ᠣᠯᠣᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠬᠤᠶᠠᠳᠣᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠡᠰᠢᠭᠦᠳ ᠤᠨ ᠠᠷᠪᠠ ᠶᠢᠰᠦᠳᠦᠭᠡᠷ ᠣᠳᠠᠭᠠᠨ ᠤ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2021/1/13
    ᠣᠯᠣᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠬᠤᠶᠠᠳᠣᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠡᠰᠢᠭᠦᠳ ᠤᠨ ᠠᠷᠪᠠ ᠶᠢᠰᠦᠳᠦᠭᠡᠷ ᠣᠳᠠᠭᠠᠨ ᠤ ᠬᠤᠷᠠᠯ ᠬᠤᠷᠠᠯᠳᠣᠭᠰᠠᠨ                                    1 ᠰᠠᠷ᠎ᠠ ᠶᠢᠨ 11 ᠤ ᠡᠳᠦᠷ᠂ ᠣᠯᠣᠰ ᠲᠦᠷᠦ ᠶᠢᠨ ᠵᠦᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ  ᠤ ᠠᠷᠪᠠᠨ ᠬᠤᠶᠠᠳᠣᠭᠠᠷ ᠬᠤᠭᠤᠴᠠᠭᠠᠨ ᠤ ᠬᠤᠷᠢᠶ᠎ᠠ ᠶᠢᠨ  ᠪᠠᠶᠢᠩᠭᠤ ᠶᠢᠨ ᠬᠤᠷᠢᠶᠠᠨ ᠤ ᠬᠡᠰᠢᠭᠦᠳ ᠤᠨ ᠠᠷᠪᠠ ᠶᠢᠰᠦᠳᠦᠭᠡᠷ ᠣᠳᠠᠭᠠᠨ ᠤ ᠬᠤᠷᠠᠯ ᠬᠤᠷᠠᠯᠳᠣᠪᠠ᠃ᠪᠠᠷᠠᠭᠤᠨ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠣᠭᠤᠶᠢᠯᠠᠩ ᠤᠨ ᠱᠦᠵᠢ᠂ ᠲᠡᠷᠢᠭᠦᠯᠡᠭᠴᠢ ᠪᠣᠯᠣᠳ᠂ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠠᠷᠠᠨᠳᠣᠶᠠᠭ᠎ᠠ᠂ ᠶᠣᠣ ᠬᠠᠢ ᠮᠢᠩ᠂ ᠪᠢᠯᠢᠭ᠂  ᠨᠠᠷᠢᠨ ᠪᠢᠴᠢᠭ ᠤᠨ ᠲᠠᠷᠤᠭ᠎ᠠ ᠥᠷᠭᠡᠨᠳᠡᠯᠡᠢ ᠵᠢᠴᠢ ᠪᠠᠶᠢᠩᠭᠤ ᠶᠢᠨ ᠬᠡᠰᠢᠭᠦᠳ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠠᠷᠣᠨᠲ ᠤᠨ ᠬᠡᠯᠳᠡᠰ ᠤᠨ ᠲᠠᠷᠤᠭ᠎ᠠ᠂ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠣᠭᠤᠶᠢᠯᠠᠩ ᠤᠨ ᠳᠡᠳ᠋ ᠱᠦᠵᠢ ᠡᠦ ᡁᠢ ᠴᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠠᠰᠠᠭ ᠤᠨ ᠣᠷᠳᠣᠨ ᠤ ᠬᠤᠰᠢᠭᠤ  ᠳᠡᠳ᠋ ᠲᠠᠷᠤᠭ᠎ᠠ ᠬᠦᠸᠧ ᠮᠢᠨ ᠣᠷᠢᠯᠭ᠎ᠠ ᠪᠠᠷ ᠬᠤᠷᠠᠯ ᠳᠤ ᠣᠷᠣᠯᠴᠠᠵᠠᠢ᠃     ᠬᠤᠷᠠᠯ ᠳᠤ᠂ ︽ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠬᠠᠮᠳᠣ ᠶᠢᠨ ᠲᠠᠨᠢᠯᠳᠠ ᠪᠠᠨ ᠨᠢᠭᠡᠳᠬᠡᠬᠦ  ᠠᠵᠢᠯ   ᠢ  ᠴᠢᠩᠭᠠᠳᠬᠠᠬᠤ ᠪᠠ  ᠠᠬᠢᠭᠤᠯᠬᠤ ᠰᠠᠨᠠᠯ﹀ ᠤᠨ ᠵᠣᠷᠢᠭ ᠰᠠᠨᠠᠭ᠎ᠠ ᠶᠢ ᠣᠯᠠᠮᠵᠢᠯᠠᠵᠣ᠂ ︿ᠵᠠᠰᠠᠭ ᠤᠨ ᠣᠷᠳᠣᠨ ᠤ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠡᠪᠰᠢᠭᠦᠯᠦᠭᠰᠡᠨ ᠰᠠᠨᠠᠯ ᠰᠠᠨᠠᠭᠤᠯᠭ᠎ᠠ ᠶᠢ ᠬᠦᠯᠢᠶᠡᠨ ᠠᠪᠴᠦ ᠰᠢᠢᠳᠪᠦᠷᠢᠯᠡᠭᠰᠡᠨ ᠠᠵᠢᠯ ᠤᠨ ᠮᠡᠳᠡᠭᠦᠯᠦᠯᠳᠡ  ︾ ᠶᠢ ᠰᠣᠨᠣᠰᠴᠣ ︽ᠪᠠᠷᠠᠭᠤᠨ ᠦᠵᠦᠮᠦᠴᠢᠨ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ  ︿ᠬᠤᠰᠢᠭᠤ ᠲᠡᠰ ᠤᠨ  ᠡᠮᠴᠢᠯᠡᠭᠡᠨ ᠤ ᠴᠢᠳᠡᠪᠦᠷᠢ ᠶᠢᠨ ᠪᠦᠳᠦᠭᠡᠨ ᠪᠠᠶᠢᠭᠤᠯᠣᠯᠲᠠ   ᠶᠢ ᠴᠢᠩᠭᠠᠳᠬᠠᠨ᠂ ᠮᠣᠩᠭᠤᠯ ᠬᠢᠳᠡᠳ ᠡᠮᠨᠡᠯᠭᠡ ᠶᠢᠨ ᠡᠮᠴᠢᠯᠡᠬᠡᠨ ᠤ ᠬᠢᠷᠢ ᠲᠦᠪᠰᠢᠨ   ᠢ ᠨᠡᠶᠢᠳᠡᠮ ᠲᠡᠭᠰᠢᠯᠡᠬᠦᠯᠬᠦ  ﹀ ᠲᠣᠰᠠᠬᠠᠢ  ᠰᠡᠳᠦᠪ ᠢ ᠵᠦᠪᠡᠯᠡᠭᠰᠡᠨ ᠦᠷ᠎ᠡ ᠳ᠋ᠦᠩ︾᠂  ︽ᠬᠤᠰᠢᠭᠤ ᠣᠯᠣᠰ ᠲᠦᠷᠦ ᠶᠢᠨ ᠵᠦᠪᠯᠡᠯᠭᠡᠨ ᠤ ︿ᠦᠨᠳᠦᠰᠦᠲᠡᠨ ᠤ ᠣᠨᠴᠠᠯᠢᠭᠳᠣ ᠬᠤᠳᠠᠯᠳᠣᠭᠠᠨ ᠤ ᠵᠡᠭᠡᠯᠢ ᠶᠢᠨ ᠬᠠᠮᠢᠶᠠᠷᠣᠯᠳᠠ   ᠶᠢ ᠲᠦᠷᠢᠮᠵᠢᠭᠦᠯᠬᠦ ᠪᠠ ᠴᠢᠩᠭᠠᠳᠬᠠᠬᠤ﹀ ᠲᠣᠰᠠᠬᠠᠢ  ᠰᠡᠳᠦᠪ ᠢ ᠵᠦᠪᠡᠯᠡᠭᠰᠡᠨ ᠦᠷ᠎ᠡ ᠳ᠋ᠦᠩ﹀᠂ ︿ᠡᠯᠧᠺᠲᠷᠦᠨ ᠬᠤᠳᠠᠯᠳᠣᠭᠠᠨ ᠤ ᠪᠦᠳᠦᠭᠡᠭᠳᠡᠬᠦᠨ ᠤ ᠬᠠᠮᠢᠶᠠᠷᠣᠯᠳᠠ﹀ ᠶᠢᠨ ᠬᠠᠷᠠᠭᠠᠯᠵᠠᠭᠰᠠᠨ ᠰᠠᠨᠠᠯ︾  ᠂ ︽ᠮᠠᠯᠵᠢᠬᠤ ᠣᠷᠣᠨ ᠤ ᠴᠠᠬᠢᠯᠭᠠᠨ ᠤ ᠠᠰᠠᠭᠤᠳᠠᠯ ᠢ ᠵᠣᠬᠢᠰᠳᠠᠢ ᠰᠢᠢᠳᠪᠦᠷᠢᠯᠡᠬᠦ﹀ ᠲᠣᠬᠠᠢ ᠰᠠᠨᠠᠯ︾᠂  ︽ᠳᠣᠮᠳᠠᠳᠣ ᠪᠠᠭ᠎ᠠ ᠰᠣᠷᠭᠠᠭᠤᠯᠢ  ᠶᠢᠨ  ᠰᠣᠷᠣᠭᠴᠢᠳ ᠤᠨ ᠰᠡᠳᠬᠢᠴᠡ   ᠶᠢᠨ ᠡᠷᠡᠭᠦᠯ ᠴᠢᠭᠢᠷᠠᠭ ᠢ ᠠᠬᠢᠭᠤᠯᠬᠤ ᠲᠣᠬᠠᠢ ᠰᠣᠳᠣᠯᠭᠠᠨ ᠤ ᠬᠠᠷᠢᠭᠤ ᠮᠡᠳᠡᠭᠦᠯᠦᠯᠲᠡ︾   ᠶᠢ ᠬᠢᠨᠡᠨ ᠪᠠᠳᠣᠯᠠᠭᠰᠠᠨ ᠪᠠᠶᠢᠨ᠎ᠠ᠃ ᠬᠡᠰᠡᠭ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠠᠵᠢᠯ ᠤᠨ ᠲᠣᠰᠢᠶᠠᠯ ᠤᠨ ᠲᠣᠭᠠᠴᠢᠯᠳᠠ ᠬᠢᠭᠰᠡᠨ ᠪᠠᠶᠢᠨ᠎ᠠ᠃     ᠪᠣᠯᠣᠳ ᠬᠤᠷᠠᠯ ᠲᠡᠭᠡᠷᠡᠬᠢ ᠶᠠᠷᠢᠶᠠᠨ ᠳᠠᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠠᠪᠣᠳᠣᠭᠠᠷ ᠪᠦᠭᠦᠳᠡ ᠬᠤᠷᠠᠯ᠂ ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠦᠪ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠵᠠᠭᠢᠷᠭ᠎ᠠ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠵᠣᠷᠢᠭ ᠰᠠᠨᠠᠭ᠎ᠠ ᠶᠢ  ᠰᠣᠷᠣᠯᠴᠠᠨ ᠲᠣᠣᠱᠯᠠᠭᠤᠯᠬᠤ ᠶᠢ ᠣᠳᠣ ᠪᠠ ᠲᠠᠷᠠᠭᠠᠴᠢ ᠶᠢᠨ ᠨᠢᠭᠡ ᠬᠤᠭᠤᠴᠠᠭᠠᠨ ᠤ ᠠᠵᠢᠯ ᠤᠨ ᠣᠯᠣᠰ ᠲᠦᠷᠦ ᠶᠢᠨ  ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠣ᠂ ᠬᠤᠷᠠᠯ  ᠤᠨ ᠵᠣᠷᠢᠭ ᠰᠠᠨᠠᠭ᠎ᠠ  ᠪᠠ ᠰᠢ ᠶᠢᠨ ᠫᠢᠩ  ᠶᠡᠷᠦᠩᠬᠡᠢ ᠱᠦᠵᠢ ᠶᠢᠨ ᠥᠪᠦᠷ ᠮᠣᠩᠭᠤᠯ ᠤᠨ ᠠᠵᠢᠯ ᠤᠨ ᠲᠣᠬᠠᠢ ᠴᠢᠬᠤᠯᠠ ᠵᠢᠭᠠᠪᠣᠷᠢ ᠴᠣᠬᠤᠯᠪᠣᠷᠢ ᠶᠢᠨ ᠵᠣᠷᠢᠭ ᠰᠠᠨᠠᠭ᠎ᠠ ᠶᠢ ᠰᠣᠷᠣᠯᠴᠠᠬᠤ   ᠶᠢ ᠣᠶᠠᠯᠳᠣᠭᠤᠯᠵᠣ᠂  ᠡᠬᠦᠷᠬᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠬᠦ ᠲᠠᠢ ᠣᠶᠠᠯᠳᠣᠭᠤᠯᠣᠨ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ  ᠤᠨ ᠡᠩᠨᠡᠭᠡᠨ ᠤ ᠪᠠᠶᠢᠭᠤᠯᠣᠯᠲᠠ ᠪᠠᠨ ᠴᠢᠩᠭᠠᠳᠬᠠᠨ᠂  ᠵᠢᠱᠢᠶᠡᠴᠢ ᠲᠠᠭᠠᠭᠤᠯᠬᠤ ᠦᠢᠯᠡᠳᠦᠯ ᠪᠠ ︿ᠵᠠᠩᠭᠢᠯᠠᠭ᠎ᠠ   ᠶᠢᠨ ᠪᠠᠭ᠎ᠠ ᠳᠣᠭᠠᠨ ᠤ ᠦᠢᠯᠡᠳᠦᠯ﹀ ᠢᠶᠠᠨ ᠪᠠᠳᠠᠷᠠᠭᠤᠯᠣᠨ᠂ ᠬᠡᠰᠢᠭᠦᠳ ᠤᠨ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ  ᠴᠢᠳᠡᠪᠦᠷᠢ ᠪᠠ ᠬᠢᠷᠢ ᠲᠦᠪᠰᠢᠨ ᠢ ᠲᠡᠭᠡᠭᠰᠢᠯᠡᠬᠦᠯᠦᠨ᠂ ᠣᠯᠣᠰ ᠲᠦᠷᠦ ᠶᠢᠨ ᠵᠦᠪᠯᠡᠯᠭᠡᠨ ᠤ ᠠᠵᠢᠯ  ᠤᠨ ᠦᠷ᠎ᠡ ᠪᠦᠳᠦᠮᠵᠢ ᠶᠢ ᠠᠬᠢᠭᠤᠯᠵᠣ ︿ᠠᠷᠪᠠᠨ ᠲᠦᠷᠪᠡᠳᠦᠭᠡᠷ ᠲᠠᠪᠣᠨ ᠵᠢᠯ ᠲᠦᠯᠦᠪᠵᠢᠭᠦᠯᠭᠡ﹀ ᠶᠢ  ᠬᠡᠷᠡᠭᠵᠢᠬᠦᠯᠬᠦ ᠳᠤ ᠣᠶᠣᠨ ᠣᠬᠠᠭᠠᠨ  ᠬᠦᠴᠦᠨ ᠴᠢᠳᠠᠯ ᠢᠶᠠᠨ ᠡᠷᠭᠦᠭᠦ ᠬᠡᠷᠡᠭᠲᠡᠢ᠃ ᠮᠥᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠦ᠂ ᠬᠢᠵᠢᠭ ᠤᠨ ᠲᠣᠬᠠᠢ ᠮᠡᠳᠡᠯᠭᠡ ᠶᠢᠨ ᠣᠬᠠᠭᠤᠯᠭ᠎ᠠ ᠶᠢ ᠰᠠᠶᠢᠳᠣᠷ ᠬᠢᠵᠣ ᠪᠠᠶᠢᠭᠤᠯᠣᠯᠭ᠎ᠠ ᠨᠢᠭᠡᠴᠡ ᠪᠠ ᠬᠤᠪᠢ ᠬᠦᠮᠦᠨ ᠤ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠲᠠ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号