ᠪᠠᠷᠠᠭᠤᠨ ᠦᠵᠦᠮᠦᠴᠢᠨ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠡᠷᠴᠢᠮᠲᠠᠢ ᠶᠠᠪᠤᠭᠳᠠᠵᠤ ᠪᠤᠢ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠯᠲᠡᠢ | ᠪᠠᠢᠷᠢᠯᠠᠭᠤᠯᠤᠯᠲᠠ ᠶᠣᠰᠣᠭᠠᠷ᠂ ᠪᠠᠷᠠᠭᠤᠨ ᠦᠵᠦᠮᠦᠴᠢᠨ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠬᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠤᠰᠠᠲᠠ᠂ | ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠡᠯ᠎ᠡ | ᠲᠥᠷᠥᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠨᠢ ᠬᠤᠭᠤᠴᠠᠭᠠᠬᠠᠯᠠᠬᠤ ᠠᠵᠢᠯ ᠢ ᠡᠮᠬᠢ | ᠳᠠᠷᠠᠭ᠎ᠠ ᠲᠠᠢ ᠠᠬᠢᠭᠤᠯᠬᠤ ᠳᠤ ᠪᠠᠳᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ | ᠡᠯ᠎ᠡ ᠰᠤᠮᠤ ᠪᠠᠯᠭᠠᠰᠤ ᠲᠠᠷᠤᠢ ᠲᠦᠷᠭᠡᠨ ᠬᠦᠳᠡᠯᠦᠯᠴᠡᠨ᠂ ᠤᠷᠢᠳ ᠬᠤᠵᠢᠳ ᠭᠠᠴᠠᠭ᠎ᠠ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠬᠠᠯᠠᠬᠤ ᠠᠵᠢᠯ ᠤᠨ ᠠᠬᠢᠴᠡ ᠶᠢᠨ ᠬᠤᠷᠠᠯ ᠢ | ᠬᠤᠷᠠᠯᠳᠤᠭᠤᠯᠤᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠤᠭᠤᠴᠠᠭ᠎ᠠ ᠬᠠᠯᠠᠬᠤ ᠠᠵᠢᠯ ᠤᠨ | ᠲᠤᠬᠠᠢ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠬᠠᠭᠤᠯᠤᠨ ᠰᠤᠷᠤᠯᠴᠠᠵᠤ᠂ ᠣᠳᠣᠬᠢ | ᠱᠠᠲᠤᠨ ᠤ ᠡᠯ᠎ᠡ ᠭᠠᠴᠠᠭᠠᠨ ᠤ ᠬᠤᠭᠤᠴᠠᠭ᠎ᠠ ᠬᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠤᠶᠢᠯᠠᠭᠠᠨ᠂ | ᠳᠠᠷᠠᠭᠠᠴᠢ ᠵᠢᠨᠠᠵᠢᠯ ᠢ ᠪᠠᠶᠢᠷᠢᠯᠠᠭᠤᠯᠵᠠᠢ᠃ | ᠡᠯ᠎ᠡ ᠭᠠᠴᠠᠭ᠎ᠠ ᠡᠷᠬᠡᠪᠰᠢ ᠲᠣᠭᠲᠠᠭᠰᠠᠨ ᠬᠤᠭᠤᠴᠠᠭᠠᠨ ᠳᠤ᠂ ᠬᠤᠭᠤᠴᠠᠭ᠎ᠠ ᠬᠠᠯᠠᠬᠤ ᠠᠵᠢᠯ ᠤᠨ ᠡᠯ᠎ᠡ | ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠭᠤᠴᠠᠭ᠎ᠠ ᠬᠠᠯᠠᠬᠤ ᠠᠵᠢᠯ ᠢ ᠵᠢᠯ ᠠᠴᠠ ᠡᠮᠦᠨ᠎ᠡ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤ ᠨᠠᠮ ᠤ᠋ᠨ | ᠬᠤᠷᠢᠶᠠᠨ ᠤ ᠤᠬᠠᠭᠤᠯᠬᠤ ᠬᠡᠯᠲᠡᠰ ᠤᠨ ᠪᠠᠭᠤᠯᠭᠠᠭᠰᠠᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ | ᠤᠨ ᠵᠣᠷᠢᠭ ᠰᠠᠨᠠᠭ᠎ᠠ ᠵᠢᠴᠢ ᠭᠠᠴᠠᠭ᠎ᠠ ᠂ ᠨᠡᠶᠢᠭᠡᠮ ᠲᠣᠭᠤᠷᠢᠭ ᠤᠨ ︿ᠬᠤᠶᠠᠷ ᠵᠥᠪᠯᠡᠯ ﹀ ᠤᠨ ᠬᠤᠭᠤᠴᠠᠭ᠎ᠠ | ᠬᠠᠯᠠᠬᠤ ᠠᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠲᠤᠬᠠᠢ ᠮᠡᠳᠡᠭᠳᠡᠯ ︾ ᠤᠨ ᠱᠠᠭᠠᠷᠳᠠᠯᠭ᠎ᠠ | ᠶᠣᠰᠣᠭᠠᠷ ᠬᠤᠭᠤᠴᠠᠭ᠎ᠠ ᠬᠠᠯᠠᠬᠤ ᠠᠵᠢᠯ ᠲᠠᠢ ᠤᠶᠠᠯᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠣᠣᠱᠯᠠᠭᠤᠯᠬᠤ ᠶᠢ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠢ ᠴᠢᠨᠠᠷᠯᠢᠭ ᠪᠡᠶᠡᠯᠡᠭᠦᠯᠬᠦ ᠠᠮᠢᠳᠤᠯᠢᠭ | ᠦᠢᠯᠡᠳᠦᠯᠭᠡ ᠪᠤᠯᠭᠠᠬᠤ ᠶᠢ ᠱᠠᠭᠠᠷᠳᠠᠵᠠᠢ᠃ | ᠤᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤ ᠨᠢ ᠴᠠᠭ ᠠᠭᠠᠷ ᠤᠨ ᠨᠦᠯᠦᠭᠡᠯᠡᠯ ᠠᠴᠠ ᠠᠭᠠᠷ ᠤᠨ | ᠲᠤᠯᠠᠭᠠᠨ ᠲᠡᠭ ᠠᠴᠠ ᠳᠣᠷᠣᠭᠰᠢ 40 ᠭᠷᠠᠳᠦ᠋ᠰ ᠲᠤ ᠬᠦᠷᠴᠦ ᠪᠠᠶᠢᠭᠰᠠᠨ ᠴᠦ᠂ ᠪᠦᠬᠦ ᠬᠤᠰᠢᠭᠤᠨ ᠤ ᠡᠯ᠎ᠡ ᠰᠤᠮᠤ | ᠪᠠᠯᠭᠠᠰᠤᠨ ᠤ ᠬᠠᠮᠢᠶ᠎ᠠ ᠪᠦᠬᠦᠢ ᠺᠠᠳ᠋ᠷ ᠠᠵᠢᠯᠲᠠᠳ᠂ ᠶᠠᠰᠤ ᠶᠠᠩᠭᠢᠨᠠᠮ᠎ᠠ ᠶᠢᠰᠦ ᠶᠢᠨ ᠬᠦᠢᠳᠡᠨ ᠢ ᠬᠠᠶᠢᠬᠤᠷᠤᠯ ᠦᠭᠡᠢ | ᠂ ᠰᠠᠯᠬᠢ ᠵᠢᠪᠡᠷ ᠢ ᠰᠦᠷᠦᠨ᠂ ᠰᠢᠷᠭᠠᠭᠠᠤ ᠬᠠᠳᠠᠭᠤᠵᠢᠯᠲᠠᠢ ᠲᠡᠮᠡᠴᠡᠨ᠂ ᠵᠤᠷᠢᠭᠰᠠᠨ ᠵᠦᠭ ᠲᠡᠭᠡᠨ ᠴᠤᠴᠠᠯᠲᠠ | ᠦᠭᠡᠢ ᠵᠢᠳᠬᠦᠬᠦ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠪᠦᠬᠦ ᠬᠤᠰᠢᠭᠤᠨ ᠤ | ᠬᠤᠭᠤᠴᠠᠭ᠎ᠠ ᠬᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ | ᠬᠠᠷᠢᠶ᠎ᠠ ᠲᠣᠭᠤᠷᠢᠭ ᠤᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ ︾ ᠤᠨ | ᠬᠤᠭᠤᠴᠠᠭ᠎ᠠ ᠬᠠᠯᠠᠬᠤ ᠰᠣᠩᠭᠤᠭᠤᠯᠢ ᠵᠢᠨᠠᠵᠢᠯ ᠤᠨ ᠪᠠᠶᠢᠷᠢ ᠶᠢᠨ ᠰᠣᠩᠭᠤᠭᠤᠯᠢ ᠳᠤ ᠣᠷᠣᠯᠴᠠᠬᠤ ᠬᠥᠮᠦᠰ ᠲᠤ | ᠵᠣᠬᠢᠶᠠᠨ ᠪᠠᠶᠢᠭᠤᠯᠤᠯᠲᠠ ᠠᠴᠠ ᠰᠢᠨᠵᠢᠯᠡᠨ ᠪᠠᠶᠢᠴᠠᠭᠠᠯᠲᠠ ᠬᠢᠵᠦ᠂ ᠰᠢᠨᠵᠢᠯᠡᠨ ᠪᠠᠶᠢᠴᠠᠭᠠᠬᠤ ᠲᠣᠭᠤᠶᠢᠯᠠᠩ ᠤᠨ | ᠬᠢᠨ ᠪᠦᠬᠦ ᠨᠠᠮ ᠤᠨ ᠭᠡᠰᠢᠭᠦᠨ ᠪᠠ ᠮᠠᠯᠴᠢᠳ ᠤᠨ ᠲᠥᠯᠥᠭᠡᠯᠡᠭᠴᠢᠳ ᠲᠤ ᠦᠨᠡᠯᠡᠯᠲᠡ ᠬᠢᠬᠦ᠂ ᠡᠷᠦᠬᠡ ᠳᠤ | ᠬᠦᠷᠴᠦ ᠰᠠᠨᠠᠯ ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠭᠠᠴᠠᠭ᠎ᠠ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠤᠨ ᠪᠠᠶᠢᠷᠢ ᠶᠢᠨ ᠰᠣᠩᠭᠤᠭᠤᠯᠢ ᠳᠤ | ᠣᠷᠣᠯᠴᠠᠬᠤ ᠬᠥᠮᠦᠰ ᠤᠨ ᠤᠯᠤᠰ ᠲᠥᠷᠥ ᠶᠢᠨ ᠵᠠᠩ ᠴᠢᠨᠠᠷ᠂ ᠶᠣᠰᠣ ᠮᠣᠷᠠᠯ᠂ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ᠂ ᠬᠠᠤᠯᠢ ᠰᠠᠬᠢᠯᠭ᠎ᠠ ᠶᠢ ᠵᠢᠷᠤᠮᠯᠠᠬᠤ᠂ ᠣᠪᠣᠷ ᠰᠤᠷᠲᠠᠯ ᠤᠨ ᠪᠠᠢᠭᠤᠯᠤᠯᠲᠠ ᠵᠡᠷᠭᠡ | ᠲᠠᠯ᠎ᠠ ᠳᠤ ᠠᠷᠠᠳᠴᠢᠯᠠᠯ ᠢᠶᠠᠷ ᠦᠨᠡᠯᠡᠯᠲᠡ ᠥᠭᠬᠦ ᠶᠢᠨ ᠬᠠᠮᠲᠤ ᠨᠠᠮ ᠤᠨ ᠭᠡᠰᠢᠭᠦᠨ ᠪᠠ ᠮᠠᠯᠴᠢᠳ ᠤᠨ | ᠲᠥᠯᠥᠭᠡᠯᠡᠭᠴᠢ ᠲᠠᠢ ᠨᠢᠭᠤᠷᠳᠠᠨ ᠶᠠᠷᠢᠯᠴᠠᠵᠤ᠂ ᠦᠷᠭᠡᠨ ᠤᠯᠠᠨ ᠮᠠᠯᠴᠢᠨ ᠲᠦᠮᠡᠨ ᠤ ᠵᠢᠱᠢᠭᠳᠡᠭᠰᠡᠳ ᠤᠨ ᠲᠤᠬᠠᠢ | ᠰᠠᠨᠠᠯ ᠰᠠᠨᠠᠭᠤᠯᠭ᠎ᠠ ᠶᠢ ᠰᠤᠨᠤᠰᠴᠤ᠂ ᠵᠢᠱᠢᠭᠳᠡᠭᠰᠡᠳ ᠤᠨ ᠠᠮᠢᠳᠤᠷᠠᠯ ᠤᠨ ᠤᠷᠴᠢᠨ ᠪᠤᠯᠤᠨ ᠨᠡᠶᠢᠭᠡᠮ ᠤᠨ | ᠬᠠᠷᠢᠴᠠᠭᠠᠨ ᠤ ᠪᠠᠶᠢᠳᠠᠯ ᠢ ᠣᠶᠢᠯᠠᠭᠠᠵᠤ᠂ ᠭᠠᠴᠠᠭ᠎ᠠ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ | ᠬᠤᠭᠤᠴᠠᠭ᠎ᠠ ᠬᠠᠯᠠᠬᠤ ᠠᠵᠢᠯ ᠤᠨ ᠤᠷᠤᠭᠰᠢᠲᠠᠢ ᠶᠠᠪᠤᠬᠳᠠᠬᠤ ᠳᠤ ᠰᠠᠭᠤᠷᠢ ᠲᠠᠯᠪᠢᠵᠤ ᠦᠭᠴᠠᠢ ᠃ |