ᠪᠠᠷᠠᠭᠤᠨ ᠦᠵᠦᠮᠦᠴᠢᠨ ᠬᠤᠰᠢᠭᠤ 2021 ᠤᠨ ᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ  ᠰᠣᠳᠣᠯᠥᠨ ᠰᠢᠨᠵᠢᠯᠡᠬᠦ  ᠵᠢᠴᠢ ᠠᠵᠢᠯ ᠤᠨ  ᠪᠠᠶᠢᠷᠢᠯᠠᠭᠤᠯᠥᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/13
  ᠪᠠᠷᠠᠭᠤᠨ ᠦᠵᠦᠮᠦᠴᠢᠨ ᠬᠤᠰᠢᠭᠤ 2021 ᠤᠨ ᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ  ᠰᠣᠳᠣᠯᠥᠨ ᠰᠢᠨᠵᠢᠯᠡᠬᠦ  ᠵᠢᠴᠢ ᠠᠵᠢᠯ ᠤᠨ  ᠪᠠᠶᠢᠷᠢᠯᠠᠭᠤᠯᠥᠯᠲᠠ ᠶᠢᠨ ᠬᠤᠷᠠᠯ ᠬᠤᠷᠠᠯᠳᠤᠪᠠ                                           1 ᠰᠠᠷ᠎ᠠ ᠶᠢᠨ 11 ᠤ ᠡᠳᠦᠷ᠂ ᠪᠠᠷᠠᠭᠤᠨ ᠦᠵᠦᠮᠦᠴᠢᠨ  ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ   ᠢ ᠰᠡᠷᠭᠡᠶᠢᠯᠡᠨ ᠬᠤᠷᠢᠭᠯᠠᠬᠤ ᠵᠢᠯᠥᠭᠤᠳᠬᠤ ᠭᠡᠯᠳᠡᠰ ᠨᠢ 2021 ᠤᠨ ᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠣᠳᠣᠯᠥᠨ ᠰᠢᠨᠵᠢᠯᠡᠬᠦ  ᠵᠢᠴᠢ ᠠᠵᠢᠯ ᠤᠨ ᠪᠠᠶᠢᠷᠢᠯᠠᠭᠤᠯᠥᠯᠲᠠ ᠶᠢᠨ ᠬᠤᠷᠠᠯ ᠬᠤᠷᠠᠯᠳᠤᠵᠦ᠂ ᠬᠤᠷᠠᠯ ᠠᠴᠠ1 ᠰᠠᠷ᠎ᠠ ᠶᠢᠨ9 ᠤ ᠡᠳᠦᠷ ᠤᠨ ᠦᠪᠡᠷᠳᠡᠭᠡᠨ ᠵᠠᠰᠠᠬᠤ ᠤᠷᠤᠨ᠂ ᠪᠦᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠥᠨ ᠨᠠᠶᠢᠳᠠᠪᠦᠷᠢᠵᠢᠭᠤᠯᠵᠦ᠂ ᠪᠦᠬᠦ  ᠬᠤᠰᠢᠭᠤᠨ ᠤ ᠬᠢᠵᠢᠭ ᠤᠨ  ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠᠶᠢᠳᠠᠯ ᠳᠤ ᠵᠠᠳᠠᠯᠥᠨ ᠰᠤᠳᠤᠯᠥᠯᠲᠠ ᠬᠢᠵᠦ᠂ ᠭᠤᠤᠯᠳᠠᠯᠭ᠎ᠠ ᠲᠠᠢ ᠰᠡᠷᠭᠡᠶᠢᠯᠡᠨ ᠬᠤᠷᠢᠭᠯᠠᠬᠤ ᠠᠵᠢᠯ ᠳᠤ ᠪᠠᠶᠢᠷᠢᠯᠠᠭᠤᠯᠥᠯᠲᠠ ᠬᠢᠪᠡ᠃     ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ᠂ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠥᠭᠤᠳᠬᠤ ᠭᠡᠯᠳᠡᠰ ᠤᠨ ᠶᠡᠷᠦᠩᠭᠡᠢ ᠵᠢᠯᠥᠭᠤᠳᠤᠭᠴᠢ‌ᠮᠦ᠋ᠡᠭᠭᠦᠨᠱᠠ‌ᠬᠤᠷᠠᠯ ᠡᠷᠬᠢᠯᠡᠨ ᠶᠠᠷᠢᠶ᠎ᠠ  ᠲᠠᠯᠪᠢᠪᠠ᠃     ᠬᠤᠷᠠᠯ ᠠᠴᠠ ᠮᠠᠨ ᠤ ᠬᠤᠰᠢᠭᠤᠨ ‍ᠣ‌‍ᠰᠢᠨ᠎ᠡ ᠲᠢᠲᠢᠮᠯᠢᠭ ᠠᠭᠤᠰᠬᠢᠨ ᠦᠷᠪᠢᠰᠦᠯ   ᠢ ᠰᠡᠷᠭᠡᠶᠢᠯᠡᠨ ᠬᠤᠷᠢᠭᠯᠠᠬᠤ  ᠪᠠᠶᠢᠳᠠᠯ ᠤᠨ ᠲᠤᠬᠠᠢ ᠮᠡᠳᠡᠭᠦᠯᠦᠯᠲᠡ ᠬᠢᠵᠦ᠂ ᠡᠮᠨᠡᠯᠭᠡ᠂ ᠨᠡᠶᠢᠭᠡᠮ ᠤᠨ ᠬᠠᠮᠢᠶᠠᠷᠤᠯᠲᠠ᠂ ᠠᠵᠦ ᠦᠢᠯᠡᠳᠪᠦᠷᠢ ᠠᠭᠤᠷᠬᠠᠢ   ᠶᠢᠨ ᠠᠵᠦ ᠠᠬᠤᠶᠢᠯᠠᠯ ᠵᠡᠷᠭᠡ ᠲᠤᠰᠬᠠᠢ ᠠᠵᠢᠯ ᠤᠨ ᠲᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠲᠠᠷᠠᠭ᠎ᠠ‌ᠤᠯᠠᠮ ᠨᠢᠭᠡ ᠠᠯᠬᠤᠮ ᠲᠡᠭᠦᠯᠳᠡᠷᠵᠢᠬᠦᠯᠥᠨ ᠰᠠᠶᠢᠵᠢᠷᠠᠭᠤᠯᠬᠤ᠂ ᠨᠠᠶᠢᠳᠠᠪᠦᠷᠢᠵᠢᠭᠤᠯᠥᠯᠲᠠ  ᠶᠢ ᠴᠢᠩᠭᠠᠳᠬᠠᠬᠤ ᠲᠠᠯ᠎ᠠ ᠪᠠᠷ ᠪᠤᠲᠠᠲᠠᠢ ᠰᠠᠨᠠᠯ ᠲᠤᠷᠠᠳᠤᠯᠭ᠎ᠠ ᠲᠤᠷᠠᠳᠤᠭᠰᠠᠨ ᠪᠠᠶᠢᠨ᠎ᠠ᠃      ᠬᠤᠷᠠᠯ ᠲᠡᠭᠡᠷ᠎ᠡ᠂ ᠡᠯ᠎ᠡ  ᠰᠠᠯᠠᠭ᠎ᠠ ᠮᠦᠴᠢᠷ᠂ ᠡᠯ᠎ᠡ ᠰᠤᠮᠤ ᠪᠠᠯᠭᠠᠰᠦ ᠤᠳᠤᠬᠠᠨ ᠤ ᠤᠷᠤᠰᠢᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠲᠤᠷᠠᠳᠴᠦ᠂ᠲᠡᠳ᠋ ᠶᠡᠷᠦᠩᠭᠡᠢ ᠵᠢᠯᠦᠭᠤᠳᠤᠭᠴᠢ ᠨᠠᠷ ᠦᠪᠡᠷ ᠦᠪᠡᠷ ᠤᠨ ᠬᠠᠷᠠᠭᠠᠰᠦ ᠠᠴᠠ ᠢᠶᠠᠨ ᠰᠠᠨᠠᠯ ᠲᠤᠷᠠᠳᠤᠯᠭ᠎ᠠ ᠪᠠᠨ ᠶᠠᠷᠢᠭᠰᠠᠨ ᠪᠠᠶᠢᠨ᠎ᠠ᠃     ᠮᠦᠡᠭᠭᠦᠨᠱᠠ ᠵᠢᠭᠠᠬᠤ ᠳᠠᠭᠠᠨ᠂ ᠤᠳᠤᠬᠠᠨ ᠳᠤ ᠤᠯᠤᠰ ᠤᠨ ᠲᠤᠳᠤᠭᠠᠲᠦ ᠶᠢᠨ  ᠲᠤᠬᠠᠢ ᠶᠢᠨ ᠭᠠᠵᠠᠷ ‍ᠤᠨ‌‍ᠭᠢᠵᠢᠭ ᠤᠨ ᠪᠠᠶᠢᠳᠠᠯ ᠦᠷᠭᠦᠯᠵᠢᠯᠡᠵᠦ᠂ ᠴᠠᠭᠠᠨ ᠰᠠᠷ᠎ᠠ ᠶᠢᠨ ᠪᠠᠶᠠᠷ ᠤᠶᠢᠷᠠᠳᠤᠭᠰᠠᠨ ᠠᠴᠠ ᠬᠦᠮᠦᠨ ᠠᠮᠠ ᠶᠢᠨ ᠨᠡᠭᠦᠳᠡᠯ ᠪᠤᠯᠥᠨ ᠪᠤᠳᠠᠰ ᠤᠨ ᠭᠦᠢᠯᠭᠡᠭᠡᠨ ᠤᠯᠠᠰᠢᠷᠠᠭᠰᠠᠨ ᠠᠴᠠ ᠬᠢᠵᠢᠭ ᠢ ᠰᠡᠷᠭᠡᠶᠢᠯᠡᠨ ᠬᠤᠷᠢᠭᠯᠠᠬᠤ ᠪᠠᠶᠢᠳᠠᠯ ᠪᠤᠳᠤᠯᠢᠶᠠᠨ ᠲᠠᠢ ᠪᠠᠶᠢᠨ᠎ᠠ᠃ ᠡᠯ᠎ᠡ ᠲᠤᠰᠬᠠᠢ ᠠᠵᠢᠯ ᠤᠨ ᠲᠤᠭᠤᠶᠢᠯᠠᠩ᠂ ᠡᠯ᠎ᠡ ᠰᠤᠮᠤ ᠪᠠᠯᠭᠠᠰᠤ ᠤᠯᠠᠮ ᠨᠢᠭᠡ ᠠᠯᠬᠤᠮ ᠤᠯᠤᠰ ᠲᠦᠷᠦ ᠶᠢᠨ ᠲᠠᠨᠢᠯᠲᠠ ᠪᠠᠨ ᠲᠡᠭᠡᠭᠰᠢᠯᠡᠬᠦᠯᠵᠦ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠢᠭᠠᠪᠦᠷᠢ ᠴᠤᠬᠤᠯᠪᠦᠷᠢ ᠶᠢᠨ ᠵᠤᠷᠢᠭ ᠰᠠᠨᠠᠭ᠎ᠠ ᠶᠢ ᠬᠦᠨᠵᠡᠭᠡᠢ  ᠰᠤᠷᠤᠯᠴᠠᠨ ᠲᠤᠤᠱᠯᠠᠭᠤᠯᠵᠦ᠂ ᠬᠠᠷᠢᠭᠤᠴᠠᠯᠭᠠᠲᠦ ᠰᠡᠳᠬᠢᠯᠭᠡ ᠪᠠ ᠰᠤᠨᠤᠷ ᠰᠡᠷᠡᠮᠵᠢ ᠶᠢᠨ ᠰᠡᠳᠬᠢᠯᠬᠡ ᠪᠠᠨ ᠲᠠᠰᠤᠷᠠᠯᠲᠠ ᠦᠭᠡᠢ  ᠲᠡᠭᠡᠭᠰᠢᠯᠡᠬᠦᠯᠦᠨ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠᠶᠢᠷᠢᠯᠠᠭᠤᠯᠥᠯᠲᠠ ᠶᠢ ᠨᠠᠶᠢᠳᠠᠪᠦᠷᠢᠵᠢᠭᠤᠯᠦᠨ ᠲᠤᠤᠱᠯᠠᠭᠤᠯᠬᠤ  ᠭᠡᠷᠡᠭᠲᠠᠢ ᠭᠡᠵᠠᠢ᠃    ᠲᠡᠷᠡ ᠱᠠᠭᠠᠷᠳᠠᠬᠤ ᠳᠠᠭᠠᠨ᠂ ᠲᠤᠮᠤ  ᠳ᠋ᠠᠶᠢᠲ᠋ᠠ ᠪᠠᠷ ᠬᠦᠮᠦᠨ ᠠᠮᠠ ᠶᠢ ᠬᠠᠮᠢᠶᠠᠷᠤᠬᠤ ᠵᠢᠴᠢ ᠲᠤᠬᠠᠢ ᠶᠢᠨ ᠭᠠᠵᠠᠷ ᠤᠨ  ᠬᠦᠮᠦᠨ ᠠᠮᠠ ᠵᠢᠨ‌‍ᠪᠠᠶᠢᠴᠠᠭᠠᠯᠲᠠ ᠶᠢᠨ ᠠᠵᠢᠯ ᠢ ᠴᠢᠩᠭ᠎ᠠ ᠠᠳᠬᠤᠬᠤ ᠭᠡᠷᠡᠭᠲᠠᠢ᠃  ᠬᠤᠰᠢᠭᠤ  ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ‌ᠵᠢᠯᠥᠭᠤᠳᠬᠤ ᠭᠡᠯᠳᠡᠰ ᠤᠨ ᠡᠯ᠎ᠡ ᠲᠤᠰᠬᠠᠢ ᠠᠵᠢᠯ ᠤᠨ ᠲᠤᠭᠤᠶᠢᠯᠠᠩ ᠨᠢ ᠬᠠᠮᠲᠦ ᠪᠠᠷ ᠬᠠᠮᠳᠤᠷᠠᠯᠴᠠᠨ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠪᠠᠶᠢᠷᠢᠯᠠᠭᠤᠯᠥᠯᠲᠠ ᠱᠠᠭᠠᠷᠳᠠᠯᠭ᠎ᠠ ᠶᠤᠰᠤᠭᠠᠷ ᠮᠠᠨ ᠤ ᠬᠤᠰᠢᠭᠤᠨ ᠤ ᠪᠠᠨ ᠪᠤᠲᠠᠲᠤ ᠪᠠᠶᠢᠳᠠᠯ ᠲᠠᠢ ᠪᠠᠨ ᠤᠶᠠᠯᠳᠠᠭᠤᠯᠵᠦ᠂ ᠭᠠᠳᠠᠷ ᠤᠷᠤᠨ ᠪᠤᠯᠥᠨ ᠲᠤᠮᠳᠠ ᠶᠡᠭᠡ ᠲᠡᠰ ᠤᠨ ᠲᠦᠭᠰᠢᠭᠦᠷᠲᠦ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ  ᠬᠦᠮᠦᠨ ᠠᠮᠠ   ᠶᠢᠨ ᠰᠤᠷᠠᠭ ᠵᠠᠩᠬᠢ ᠶᠢᠨ ᠪᠠᠶᠢᠴᠠᠭᠠᠯᠲᠠ ᠬᠠᠮᠢᠶᠠᠷᠤᠯᠲᠠ᠂ ᠲᠤᠬᠠᠢ ᠶᠢᠨ ᠭᠠᠵᠠᠷ ᠤᠨ ᠬᠦᠮᠦᠨ  ᠠᠮᠠ ᠶᠢᠨ ᠪᠠᠶᠢᠴᠠᠭᠠᠯᠲᠠ᠂ ᠭᠤᠤᠯᠳᠠᠯᠭ᠎ᠠ ᠲᠠᠢ ᠬᠦᠮᠦᠰ ᠢ  ᠬᠠᠮᠢᠶᠠᠷᠬᠤ ᠠᠵᠢᠯ ᠢ ᠰᠠᠶᠢᠳᠦᠷ ᠬᠢᠬᠦ ᠭᠡᠷᠡᠭᠲᠠᠢ᠃ ᠡᠯ᠎ᠡ ᠰᠤᠮᠤ ᠪᠠᠯᠭᠠᠰᠤ ᠲᠤᠤᠷᠴᠢᠯᠠᠭᠰᠠᠨ ᠬᠠᠮᠢᠶᠠᠷᠤᠯᠲᠠ ᠶᠢᠨ ᠭᠡᠰᠢᠭᠦᠳ ᠤᠨ ᠦᠢᠯᠡᠳᠦᠯ ᠢ ᠭᠦᠢᠴᠡᠳ  ᠪᠠᠳᠠᠷᠠᠭᠤᠯᠥᠨ  ᠂ ᠡᠯ᠎ᠡ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠳᠠᠨ ᠢ ᠵᠤᠬᠢᠶᠠᠨ ᠪᠠᠶᠢᠭᠤᠯᠵᠦ᠂ ᠴᠠᠭ ᠲᠤᠬᠠᠢ ᠳᠤ ᠨᠢ ᠲᠤᠬᠠᠢ ᠭᠠᠵᠠᠷ ᠤᠨ ᠬᠦᠮᠦᠨ ᠠᠮᠠ ᠶᠢᠨ ᠪᠠᠶᠢᠴᠠᠭᠠᠯᠲᠠ ᠬᠢᠵᠦ᠂  ᠭᠠᠳᠠᠷ ᠤᠷᠤᠨ ᠠᠴᠠ ᠮᠠᠨ ᠤ  ᠬᠤᠰᠢᠭᠤᠨ ᠳᠤ ᠢᠷᠡᠭᠰᠡᠨ ᠬᠦᠮᠦᠨ ᠢ ᠭᠠᠴᠠᠭ᠎ᠠ ᠨᠡᠶᠢᠭᠡᠮ ᠲᠤᠭᠤᠷᠢᠭ ᠳᠤ ᠮᠡᠳᠡᠭᠦᠯᠬᠦ ᠶᠢ ᠤᠬᠠᠭᠤᠯᠥᠨ ᠲᠠᠶᠢᠴᠢᠯᠠᠵᠦ᠂ ᠬᠠᠮᠢᠶᠠᠲᠠᠢ ᠬᠠᠮᠢᠶᠠᠷᠤᠨ ᠡᠵᠡᠮᠳᠡᠬᠦ ᠲᠤᠭᠳᠠᠯᠴᠠᠭ᠎ᠠ ᠶᠢ ᠨᠠᠶᠢᠳᠠᠪᠦᠷᠢᠵᠢᠭᠤᠯᠬᠤ ᠭᠡᠷᠡᠭᠲᠠᠢ᠃ ᠠᠵᠦ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ   ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠭᠤᠤᠯᠳᠠᠯᠭ᠎ᠠ ᠲᠠᠢ  ᠠᠳᠬᠤᠵᠦ᠂ᠠᠵᠦ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ   ᠤᠨ  ᠲᠤᠰᠬᠠᠢ ᠠᠵᠢᠯ ᠤᠨ ᠲᠤᠭᠤᠶᠢᠯᠠᠩ ᠠᠵᠦ ᠠᠬᠤᠶᠢᠯᠠᠯ ᠤᠨ ᠠᠵᠢᠯᠳᠠᠳ ᠵᠢᠴᠢ  ᠪᠠᠷᠢᠯᠭ᠎ᠠ ᠶᠢᠨ ᠪᠠᠶᠢᠭᠤᠯᠥᠮᠵᠢ ᠶᠢᠨ ᠠᠵᠢᠯᠳᠠᠳ ᠢ ᠬᠠᠮᠢᠶᠠᠷᠤᠨ ᠡᠵᠡᠮᠳᠡᠬᠦ ᠬᠦᠴᠦᠯᠡᠴᠡ ᠪᠠᠨ ᠨᠡᠮᠡᠭᠳᠡᠭᠦᠯᠵᠦ᠂ ᠠᠵᠦ ᠠᠬᠤᠶᠢᠯᠠᠯ   ᠤᠨ ᠠᠵᠢᠯᠲᠠᠨ ᠤ ᠭᠠᠷᠴᠦ ᠤᠷᠤᠬᠤ  ᠬᠠᠮᠢᠶᠠᠷᠤᠯᠳᠠ᠂ ᠰᠤᠷᠠᠭ ᠵᠠᠩᠬᠢ ᠶᠢᠨ ᠲᠠᠩᠰᠠᠯᠠᠯᠲᠠ  ᠪᠤᠯᠥᠨ ᠡᠲᠤᠷ ᠲᠤᠲᠤᠮ ᠤᠨ ᠪᠡᠶ᠎ᠡ   ᠶᠢᠨ ᠡᠷᠡᠭᠦᠯ ᠮᠡᠨᠳᠦ ᠶᠢᠨ ᠪᠠᠶᠢᠴᠠᠭᠠᠯᠳᠠ  ᠶᠢᠨ ᠠᠵᠢᠯ ᠢ ᠱᠠᠭᠠᠷᠳᠠᠵᠦ ᠪᠠᠶᠢᠭᠠᠳ ᠰᠠᠶᠢᠳᠦᠷ ᠬᠢᠬᠦ ᠭᠡᠷᠡᠭᠲᠠᠢ  ᠃  ᠨᠡᠶᠢᠭᠡᠮ ᠨᠡᠶᠢᠲᠡ ᠶᠢᠨ ᠬᠠᠮᠢᠶᠠᠷᠤᠨ ᠡᠵᠡᠮᠳᠡᠬᠦ ᠠᠵᠢᠯ ᠢ  ᠴᠢᠩᠭᠠᠳᠬᠠᠵᠦ᠂ᠪᠠᠭᠤᠳᠠᠯ᠂ ᠴᠢᠯᠦᠭᠡᠲᠦ ᠲᠡᠯᠭᠡᠭᠦᠷ  ᠵᠡᠷᠭᠡ ᠭᠤᠤᠯᠳᠠᠯᠭ᠎ᠠ ᠲᠠᠢ ᠤᠯᠠᠨ ᠨᠡᠶᠢᠳᠡ ᠶᠢᠨ ᠭᠠᠵᠠᠷ ᠤᠨ ᠬᠠᠮᠢᠠᠶ᠋ᠷᠤᠯᠲᠠ ᠪᠠᠨ  ᠴᠢᠩᠭᠠᠳᠬᠠᠬᠤ ᠭᠡᠷᠡᠭᠲᠠᠢ᠃ ᠰᠢᠨᠵᠢᠯᠡᠬᠦ ᠤᠬᠠᠭᠠᠨᠴᠢ  ᠪᠠᠷ‌ᠬᠠᠮᠢᠶᠠᠲᠠᠢ ᠪᠠᠴᠢᠮ ᠢ ᠠᠷᠭᠠᠴᠠᠭᠠᠬᠤ ᠲᠦᠰᠦᠪ ᠲᠤᠭᠳᠠᠭᠠᠵᠦ᠂ ᠠᠵᠢᠯᠳᠠᠨ᠂ ᠮᠡᠷᠭᠡᠵᠢᠯ᠂ ᠡᠳ᠋ ᠪᠤᠳᠠᠰ᠂ ᠲᠤᠰᠭᠠᠷᠯᠠᠬᠤ ᠲᠠᠯᠠᠪᠦᠷ  ᠵᠡᠷᠭᠡ  ᠪᠡᠯᠡᠳᠭᠡᠯ ᠠᠵᠢᠯ ᠢ ᠰᠠᠶᠢᠳᠦᠷ ᠬᠢᠬᠦ  ᠭᠡᠷᠡᠭᠲᠠᠢ᠃ ᠶᠡᠷᠦᠩᠭᠡᠢ ᠲᠤᠰᠬᠠᠢ ᠠᠵᠢᠯ ᠤᠨ ᠲᠤᠭᠤᠶᠢᠯᠠᠩ ᠨᠢ ︽ᠰᠠᠨᠠᠭᠤᠯᠥᠨᠮᠵᠢ ᠶᠢᠨ  ᠴᠢᠨᠠᠷᠲᠠᠢ ᠵᠠᠬᠢᠳᠠᠯ︾   ᠤᠨ ᠠᠵᠢᠯ ᠤᠨ ᠲᠤᠭᠳᠠᠯᠠᠴᠠᠭ᠎ᠠ ᠶᠢ ᠪᠠᠶᠢᠭᠤᠯᠵᠦ᠂ ︽ᠰᠠᠨᠠᠭᠤᠯᠥᠨᠮᠵᠢ  ᠶᠢᠨ ᠴᠢᠨᠠᠷᠲᠠᠢ ᠵᠠᠬᠢᠳᠠᠯ︾ ᠢᠯᠡᠭᠡᠭᠦ   ᠬᠡᠯᠪᠡᠷᠢ ᠪᠠᠷ ᠲᠡᠰ ᠲᠡᠰ ᠪᠠᠷ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠥᠯᠲᠠ  ᠶᠢ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠥᠯᠲᠠ ᠶᠢ ᠤᠯᠠᠮ ᠨᠢᠭᠡ ᠠᠯᠬᠤᠮ ᠠᠬᠢᠭᠤᠯᠬᠤ ᠭᠡᠷᠡᠭᠲᠠᠢ᠃  ᠤᠬᠠᠭᠤᠯᠭ᠎ᠠ ᠶᠢᠨ ᠲᠤᠰᠬᠠᠢ ᠠᠵᠢᠯ  ᠤᠨ ᠲᠤᠭᠤᠶᠢᠯᠠᠩ ᠨᠢ ᠤᠬᠠᠭᠤᠯᠭ᠎ᠠ ᠰᠤᠷᠳᠠᠯᠴᠢᠯᠠᠭ᠎ᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠶᠠᠷᠢᠶ᠎ᠠ ᠭᠡᠯᠡᠯᠴᠡᠭᠡᠨ  ᠤ ᠤᠳᠤᠷᠢᠳᠤᠮᠵᠢ ᠪᠠᠨ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠤᠬᠠᠭᠤᠯᠭ᠎ᠠ ᠰᠤᠷᠳᠠᠯᠴᠢᠯᠠᠭ᠎ᠠ᠂ ᠶᠠᠷᠢᠶ᠎ᠠ ᠭᠡᠯᠡᠯᠴᠡᠭᠡᠨ ᠤ ᠠᠵᠢᠯ ᠢ ᠰᠠᠶᠢᠳᠦᠷ ᠬᠢᠬᠦ ᠭᠡᠷᠡᠭᠲᠠᠢ  ᠬᠡᠵᠠᠢ᠃      ᠲᠡᠷᠡ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠨᠢ ᠨᠢᠭᠡ ᠬᠤᠶᠠᠷ ᠪᠠᠶᠢᠭᠤᠯᠭ᠎ᠠ ᠨᠢᠭᠡᠴᠡ ᠶᠢᠨ ᠶᠠᠪᠤᠳᠠᠯ ᠪᠢᠰᠢ᠂ ᠴᠢᠩᠭ᠎ᠠ ᠨᠢᠠᠠᠳᠠ ᠰᠡᠷᠭᠡᠶᠢᠯᠡᠨ ᠬᠤᠷᠢᠭᠯᠠᠬᠤ ᠰᠢᠰᠲ᠋ᠧᠮ ᠪᠤᠯᠬᠤ  ᠪᠠᠷ ᠪᠠᠷᠠᠬᠤ ᠦᠭᠡᠢ ᠬᠠᠮᠢᠶᠠᠷᠤᠯᠲᠠ ᠶᠢᠨ ᠠᠵᠢᠯ ᠤᠨ ᠡᠯ᠎ᠡ ᠲᠠᠯ᠎ᠠ ᠲᠠᠢ ᠬᠤᠯᠪᠤᠭᠳᠠᠬᠤ ᠪᠤᠯᠬᠤᠷ ᠢᠶᠠᠷ ᠡᠯ᠎ᠡ ᠲᠠᠯ᠎ᠠ ᠴᠦ ᠬᠠᠮᠵᠢᠯᠴᠠᠭ᠎ᠠ ᠪᠠᠶᠢᠬᠤ ᠭᠡᠷᠡᠭᠲᠠᠢ᠃ ᠡᠯ᠎ᠡ ᠲᠤᠰᠬᠠᠢ ᠠᠵᠢᠯ ᠤᠨ ᠲᠤᠭᠤᠶᠢᠯᠠᠩ᠂ ᠡᠯ᠎ᠡ ᠰᠤᠮᠤ ᠪᠠᠯᠭᠠᠰᠤ᠂ ᠬᠠᠮᠢᠶᠠᠲᠠᠢ ᠰᠠᠯᠠᠭ᠎ᠠ ᠮᠦᠴᠢᠷ ᠨᠢ  ᠴᠢᠬᠤᠯᠠᠴᠢᠯᠠᠨ ᠦᠵᠡᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠳᠦᠷ ᠭᠦᠢᠴᠡᠳᠭᠡᠵᠦ᠂  ᠬᠠᠷᠢᠯᠴᠠᠭ᠎ᠠ ᠦᠢᠯᠭᠠᠯᠴᠠᠭ᠎ᠠ ᠪᠠᠨ ᠴᠢᠩᠭᠠᠳᠬᠠᠵᠦ᠂ ᠡᠯ᠎ᠡ ᠲᠦᠷᠦᠯ ᠤᠨ ᠠᠵᠢᠯ ᠡᠭᠦᠷᠭᠡ ᠶᠢ ᠨᠢᠭᠡᠳᠦᠯᠲᠠᠢ ᠠᠬᠢᠭᠤᠯᠵᠦ᠂ ᠡᠯ᠎ᠡ ᠭᠤᠭᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ  ᠠᠪᠴᠢᠯ   ᠢ ᠨᠠᠶᠢᠳᠠᠪᠦᠷᠢᠵᠢᠭᠤᠯᠬᠤ ᠭᠡᠷᠡᠭᠲᠠᠢ ᠭᠡᠵᠠᠢ᠃      ᠬᠤᠰᠢᠭᠤ ᠲᠡᠳ᠋ ᠲᠠᠷᠤᠭ᠎ᠠ ᠵᠢᠶᠠ  ᠶᠥᠩ ᠰᠢᠶᠠ ᠭᠤᠤᠯᠳᠠᠭ᠎ᠠ ᠲᠠᠢ  ᠰᠡᠷᠭᠡᠶᠢᠯᠡᠨ ᠬᠤᠷᠢᠭᠯᠠᠬᠤ ᠠᠵᠢᠯ   ᠳᠤ ᠪᠤᠲᠠᠲᠠᠢ ᠪᠠᠶᠢᠷᠢᠯᠠᠭᠤᠯᠥᠯᠲᠠ ᠬᠢᠵᠠᠢ᠃ ᠲᠡᠷᠡ ᠱᠠᠭᠠᠷᠳᠠᠬᠤ ᠳᠠᠭᠠᠨ ᠭᠤᠤᠯᠳᠠᠯᠭ᠎ᠠ ᠲᠠᠢ ᠬᠦᠮᠦᠨ ᠠᠮᠠ ᠶᠢᠨ ᠬᠠᠮᠢᠶᠠᠷᠤᠯᠲᠠ ᠪᠠᠶᠢᠴᠠᠭᠠᠯᠲᠠ᠂ ᠭᠤᠤᠯᠳᠠᠯᠭ᠎ᠠ ᠲᠠᠢ ᠠᠵᠢᠯ ᠲᠦᠷᠦᠯ᠂ ᠬᠦᠮᠦᠨ ᠠᠮᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ᠂ ᠤᠬᠠᠭᠤᠯᠬ᠎ᠠ ᠰᠤᠷᠳᠠᠯᠴᠢᠯᠠᠭ᠎ᠠ ᠶᠢᠨ ᠠᠵᠢᠯ ᠶᠢ ᠰᠠᠶᠢᠳᠦᠷ ᠬᠢᠵᠦ᠂ ᠭᠠᠴᠠᠭ᠎ᠠ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠬᠠᠯᠠᠬᠤ ᠠᠵᠢᠯ ᠤᠨ ᠭᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ   ᠢ  ᠴᠢᠩᠭᠠᠳᠬᠠᠵᠦ᠂ ᠪᠠᠴᠢᠮ ᠢ ᠠᠷᠭᠠᠴᠠᠭᠠᠬᠤ  ᠪᠡᠯᠡᠳᠭᠡᠯ ᠠᠵᠢᠯ ᠢ ᠰᠠᠶᠢᠳᠦᠷ ᠬᠢᠬᠦ ᠭᠡᠷᠡᠭᠲᠠᠢ ᠬᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号