᠷᠠᠭᠰᠠᠨ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠣ᠂ | ᠪᠥᠬᠦ ᠤᠯᠤᠰ ᠤᠨ ᠨᠡᠭᠦᠷᠡᠰᠦ᠂ ᠴᠠᠬᠢᠯᠭᠠᠨ᠂ ᠰᠢᠲᠠᠮᠠᠬᠠᠶ ᠬᠡᠶ ᠶᠢᠨ ᠬᠡᠷᠡᠭᠯᠡᠭᠡ ᠶᠡᠭᠡ ᠪᠠᠷ ᠨᠡᠮᠡᠭᠳᠡᠪᠡ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠨᠡᠭᠦᠷᠡᠰᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠭ᠎ᠠ ᠪᠠ | ᠬᠠᠩᠭᠠᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠡᠳᠦᠷ ᠪᠦᠷᠢ ᠶᠢᠨ | ᠨᠡᠭᠦᠷᠡᠰᠦᠨ ᠤ ᠭᠠᠷᠤᠯᠲᠠ ᠥᠨᠳᠥᠷ ᠪᠠᠶᠢᠷᠢ ᠪᠠᠨ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ᠂ ᠰᠢᠲᠠᠮᠠᠬᠠᠢ ᠬᠡᠢ | ᠬᠠᠩᠭᠠᠬᠤ ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠷᠠᠳ ᠤᠨ ᠠᠮᠢᠳᠤᠷᠠᠯ ᠪᠣᠯᠤᠨ | ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ | ᠬᠠᠮᠤᠭ ᠤᠨ ᠳᠣᠤᠷ᠎ᠠ ᠠᠭᠠᠷ ᠤᠨ ᠳᠤᠯᠠᠭᠠᠴᠠ ᠲᠡᠮᠳᠡᠭᠯᠡᠯ ᠲᠠᠢ ᠪᠣᠯᠤᠭᠰᠠᠨ ᠠᠴᠠ ᠨᠠᠭᠠᠰᠢᠬᠢ ᠲᠡᠦᠬᠡ ᠶᠢᠨ ᠲᠦᠢᠯ ᠤᠨ | ᠬᠡᠮᠵᠢᠭᠳᠡᠯ ᠢ ᠡᠭᠦᠳᠴᠦ᠂ ᠣᠳᠣᠬᠠᠨ ᠳᠤ ᠪᠠᠰᠠ ︽ᠭᠤᠷᠪᠠ ᠶᠢᠰᠦ︾ ᠣᠷᠣᠪᠠ᠂ ᠴᠠᠭ ᠠᠭᠤᠷ ᠤᠨ ᠰᠠᠯᠠᠭ᠎ᠠ | ᠮᠥᠴᠢᠷ ᠤᠨ ᠵᠢᠱᠢᠯᠲᠡ ᠶᠢ ᠦᠨᠳᠦᠰᠦᠯᠡᠪᠡᠯ᠂ ᠨᠢᠭᠡᠳᠦᠭᠡᠷ ᠰᠠᠷ᠎ᠠ ᠶᠢᠨ ᠳᠤᠮᠳᠠᠴᠢ ᠦᠶ᠎ᠡ ᠪᠠᠷ ᠪᠠᠰᠠ ᠬᠦᠢᠲᠡᠷᠡᠮᠡᠷ | ᠪᠠᠶᠢᠨ᠎ᠠ᠃ | ᠬᠤᠷᠠᠯ ᠠᠴᠠ ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ | ᠠᠮᠤᠷ ᠲᠦᠪᠰᠢᠨ ᠳᠤᠯᠠᠭᠠᠨ ᠡᠪᠦᠯᠵᠢᠬᠦ ᠶᠢ ᠲᠡᠷᠢᠭᠦᠨ ᠳᠤ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠨᠡᠭᠦᠷᠡᠰᠦ ᠳᠤ ᠲᠤᠬᠢᠷᠠᠪᠠᠯ ᠨᠡᠭᠦᠷᠡᠰᠦ ᠬᠠᠩᠭᠠᠵᠤ᠂ ᠴᠠᠬᠢᠯᠭᠠᠨ ᠳᠤ ᠲᠤᠬᠢᠷᠠᠪᠠᠯ ᠴᠠᠬᠢᠯᠭᠠᠨ ᠬᠠᠩᠭᠠᠵᠤ | ᠂ ᠰᠢᠲᠠᠮᠠᠬᠠᠢ ᠬᠡᠢ ᠳᠤ ᠲᠤᠬᠢᠷᠠᠪᠠᠯ ᠰᠢᠲᠠᠮᠠᠬᠠᠢ ᠬᠡᠢ ᠬᠠᠩᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠤᠯᠠᠭᠠᠯᠠᠭ᠎ᠠ | ᠢᠯᠠᠩᠭᠤᠶ᠎ᠠ ᠤᠮᠠᠷᠠᠲᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠡᠨᠧᠷᠭᠢ ᠶᠢᠨ ᠪᠠᠲᠤᠯᠠᠭ᠎ᠠ ᠶᠢ ᠦᠷᠭᠦᠯᠵᠢᠯᠡᠨ | ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠰᠢᠲᠠᠮᠠᠬᠠᠶ ᠬᠡᠶ ᠶᠢᠨ ᠠᠶ ᠰᠠᠪᠠ ᠶᠢᠨ ᠠᠮᠤᠷ ᠲᠦᠪᠰᠢᠨ ᠳᠠᠭᠠᠭᠠᠴᠠ ᠳᠦᠭᠦᠷᠡᠩ ᠦᠢᠯᠡᠳᠪᠤᠷᠢᠯᠡᠯ | ᠢ ᠵᠣᠬᠢᠶᠠᠨ ᠪᠠᠶᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠨ᠂ | ᠬᠠᠩᠭᠠᠯᠭ᠎ᠠ ᠶᠢ ᠪᠠᠲᠤᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠲᠣᠬᠢᠷᠠᠭᠤᠯᠤᠯᠲᠠ ᠵᠣᠬᠢᠴᠠᠭᠤᠯᠭ᠎ᠠ ᠪᠠᠨ | ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠳᠤᠯᠠᠭᠠᠯᠠᠬᠤ ᠳᠤ ᠬᠡᠷᠡᠭᠯᠡᠬᠦ ᠰᠢᠲᠠᠮᠠᠬᠠᠢ ᠬᠡᠶ ᠶᠢ ᠪᠦᠲᠦᠮᠵᠢᠲᠡᠶ | ᠪᠠᠲᠤᠯᠠᠬᠤ ᠬᠡᠷᠡᠭᠲᠡᠶ᠃ | ᠬᠤᠶᠠᠷ ᠲᠤ᠂ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠳᠠᠯᠳᠠ ᠬᠦᠴᠦᠨ ᠢ | ᠠᠭᠤᠳᠠᠯᠠᠨ ᠭᠠᠷᠤᠯᠲᠠ ᠨᠡᠮᠡᠭᠳᠡᠭᠦᠯᠵᠦ᠂ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ | ᠨᠥᠭᠡᠴᠡ ᠪᠠᠨ ᠡᠮᠬᠢ ᠵᠢᠷᠤᠮ ᠲᠠᠢ ᠪᠠᠷ ᠬᠥᠳᠡᠯᠭᠡᠨ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ | ᠬᠡᠷᠡᠭᠵᠢᠭᠦᠯᠵᠦ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠠᠲᠤᠯᠠᠬᠤ ᠬᠡᠷᠡᠭᠲᠡᠶ᠃ | ᠭᠤᠷᠪᠠ ᠳᠤ᠂ ᠣᠯᠠᠨ ᠵᠦᠢᠯ ᠤᠨ ᠴᠠᠬᠢᠯᠭᠠᠨ ᠡᠭᠦᠰᠭᠡᠭᠴᠢ ᠶᠢᠨ ᠮᠠᠰᠢᠨ ᠢᠶᠠᠨ ᠨᠡᠭᠡᠭᠡᠵᠦ ᠣᠷᠭᠢᠯ ᠦᠶ᠎ᠡ ᠶᠢᠨ | ᠴᠠᠬᠢᠯᠭᠠᠨ ᠬᠦᠴᠦᠨ ᠤ ᠬᠡᠷᠡᠭᠴᠡᠭᠡ ᠶᠢ ᠠᠷᠭᠠᠴᠠᠬᠤ ᠶᠢ ᠰᠠᠶᠢᠲᠤᠷ ᠲᠣᠬᠢᠷᠠᠭᠤᠯᠵᠤ᠂ ᠴᠠᠬᠢᠯᠭᠠᠨ ᠬᠠᠩᠭᠠᠬᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠰᠤᠳ ᠭᠠᠵᠠᠷ | ᠣᠷᠣᠨ ᠳᠤ ᠴᠠᠬᠢᠯᠭᠠᠨ ᠬᠦᠷᠭᠡᠬᠦ ᠶᠢ ᠳᠡᠮᠵᠢᠬᠦ ᠪᠠᠨ ᠴᠢᠩᠭᠠᠳᠬᠠᠵᠤ᠂ ᠴᠠᠬᠢᠯᠭᠠᠨ ᠬᠦᠴᠦᠨ ᠤ ᠢᠯᠡᠭᠦᠦ ᠳᠤᠲᠠᠭᠤ ᠶᠢ | ᠬᠠᠷᠢᠯᠴᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ | ᠲᠦᠷᠪᠡ ᠳᠤ᠂ ᠡᠯ᠎ᠡ ᠲᠠᠯ᠎ᠠ ᠶᠢᠨ ᠬᠢᠨ ᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠢ | ᠪᠣᠳᠠᠲᠠᠶᠢᠵᠢᠭᠤᠯᠵᠤ᠂ ᠭᠡᠷ᠎ᠡ ᠶᠣᠰᠣᠭᠠᠷ ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠠᠩᠭᠠᠯᠭ᠎ᠠ ᠶᠢ ᠪᠠᠲᠤᠯᠠᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠲᠠᠪᠤ ᠳᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ | ᠪᠦᠷᠢᠨᠰᠢᠭᠦᠯᠵᠦ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠬᠠᠳᠠᠭᠠᠯᠠᠬᠤ᠂ ᠨᠡᠭᠦᠷᠡᠰᠦ ᠬᠠᠳᠠᠭᠠᠯᠠᠬᠤ | ᠪᠡᠯᠡᠳᠬᠡᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠴᠠᠬᠢᠯᠭᠠᠨ ᠰᠤᠷᠪᠤᠯᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠠᠬᠢᠯᠭᠠᠨ ᠭᠠᠷᠭᠠᠯᠲᠠ ᠶᠢᠨ ᠣᠷᠭᠢᠯ ᠦᠶ᠎ᠡ ᠶᠢᠨ ᠴᠠᠬᠢᠯᠭᠠᠨ | ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠢ ᠰᠢᠨᠵᠢᠯᠡᠬᠦ ᠤᠬᠠᠭᠠᠨᠴᠢ ᠪᠠᠷ ᠪᠠᠳᠠᠷᠠᠭᠤᠯᠵᠤ᠂ | ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠪᠣᠯ ᠪᠠᠭ᠎ᠠ | ᠶᠠᠪᠤᠳᠠᠯ ᠪᠢᠰᠢ᠃ ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ᠂ ᠨᠡᠭᠦᠷᠡᠰᠦ ᠶᠢᠨ | ᠬᠠᠩᠭᠠᠯᠭ᠎ᠠ ᠶᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠶ᠂ ᠬᠥᠮᠥᠨ ᠤ ᠤᠷᠰᠢᠭ ᠠᠴᠠ ᠪᠣᠯᠵᠤ ᠬᠠᠩᠭᠠᠯᠭ᠎ᠠ | ᠲᠠᠰᠤᠷᠠᠬᠤ ᠪᠠᠶᠢᠳᠠᠯ ᠭᠠᠷᠬᠤ ᠶᠢ ᠣᠭᠲᠣ ᠵᠥᠪᠰᠢᠶᠡᠷᠡᠵᠦ ᠪᠣᠯᠬᠤ ᠦᠭᠡᠶ ᠪᠥᠭᠡᠳ ᠰᠢᠮᠳᠠᠭᠤᠯᠤᠨ ᠪᠠᠶᠢᠴᠠᠭᠠᠵᠤ | ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ | ᠪᠦᠲᠦᠮᠵᠢᠲᠡᠶ ᠰᠢᠢᠳᠪᠤᠷᠢᠯᠡᠵᠦ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠨᠢ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ | ᠡᠷᠡᠭᠦᠯ ᠮᠡᠨᠳᠦ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠳᠤ | ᠬᠤᠯᠪᠣᠭᠳᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠲᠠᠢ ᠤᠶᠠᠯᠳᠤᠭᠤᠯᠵᠤ᠂ ᠬᠤᠯᠪᠣᠭᠳᠠᠯ | ᠪᠦᠬᠦᠢ ᠬᠠᠤᠯᠢ ᠴᠠᠭᠠᠵᠠ ᠶᠢ ᠴᠠᠭ ᠲᠤᠬᠠᠢ ᠳᠤ ᠨᠢ ᠪᠦᠷᠢᠨᠰᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ | ᠣᠷᠣᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ | ᠵᠠᠰᠠᠪᠤᠷᠢ ᠣᠷᠣᠭᠤᠯᠬᠤ ᠠᠵᠢᠯ ᠢ ᠵᠣᠯᠭᠠᠭᠤᠯᠬᠤ ᠬᠡᠷᠡᠭᠲᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢ ᠳᠣᠪᠤᠶᠢᠯᠭᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ | ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠴᠢᠩᠳᠠᠯᠠᠨ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ᠂ ᠮᠡᠳᠡᠭᠦᠯᠬᠦ ᠪᠠ ᠢᠯᠡ ᠪᠠᠷ ᠨᠡᠶᠢᠲᠡᠯᠡᠬᠦ ᠲᠦᠷᠢᠮ ᠢ ᠰᠠᠶᠢᠵᠢᠷᠠᠭᠤᠯᠵᠤ᠂ ᠬᠠᠯᠳᠠᠪᠤᠷᠢᠲᠤ | ᠡᠪᠡᠳᠴᠢᠨ ᠤ ᠲᠦᠷᠦᠯ ᠵᠦᠢᠯ ᠢ ᠲᠣᠭᠲᠠᠭᠠᠬᠤ ᠪᠠ ᠪᠠᠴᠢᠮ ᠬᠠᠮᠢᠶᠠᠷᠤᠨ ᠬᠤᠷᠢᠭᠯᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮ ᠢ | ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠦᠢᠯᠡᠴᠢᠯᠡᠭᠡᠨ ᠤ ᠰᠦᠯᠵᠢᠶᠡᠨ ᠤ | ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ | ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠭᠰᠡᠨ ᠤ ᠳᠠᠷᠠᠭ᠎ᠠ ᠡᠯ᠎ᠡ ᠲᠠᠯ᠎ᠠ ᠶᠢᠨ ᠬᠢᠨ ᠤ | ᠰᠠᠨᠠᠯ ᠢ ᠰᠣᠨᠣᠰᠤᠨ᠂ ᠳᠡᠰ ᠳᠠᠷᠠᠭᠠᠯᠠᠯ ᠶᠣᠰᠣᠭᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠬᠡᠷᠡᠭᠲᠡᠢ ᠭᠡᠵᠡᠢ᠃ ᠬᠤᠷᠠᠯ ᠠᠴᠠ | ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠴᠢᠨᠠᠭᠰᠢᠯᠠᠪᠠᠯ ᠬᠡᠰᠡᠭ ᠭᠠᠵᠠᠷ ᠲᠤ ᠲᠥᠪᠯᠡᠷᠡᠯ ᠤᠨ | ᠴᠢᠨᠠᠷᠲᠠᠶ ᠬᠢᠵᠢᠭ ᠤᠨ ᠪᠠᠶᠢᠳᠠᠯ ᠢᠯᠡᠷᠡᠪᠡ᠃ ᠦᠷᠭᠦᠯᠵᠢᠯᠡᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠲᠣᠭᠲᠠᠴᠠ ᠶᠢᠨ ᠬᠢᠨ ᠣᠷᠣᠨ ᠨᠤᠲᠤᠭ ᠪᠣᠯᠤᠨ ᠬᠠᠮᠢᠶ᠎ᠠ ᠪᠥᠬᠦᠶ ᠲᠠᠯ᠎ᠠ ᠳᠤ ᠵᠢᠯᠣᠭᠤᠳᠤᠨ ᠵᠣᠬᠢᠴᠠᠭᠤᠯᠬᠤ ᠪᠠᠨ | ᠴᠢᠩᠭᠠᠳᠬᠠᠵᠤ᠂ ︽ᠳᠥᠷᠪᠡᠨ ᠡᠷᠲᠡ︾ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠵᠠᠰᠠᠬᠤ | ᠂ ᠡᠪᠡᠳᠴᠢᠨ ᠤ ᠡᠬᠢ ᠰᠤᠷᠪᠤᠯᠵᠢ ᠶᠢ ᠮᠥᠷᠳᠡᠬᠦ ᠵᠡᠷᠭᠡ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠤᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠢᠯᠡ | ᠲᠣᠳᠣ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |