ᠪᠣᠰᠣᠳ ᠢ ᠭᠤᠳᠣᠭᠠᠨ ᠲᠣᠷᠣᠮᠵᠢᠯᠠᠭᠰᠠᠨ ᠬᠡᠷᠡᠭ ᠢ ᠢᠯᠡᠴᠢᠯᠡᠪᠡ
ᠨᠡᠶᠢᠲᠡᠯᠡᠭᠰᠡᠨ ᠴᠠᠭ᠄
2021/1/18
       ᠪᠣᠰᠣᠳ ᠢ ᠭᠤᠳᠣᠭᠠᠨ ᠲᠣᠷᠣᠮᠵᠢᠯᠠᠭᠰᠠᠨ ᠬᠡᠷᠡᠭ ᠢ ᠢᠯᠡᠴᠢᠯᠡᠪᠡ    ᠣᠶᠢᠷ᠎ᠠ ᠶᠢᠨ ᠡᠳᠦᠷ ᠵᠢᠷ ᠤᠨ ᠭᠤᠣᠯ ᠪᠠᠯᠭᠠᠰᠣᠨ ᠤ ᠲᠣᠮᠢᠯᠠᠭᠰᠠᠨ ᠰᠠᠯᠪᠣᠷᠢ ᠨᠢ ᠠᠵᠢᠯ ᠤᠨ ᠡᠷᠴᠢᠮ ᠢᠶᠠᠨ  ᠴᠢᠩᠭᠠᠷᠠᠭᠤᠯᠣᠨ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ ᠬᠠᠮᠵᠢᠯᠴᠠᠬᠤ ᠦᠭᠡᠢ ᠪᠠᠶᠢᠭ᠎ᠠ ᠠᠵᠢᠯᠯᠠᠭ᠎ᠠ ᠳᠤ  ᠬᠠᠣᠯᠢ ᠶᠣᠰᠣᠭᠠᠷ ᠴᠣᠬᠢᠯᠳᠠ ᠦᠭᠭᠦᠭᠰᠡᠨ ᠪᠠᠶᠢᠨ᠎ᠠ᠃  1 ᠰᠠᠷ᠎ᠠ ᠶᠢᠨ 14 ᠤ ᠡᠳᠦᠷ ᠵᠢᠷ ᠤᠨ ᠭᠤᠣᠯ ᠪᠠᠯᠭᠠᠰᠣᠨ ᠤ ᠲᠣᠮᠢᠯᠠᠭᠰᠠᠨ ᠰᠠᠯᠪᠣᠷᠢ ᠨᠢ ᠬᠠᠦᠯᠢ ᠪᠣᠰᠣ ᠪᠠᠷ ᠪᠣᠰᠣᠳ ᠢ ᠭᠤᠳᠣᠭᠠᠨ ᠲᠣᠷᠣᠮᠵᠢᠯᠠᠭᠰᠡᠨ ᠪᠦ᠊ ᠣᠪᠤᠭᠳᠤ ᠶᠢ ᠬᠠᠦᠯᠢ ᠶᠣᠰᠣᠭᠠᠷ 5 ᠡᠳᠦᠷ ᠤᠨ ᠬᠤᠭᠤᠴᠠᠭ᠎ᠠ ᠲᠠᠢ ᠬᠤᠷᠢᠬᠤ ᠪᠠᠷ ᠰᠢᠢᠳᠬᠡᠭᠰᠡᠨ ᠪᠠᠶᠢᠨ᠎ᠠ᠃   1 ᠰᠠᠷ᠎ᠠ ᠶᠢᠨ 8 ᠤ ᠡᠳᠦᠷ ᠲᠣᠮᠢᠯᠠᠭᠰᠠᠨ ᠰᠠᠯᠪᠣᠷᠢ ᠶᠢᠨ ᠬᠢᠨ 110 ᠤᠨ ᠬᠡᠷᠡᠭ ᠤᠨ ᠮᠡᠳᠡᠭᠦᠯᠦᠯᠲᠡ ᠶᠢ ᠲᠣᠰᠴᠣ᠂ ᠪᠦ᠊ ᠣᠪᠤᠭᠳᠤ ᠬᠡᠮᠡᠭᠴᠢ ᠬᠦᠮᠦᠨ ᠬᠢᠵᠢᠭ ᠰᠡᠷᠭᠡᠶᠢᠯᠡᠬᠦ ᠣᠬᠠᠭᠤᠯᠭ᠎ᠠ ᠶᠢᠨ ᠠᠵᠢᠯ ᠢ ᠥᠷᠨᠢᠬᠦᠯᠵᠦ ᠪᠠᠶᠢᠭᠰᠠᠨ ᠵᠠᠩ ᠣᠪᠣᠭᠳᠣ ᠲᠠᠢ ᠬᠠᠮᠵᠢᠯᠴᠠᠭᠰᠠᠨ ᠦᠭᠡᠢ ᠮᠥᠷᠳᠡᠭᠡᠨ ᠸᠢᠴᠠᠲ ᠬᠤᠯᠪᠣᠭᠠᠨ ᠳᠤ ᠬᠠᠷᠢᠶᠠᠨ ᠲᠣᠷᠣᠮᠵᠢᠯᠠᠭᠰᠠᠨ  ᠪᠠᠶᠢᠳᠠᠯ ᠢ  ᠣᠶᠢᠯᠠᠭᠠᠵᠣ ᠴᠤᠭ ᠲᠣᠬᠠᠢ ᠳᠤ ᠨᠢ ᠠᠷᠭ᠎ᠠ ᠬᠡᠮᠵᠢᠶ᠎ᠡ ᠠᠪᠣᠭᠰᠠᠨ ᠪᠠᠶᠢᠨ᠎ᠠ᠃    ᠬᠢᠵᠢᠭ ᠢ ᠰᠡᠷᠭᠡᠶᠢᠯᠡᠨ ᠬᠤᠷᠢᠭᠯᠠᠬᠤ ᠪᠣᠯ ᠬᠦᠮᠦᠨ ᠪᠦᠬᠦᠨ ᠤ ᠵᠠᠶᠢᠯᠡᠭᠤᠯᠵᠣ ᠪᠣᠯᠣᠰᠢ ᠦᠭᠡᠢ ᠬᠠᠷᠢᠭᠤᠴᠠᠯᠭ᠎ᠠ ᠮᠦᠨ᠃ ᠬᠦᠮᠦᠨ ᠨᠢᠭᠡᠪᠦᠷᠢ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠬᠠᠮᠢᠶ᠎ᠠ ᠪᠦᠬᠦᠢ ᠲᠦᠷᠢᠮ ᠳᠣᠭᠳᠠᠭᠠᠯ  ᠢ ᠣᠬᠠᠮᠰᠠᠷ ᠠᠴᠠ ᠪᠠᠨ ᠵᠢᠷᠣᠮᠯᠠᠨ᠂ ᠢᠳᠡᠪᠬᠢᠲᠡᠢ ᠬᠠᠮᠵᠢᠯᠴᠠᠵᠣ᠂ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠳᠣᠯᠠᠬᠤ ᠬᠡᠷᠡᠭᠳᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号