ᠪᠠᠷᠠᠭᠤᠨ ᠦᠵᠦᠮᠦᠴᠢᠨ ᠬᠤᠰᠢᠭᠤᠨ ᠤ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠭᠦ ᠲᠤᠬᠠᠢ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2021/1/18
  ᠪᠠᠷᠠᠭᠤᠨ ᠦᠵᠦᠮᠦᠴᠢᠨ ᠬᠤᠰᠢᠭᠤᠨ ᠤ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠭᠦ ᠲᠤᠬᠠᠢ ᠮᠡᠳᠡᠭᠳᠡᠯ ᠤᠨ ᠪᠢᠴᠢᠭ    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠠ ᠭᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠤᠭᠤᠳᠬᠤ ᠭᠡᠯᠳᠡᠰ ᠤᠨ ᠠᠯᠪᠠᠨ ᠵᠠᠷᠯᠠᠯ︾  ︵1 ᠳ᠋ᠤᠭᠡᠷ ᠲᠤᠭᠠᠳᠤ︶ ︵36 ᠳ᠋ᠤᠭᠠᠷ ᠲᠤᠭᠠᠳᠤ︶ ᠢ ᠦᠨᠳᠤᠰᠦᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠤᠷᠤᠵᠤ ᠢᠷᠡᠭᠦ ᠪᠠ ᠲᠤᠳᠤᠭᠠᠳᠤ ᠳᠤ ᠲᠠᠬᠢᠨ ᠡᠭᠦᠰᠭᠦ ᠶᠢ ᠰᠡᠷᠭᠡᠶᠢᠯᠡᠭᠦ︾ ᠠᠵᠢᠯ ᠤᠨ ᠱᠠᠭᠠᠷᠳᠠᠯᠭ᠎ᠠ  ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠ ᠤᠷᠤᠰᠢᠭᠤᠯᠭ᠎ᠠ ᠶᠢᠨ ᠤᠶᠢᠯᠡᠴᠢᠯᠡᠭᠡᠨ ᠤ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠬᠢᠵᠤ᠂ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ ᠮᠠᠨ ᠤ ᠬᠤᠰᠢᠭᠤᠨ ᠤ ᠤᠷᠤᠰᠢᠭᠤᠯᠭ᠎ᠠ ᠶᠢᠨ ᠤᠶᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠭᠦ ᠲᠤᠬᠠᠢ ᠬᠤᠯᠪᠤᠭᠳᠠᠯ ᠪᠦᠭᠦᠢ ᠤᠴᠢᠷ ᠢ ᠲᠤᠤᠷ᠎ᠠ ᠮᠡᠳᠡᠭᠳᠡᠶ᠎ᠠ᠄    ᠨᠢᠭᠡ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠰᠢᠭᠤᠯᠭ᠎ᠠ ᠶᠢᠨ ᠶᠤᠰᠤᠯᠠᠯ ᠳᠤ ᠤᠷᠤᠯᠴᠠᠬᠤ ᠭᠦᠮᠦᠨ ᠤ ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠤᠷᠤᠰᠢᠭᠤᠯᠭ᠎ᠠ ᠶᠢᠨ ᠶᠤᠰᠤᠯᠠᠯ ᠳᠤ ᠤᠷᠤᠯᠴᠠᠬᠤ ᠭᠦᠮᠦᠨ ᠤ ᠲᠤᠭ᠎ᠠ 20 ᠭᠦᠮᠦᠨ ᠠᠴᠠ ᠭᠡᠳᠦᠷᠡᠵᠤ ᠪᠤᠯᠬᠤ ᠦᠭᠡᠢ᠂ ᠴᠢᠨᠳᠠᠷ ᠰᠠᠬᠢᠬᠤ ᠶᠢ ᠵᠤᠭᠰᠤᠭᠠᠵᠤ᠂ ᠴᠢᠨᠳᠠᠷ ᠰᠠᠬᠢᠬᠤ ᠬᠤᠭᠤᠴᠠᠭᠠᠨ ᠳᠤ ᠴᠢᠨᠳᠠᠷ ᠢ ᠬᠠᠳᠠᠭᠠᠯᠠᠵᠤ ᠪᠤᠯᠤᠨ᠎ᠠ᠂ ᠡᠰᠡᠭᠦᠯ᠎ᠠ ᠤᠶᠢᠯᠡᠴᠢᠯᠡᠭᠡᠨ ᠤ ᠲᠦᠪ ᠲᠤ ᠨᠠᠶᠢᠳᠠᠵᠤ ᠲᠠᠬᠢᠯᠭ᠎ᠠ ᠬᠢᠵᠤ ᠪᠤᠯᠤᠨ᠎ᠠ᠃ ᠤᠯᠤᠰ ᠤᠨ ᠲᠤᠳᠤᠭᠠᠳᠤᠬᠢ ᠲᠤᠮᠳᠠ ᠦᠨᠳᠤᠷ ᠲᠡᠰ ᠤᠨ ᠬᠢᠵᠢᠭ ᠤᠨ ᠲᠦᠭᠰᠢᠭᠦᠷᠢᠳᠠᠢ ᠭᠠᠵᠠᠷ ᠤᠷᠤᠨ ᠠᠴᠠ ᠢᠷᠡᠭᠰᠡᠨ ᠭᠦᠮᠦᠰ᠂ ᠬᠢᠯᠢ ᠶᠢᠨ ᠭᠠᠳᠠᠨ᠎ᠠ ᠠᠴᠠ ᠢᠷᠡᠭᠰᠡᠨ ᠭᠦᠮᠦᠰ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠰᠢᠭᠤᠯᠭ᠎ᠠ ᠶᠢᠨ ᠲᠠᠬᠢᠯᠭ᠎ᠠ ᠳᠤ ᠤᠷᠤᠯᠴᠠᠬᠤ ᠦᠭᠡᠢ ᠪᠠᠶᠢᠬᠤ ᠶᠢ ᠰᠠᠨᠠᠭᠠᠴᠢᠯᠠᠶ᠎ᠠ᠃    ᠬᠤᠶᠠᠷ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠤᠨ ᠡᠭᠦᠳᠠᠨ ᠳᠤ ᠲᠤᠯᠠᠭᠠᠨ ᠢ ᠭᠡᠮᠵᠢᠭᠦ ᠭᠠᠵᠠᠷ ᠲᠤᠬᠢᠷᠠᠭᠤᠯᠵᠤ᠂ ᠤᠷᠤᠰᠢᠭᠤᠯᠭ᠎ᠠ ᠶᠢᠨ ᠶᠠᠪᠤᠳᠠᠯ ᠭᠦᠢᠴᠡᠳᠭᠡᠭᠦ ᠪᠠᠷ ᠢᠷᠡᠭᠰᠡᠳ ᠠᠮᠠᠪᠴᠢ ᠵᠡᠭᠦᠭᠦ᠂ ᠠᠮᠤᠷ ᠲᠦᠪᠰᠢᠨ ᠤ ᠵᠠᠢ ᠶᠢ ᠪᠠᠳᠤᠯᠠᠬᠤ ᠵᠡᠷᠭᠡ ᠬᠤᠪᠢ ᠭᠦᠮᠦᠨ ᠤ ᠰᠡᠷᠭᠡᠶᠢᠯᠡᠯᠳᠠ ᠶᠢᠨ ᠠᠷᠭ᠎ᠠ ᠠᠪᠴᠠᠯ ᠢ ᠰᠠᠶᠢᠳᠤᠷ ᠬᠢᠵᠤ᠂ ᠭᠦᠴᠦᠨ ᠪᠦᠭᠦᠢ ᠪᠡᠶ᠎ᠡ ᠶᠢᠨ ᠦᠨᠡᠮᠯᠡᠯ ᠢᠶᠠᠨ ᠠᠪᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠱᠠᠭᠠᠷᠳᠠᠯᠭ᠎ᠠ ᠶᠤᠰᠤᠭᠠᠷ᠂ ᠠᠵᠢᠯᠯᠠᠭᠴᠢ ᠲᠠᠢ ᠬᠠᠮᠵᠢᠯᠴᠠᠨ ᠪᠡᠶ᠎ᠡ ᠶᠢᠨ ᠲᠤᠯᠠᠭᠠᠨ ᠭᠡᠮᠵᠢᠭᠦ᠂ ᠠᠷᠢᠭᠤᠳᠬᠠᠬᠤ᠂ ᠤᠷᠤᠵᠤ ᠭᠠᠷᠬᠤ ᠳᠤ ᠲᠠᠩᠰᠠᠯᠠᠬᠤ᠂ ᠺᠤᠳ᠋ ᠪᠠᠶᠢᠴᠠᠭᠠᠯᠭᠠᠬᠤ᠂ ᠺᠤᠳ᠋ ᠰᠢᠷᠪᠢᠭᠦ ᠵᠡᠷᠭᠡ ᠠᠵᠢᠯ ᠢ ᠰᠠᠶᠢᠳᠤᠷ ᠬᠢᠵᠤ᠂ ᠪᠡᠶ᠎ᠡ ᠶᠢᠨ ᠲᠤᠯᠠᠭᠠᠨ ᠨᠢ 37.3 ᠭᠷᠠᠳᠦ᠋ᠰ ᠠᠴᠠ ᠲᠤᠷᠤᠭᠰᠢ ᠭᠦᠮᠦᠰ ᠤᠶᠢᠯᠠᠴᠢᠯᠡᠭᠡᠨ ᠤ ᠲᠦᠪ ᠲᠤ ᠤᠷᠤᠵᠤ᠂ ᠤᠷᠤᠰᠢᠭᠤᠯᠭ᠎ᠠ ᠶᠢᠨ ᠶᠠᠪᠤᠳᠠᠯ ᠢ ᠭᠦᠢᠴᠡᠳᠭᠡᠵᠤ ᠪᠤᠯᠤᠨ᠎ᠠ᠃    ᠭᠤᠷᠪᠠ᠂ ᠤᠶᠢᠯᠡᠴᠢᠯᠡᠭᠡᠨ ᠤ ᠲᠦᠪ ᠨᠢ ᠰᠢᠳᠠᠭᠠᠬᠤ ᠭᠡᠯᠪᠡᠷᠢ ᠶᠢᠨ ᠯᠠ ᠲᠠᠢ ᠴᠠᠭᠠᠰᠤ ᠵᠡᠷᠭᠡ ᠠᠮᠠᠷᠬᠠᠨ ᠰᠢᠳᠠᠬᠤ ᠲᠠᠬᠢᠯᠭ᠎ᠠ ᠶᠢᠨ ᠪᠤᠳᠠᠰ ᠢ ᠭᠡᠷᠡᠭᠯᠡᠭᠦ ᠶᠢ ᠴᠠᠭᠠᠵᠠᠯᠠᠨ᠂ ᠬᠠᠷᠢᠯᠴᠠᠨ ᠠᠳᠠᠯᠢᠳᠬᠠᠬᠤ᠂ ᠪᠦᠷᠢᠯᠭᠡᠭᠦ ᠵᠡᠷᠭᠡ  ᠬᠠᠭᠤᠴᠢᠨ ᠵᠠᠩ ᠲᠠᠳᠬᠠᠯ ᠠᠴᠠ ᠪᠤᠯᠤᠭᠰᠠᠨ ᠤᠷᠴᠢᠨ ᠲᠤᠭᠤᠷᠢᠨ ᠢ ᠪᠤᠬᠢᠷᠳᠤᠭᠤᠯᠬᠤ᠂ ᠭᠠᠯ ᠤᠨ ᠠᠶᠤᠯ ᠢ ᠡᠭᠦᠰᠭᠡᠭᠦ ᠵᠡᠷᠭᠡ ᠠᠰᠠᠭᠤᠳᠠᠯ ᠢ ᠦᠭᠡᠶᠢᠰᠭᠡᠵᠤ᠂ ︽ᠤᠳᠤᠭ᠎ᠠ ᠦᠭᠡᠢ ᠲᠢᠩᠭᠢᠮ︾ ᠢ ᠪᠡᠶᠡᠯᠡᠭᠦᠯᠦᠨ᠂ ᠭᠡᠷ ᠤᠨ ᠲᠤᠳᠤᠷᠠᠬᠢ ᠰᠢᠨ᠎ᠠ ᠰᠤᠷᠭᠤᠭ ᠠᠭᠤᠷ ᠠᠮᠢᠰᠬᠤᠯ ᠢ ᠪᠠᠳᠤᠯᠠᠨ᠎ᠠ᠃ ᠪᠡᠯᠪᠡᠰᠤᠷᠠᠯ ᠬᠢᠭᠰᠡᠳ ᠦᠪᠡᠷᠳᠡᠭᠡᠨ ᠴᠠᠬᠢᠯᠭᠠᠨ ᠯᠠ᠂ ᠴᠠᠬᠢᠯᠭᠠᠨ ᠭᠦᠵᠢ᠂ ᠰᠤᠷᠭᠤᠭ ᠴᠡᠴᠡᠭ ᠠᠪᠴᠢᠷᠠᠵᠤ ᠪᠤᠯᠤᠨ᠎ᠠ᠂ ᠡᠰᠡᠭᠦᠯ᠎ᠠ ᠤᠶᠢᠯᠠᠴᠢᠯᠡᠭᠡᠨ ᠤ ᠲᠦᠪ ᠲᠤ ᠨᠠᠶᠢᠳᠠᠵᠤ ᠤᠷᠤᠰᠢᠭᠤᠯᠭ᠎ᠠ ᠶᠢᠨ ᠶᠠᠪᠤᠳᠠᠯ ᠢ ᠭᠦᠢᠴᠡᠳᠭᠡᠵᠤ ᠪᠤᠯᠤᠨ᠎ᠠ᠃ ᠪᠠᠭ᠎ᠠ ᠭᠡᠪᠴᠢᠶᠠᠨ ᠤ ᠭᠡᠷ ᠪᠦᠯᠢ ᠶᠢᠨ ᠭᠠᠰᠢᠭᠤᠳᠠᠯ᠂ ᠲᠤᠤᠷ ᠰᠦᠯᠵᠢᠶᠠᠨ ᠲᠡᠭᠡᠷᠡᠭᠢ ᠲᠠᠬᠢᠯᠭ᠎ᠠ ᠵᠡᠷᠭᠡ ᠠᠷᠭ᠎ᠠ ᠭᠡᠯᠪᠡᠷᠢ ᠪᠠᠷ ᠲᠠᠬᠢᠬᠤ ᠶᠢ ᠵᠤᠷᠢᠭᠵᠢᠭᠤᠯᠤᠨ᠎ᠠ᠃    ᠲᠦᠷᠪᠡ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠵᠤ ᠭᠠᠷᠬᠤ ᠪᠦᠭᠦᠶᠢᠯᠠ ᠭᠦᠮᠦᠰ ᠪᠦᠭᠦ ᠶᠠᠪᠤᠴᠠ ᠳᠤ ᠠᠮᠠᠪᠴᠢ ᠵᠡᠭᠦᠵᠤ᠂ 1 ᠮᠧᠲᠷ ᠠᠴᠠ ᠲᠡᠭᠡᠭᠰᠢᠬᠢ ᠠᠮᠤᠷ ᠲᠦᠪᠰᠢᠨ ᠤ ᠵᠠᠢ ᠶᠢ ᠪᠠᠳᠤᠯᠠᠨ᠂ ᠠᠵᠢᠯᠯᠠᠭᠴᠢ ᠶᠢᠨ ᠵᠢᠯᠤᠭᠤᠳᠤᠯᠭ᠎ᠠ ᠶᠢ ᠲᠠᠭᠠᠵᠤ᠂ ᠭᠦᠮᠦᠨ ᠤᠯᠠᠨ ᠴᠤᠭᠯᠠᠷᠠᠬᠤ ᠠᠴᠠ ᠵᠠᠶᠢᠯᠠᠰᠬᠢᠬᠤ ᠭᠡᠷᠡᠭᠲᠡᠢ᠃    ᠲᠠᠪᠤ᠂ ᠤᠷᠤᠰᠢᠭᠤᠯᠭ᠎ᠠ ᠶᠢᠨ ᠤᠶᠢᠯᠡᠴᠢᠯᠡᠭᠡᠨ ᠤ ᠲᠦᠪ ᠲᠤ ᠤᠷᠤᠵᠤ ᠭᠠᠷᠬᠤ ᠭᠦᠮᠦᠰ ᠬᠠᠮᠢᠶᠠᠷᠤᠯᠳᠠ ᠶᠢ ᠲᠠᠭᠠᠬᠤ ᠭᠡᠷᠡᠭᠲᠡᠢ᠂ ᠬᠠᠮᠢᠶᠠᠷᠤᠯᠳᠠ ᠶᠢ ᠲᠠᠭᠠᠬᠤ ᠦᠭᠡᠢ ᠪᠤᠶᠤ ᠤᠯᠠᠨ ᠨᠠᠶᠢᠳᠠ ᠶᠢᠨ ᠡᠮᠬᠢ ᠲᠢᠭᠯᠢᠮ ᠢ ᠰᠠᠮᠠᠭᠤᠷᠠᠭᠤᠯᠤᠭᠰᠠᠳ ᠢ ᠲᠤᠳᠤᠭᠠᠳᠤ ᠶᠢ ᠬᠠᠮᠠᠭᠠᠯᠠᠬᠤ ᠠᠯᠪᠠᠨ ᠪᠠᠶᠢᠭᠤᠯᠭ᠎ᠠ ᠳᠤ ᠲᠤᠰᠢᠶᠠᠵᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠭᠡᠮᠵᠢᠯᠠᠨ᠎ᠠ᠃ ᠲᠠ ᠪᠦᠭᠦᠨ ᠪᠢᠳᠠᠨ ᠤ ᠠᠵᠢᠯ ᠢ ᠤᠶᠢᠯᠠᠭᠠᠨ ᠲᠡᠮᠵᠢᠭᠦ ᠪᠤᠯᠪᠠᠤ᠃     ᠪᠠᠷᠠᠭᠤᠨ ᠦᠵᠦᠮᠦᠴᠢᠨ ᠬᠤᠰᠢᠭᠤᠨ ᠤ ᠤᠷᠤᠰᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠦᠪ                            2021 ᠤᠨ ᠤ 1 ᠰᠠᠷ᠎ᠠ ᠶᠢᠨ 14 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号