| ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | | | ᠬᠦᠴᠦ ᠶᠠᠪᠤᠭᠴᠢ ᠲᠠᠷᠢᠶᠠᠴᠢᠨ ᠤ ᠴᠠᠯᠢᠩ ᠢ ᠣᠯᠭᠤᠬᠤ ᠶᠢ ᠪᠠᠲᠤᠯᠠᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠬᠦᠴᠦ ᠶᠠᠪᠤᠭᠴᠢ | ᠲᠠᠷᠢᠶᠠᠴᠢᠨ ᠤ ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠤᠯᠬᠤ ᠶᠢ ᠨᠢ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ | ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ | ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠳᠦᠷᠢᠮ ︵ᠲᠥᠰᠦᠯ︶︾ ᠢ ᠪᠠᠲᠤᠯᠠᠵᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ | 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠦᠴᠦ ᠶᠠᠪᠤᠭᠴᠢ ᠲᠠᠷᠢᠶᠠᠴᠢᠨ ᠤ ᠴᠠᠯᠢᠩ ᠢ ᠣᠯᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠴᠦ ᠶᠠᠪᠤᠭᠴᠢ ᠲᠠᠷᠢᠶᠠᠴᠢᠨ ᠤ | ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠤᠯᠬᠤ ᠶᠢ ᠨᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠵᠠᠶ︔ | ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ | ᠰᠠᠶᠢᠲᠤᠷ ᠬᠢᠬᠦ ᠲᠤᠬᠠᠶ ᠪᠠᠶᠢᠷᠢᠯᠠᠭᠤᠯᠪᠠ︔ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠪᠠᠲᠤᠯᠠᠵᠤ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ︔ ᠬᠤᠷᠠᠯ ᠠᠴᠠ | ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠡᠨᠡ ᠵᠢᠯ ᠠᠴᠠ ᠨᠠᠭᠠᠰᠢ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠦᠴᠦ | ᠶᠠᠪᠤᠭᠴᠢ ᠲᠠᠷᠢᠶᠠᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ᠂ | ᠡᠯ᠎ᠡ ᠲᠥᠷᠥᠯ ᠤᠨ ᠴᠠᠯᠢᠩ ᠥᠷᠢᠲᠦᠬᠦ ᠠᠰᠠᠭᠤᠳᠠᠯ ᠢ ᠰᠢᠶ᠋ᠳᠪᠦᠷᠢᠯᠡᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ | ᠤᠯᠬᠤ ᠶᠢ ᠠᠬᠢᠭᠤᠯᠪᠠ᠃ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠲᠠᠯ᠎ᠠ ᠠᠴᠠ ᠡᠭᠦᠰᠴᠦ᠂ ᠶᠠᠭ | ᠥᠷᠨᠢᠭᠦᠯᠵᠦ ᠪᠠᠶᠢᠭ᠎ᠠ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠣᠳᠠᠲᠠᠶ ᠰᠠᠶᠢᠲᠤᠷ | ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠦᠴᠦ | ᠶᠠᠪᠤᠭᠴᠢ ᠲᠠᠷᠢᠶᠠᠴᠢᠨ ᠤ ᠴᠠᠯᠢᠩ ᠢᠶᠠᠨ ᠴᠠᠭ ᠲᠤᠬᠠᠶ ᠳᠤ ᠨᠢ ᠲᠤᠭ᠎ᠠ ᠶᠣᠰᠣᠭᠠᠷ ᠤᠯᠬᠤ ᠶᠢ ᠨᠢ ᠦᠨᠡᠨ ᠬᠦ | ᠪᠠᠲᠤᠯᠠᠬᠤ ᠬᠡᠷᠡᠭᠲᠡᠶ᠃ ᠨᠢᠭᠡ ᠳᠤ᠂ ᠡᠯ᠎ᠡ ᠭᠠᠵᠠᠷ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠬᠦ ᠵᠢᠭᠤᠷᠠᠯᠳᠤᠭᠠᠨ ᠪᠣᠯᠤᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠦᠨᠳᠦ ᠨᠣᠴᠢᠲᠠᠢ ᠴᠠᠯᠢᠩ ᠥᠷᠢᠲᠦᠬᠦ | ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠶ᠋ᠳᠪᠦᠷᠢᠯᠡᠬᠦ ᠲᠤᠰᠬᠠᠶ ᠠᠩᠭᠢ ᠪᠠᠶᠢᠭᠤᠯᠵᠤ᠂ ᠨᠢᠭᠡ ᠶᠢ ᠢᠯᠡᠷᠡᠭᠦᠯᠪᠡᠯ | ᠨᠢᠭᠡ ᠶᠢ ᠰᠢᠶ᠋ᠳᠪᠦᠷᠢᠯᠡᠬᠦ ᠬᠡᠷᠡᠭᠲᠡᠶ᠃ ᠬᠤᠶᠠᠷ ᠲᠤ ᠡᠯ᠎ᠡ ᠵᠦᠢᠯ ᠤᠨ ᠲᠥᠷᠥᠯ ᠵᠦᠢᠯ ᠤᠨ ᠴᠠᠯᠢᠩ ᠤᠨ ᠥᠷᠢᠲᠦᠯ ᠢ | ᠴᠠᠭᠠᠨ ᠰᠠᠷ᠎ᠠ ᠠᠴᠠ ᠡᠮᠦᠨ᠎ᠡ ᠬᠥᠳᠡᠯᠦᠩᠭᠦᠶ ᠪᠠᠷ ᠦᠭᠡᠶᠢᠰᠬᠡᠬᠦ ᠶᠢ ᠰᠢᠮᠳᠠᠭᠤᠯᠵᠤ᠂ ᠵᠠᠰᠠᠭ ᠤᠨ ᠣᠷᠳᠣᠨ ᠪᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠦᠶ᠋ᠯ ᠨᠢ ᠡᠷᠬᠡᠪᠰᠢ ᠡᠩ ᠲᠡᠷᠢᠭᠦᠨ ᠳᠤ ᠦᠭᠡᠶᠢᠰᠬᠡᠬᠦ | ᠬᠡᠷᠡᠭᠲᠡᠶ᠃ ᠲᠦᠷ ᠴᠠᠭ ᠪᠦᠷᠢᠮᠦᠰᠦᠨ ᠰᠢᠶ᠋ᠳᠪᠦᠷᠢᠯᠡᠵᠦ ᠴᠢᠳᠠᠬᠤ ᠦᠭᠡᠶ ᠪᠤᠶᠤ ᠠᠵᠤ ᠠᠬᠤᠶᠢᠯᠠᠯ ᠤᠨ ᠡᠵᠡᠩᠨᠡᠭᠴᠢ | ᠴᠠᠯᠢᠩ ᠥᠷᠢᠲᠦᠭᠡᠳ ᠤᠷᠭᠤᠨ ᠳᠠᠯᠳᠠᠯᠠᠭᠰᠠᠨ ᠪᠠᠶᠢᠪᠠᠯ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ | ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠪᠤᠶᠤ ᠪᠤᠰᠤᠳ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ | ᠥᠷᠢᠲᠦᠭᠰᠡᠨ ᠴᠠᠯᠢᠩ ᠢ ᠥᠭᠬᠦ ᠪᠤᠶᠤ ᠣᠷᠣᠯᠠᠨ ᠥᠭᠬᠦ ᠬᠡᠷᠡᠭᠲᠡᠶ᠃ ᠡᠨᠡ ᠵᠢᠯ ᠠᠵᠢᠯ ᠠᠯᠳᠠᠯᠲᠠ ᠶᠢᠨ | ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠠᠯᠳᠠᠭᠰᠠᠳ ᠪᠠ ᠬᠦᠴᠢᠷᠳᠡᠯ ᠲᠠᠢ ᠬᠦᠴᠦ | ᠶᠠᠪᠤᠭᠴᠢ ᠲᠠᠷᠢᠶᠠᠴᠢᠳ ᠢ ᠬᠦᠴᠦᠲᠡᠶ ᠬᠠᠪᠰᠤᠷᠤᠨ ᠲᠡᠳᠬᠦᠪᠡ᠂ ᠲᠠᠷᠠᠭᠠᠴᠢ ᠶᠢᠨ ᠠᠯᠬᠤᠮ ᠳᠤ ᠡᠨᠡ ᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠡᠷᠴᠢᠮ ᠢ ᠨᠢ ᠴᠢᠩᠭᠠᠯᠠᠬᠤ ᠠᠴᠠ ᠪᠢᠰᠢ ᠰᠤᠯᠠᠷᠠᠭᠤᠯᠬᠤ ᠥᠬᠡᠶ | ᠪᠠᠶᠢᠬᠤ ᠬᠡᠷᠡᠭᠲᠡᠢ᠃ ᠭᠤᠷᠪᠠ ᠳᠤ ᠴᠠᠯᠢᠩ ᠣᠯᠭᠤᠬᠤ ᠪᠠᠲᠤᠯᠠᠭ᠎ᠠ ᠶᠢᠨ ᠲᠦᠷᠢᠮ ᠢ ᠴᠢᠩᠭᠠᠳᠬᠠᠬᠤ ᠬᠡᠷᠡᠭᠲᠡᠢ᠃ | ᠬᠦᠴᠦ ᠶᠠᠪᠤᠭᠴᠢ ᠲᠠᠷᠢᠶᠠᠴᠢᠳ ᠤᠨ ᠴᠠᠯᠢᠩ ᠤᠨ ᠲᠤᠰᠬᠠᠶ ᠳᠠᠩᠰᠠ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ | ᠳᠠᠭᠠᠭᠠᠴᠢᠯᠠᠭᠰᠠᠨ ᠨᠢᠭᠡᠴᠢ ᠴᠠᠯᠢᠩ ᠢ ᠣᠷᠣᠯᠠᠨ ᠥᠭᠬᠦ᠂ ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠳᠦᠷᠢᠮ ᠢ | ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ ᠴᠠᠯᠢᠩ ᠥᠷᠢᠲᠦᠬᠦ ᠠᠰᠠᠭᠤᠳᠠᠯ ᠲᠣᠪᠤᠶᠢᠮ᠎ᠠ ᠪᠠᠶᠢᠬᠤ ᠶᠢ ᠨᠢ | ᠣᠯᠠᠨ ᠳᠤ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠤᠯᠢ ᠶᠣᠰᠣᠭᠠᠷ ᠪᠣᠯᠵᠣᠨ | ᠶᠠᠷᠢᠯᠴᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠠᠪᠤ ᠳᠤ᠂ ᠵᠣᠷᠢᠭᠤᠳᠠ ᠪᠠᠷ ᠴᠠᠯᠢᠩ | ᠥᠷᠢᠲᠦᠬᠦ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠬᠤᠯᠠ ᠶᠡᠭᠡ | ᠴᠠᠯᠢᠩ ᠥᠷᠢᠲᠦᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠠᠵᠤ | ᠠᠬᠤᠶᠢᠯᠠᠯ ᠵᠢᠴᠢ ᠲᠡᠭᠦᠨ ᠤ ᠬᠠᠷᠢᠭᠤᠴᠠᠯᠭᠠᠲᠠᠨ ᠢ ᠴᠠᠯᠢᠩ ᠥᠷᠢᠲᠦᠯ ᠤᠨ ︽ᠬᠠᠷ᠎ᠠ ᠲᠠᠩᠰᠠ︾ ᠳᠤ ᠵᠢᠭᠰᠠᠭᠠᠨ | ᠣᠷᠣᠭᠤᠯᠵᠤ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠭᠡᠵᠡᠢ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠵᠥᠭᠡᠭᠡᠪᠦᠷᠢ ᠣᠶᠢᠷᠠᠳᠪᠠ᠂ ᠬᠥᠮᠦᠨ ᠬᠠᠷ᠎ᠠ | ᠲᠥᠪᠯᠡᠷᠡᠨ ᠰᠢᠯᠵᠢᠵᠦ ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠬᠦ ᠲᠤᠯᠠ᠂ | ᠤᠷᠬᠢᠯ ᠤᠨ ᠬᠤᠭᠤᠴᠠᠭ᠎ᠠ ᠶᠢ ᠵᠦᠷᠢᠭᠦᠯᠬᠦ ᠬᠦᠮᠦᠨ ᠬᠠᠷ᠎ᠠ ᠶᠢ ᠬᠤᠷᠢᠭᠯᠠᠨ ᠡᠵᠡᠮᠳᠡᠬᠦ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠲᠡᠭᠡᠭᠡᠪᠦᠷᠢ ᠶᠢᠨ | ᠬᠦᠴᠦᠨ ᠢ ᠵᠦᠶ ᠵᠣᠬᠢᠰᠲᠠᠶ ᠳᠣᠭᠢᠷᠠᠭᠤᠯᠵᠤ᠂ ᠡᠯ᠎ᠡ ᠭᠠᠵᠠᠷ ᠤᠨ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠴᠢᠬᠤᠯᠠ | ᠦᠭᠡᠢ ᠪᠣᠯ ᠠᠶᠠᠯᠠᠬᠤ ᠥᠬᠡᠶ ᠪᠠᠶᠢᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠢᠯᠥᠭᠡ ᠲᠠᠯᠪᠢᠬᠤ᠂ ᠣᠷᠭᠢᠯ | ᠦᠶ᠎ᠡ ᠠᠴᠠ ᠵᠠᠶᠢᠯᠠᠭᠤᠯᠤᠨ ᠰᠤᠷᠭᠠᠭᠤᠯᠢ ᠡᠬᠢᠯᠡᠬᠦ᠂ ᠦᠵᠡᠮᠵᠢ ᠶᠢᠨ ᠣᠷᠣᠨ ᠳᠤ ᠲᠤᠭ᠎ᠠ ᠬᠡᠮᠵᠢᠶ᠎ᠡ ᠶᠢ ᠬᠢᠵᠠᠭᠠᠷᠯᠠᠬᠤ | ᠪᠣᠯᠵᠣᠵᠤ ᠭᠥᠯᠢᠶᠡᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ | ᠭᠠᠷᠬᠤ ᠶᠢ ᠨᠢ ᠬᠥᠲᠥᠯᠦᠨ ᠵᠢᠯᠣᠭᠤᠳᠬᠤ ᠬᠡᠷᠡᠭᠲᠡᠶ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠱᠤᠭᠤᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ | ᠬᠦᠴᠦ ᠶᠠᠪᠤᠭᠴᠢ ᠲᠠᠷᠢᠶᠠᠴᠢᠳ ᠤᠨ ᠨᠤᠲᠤᠭ ᠲᠤ ᠪᠠᠨ ᠪᠤᠴᠠᠬᠤ ᠪᠠ ᠬᠤᠲᠠᠨ ᠳᠤ ᠪᠠᠨ ᠪᠤᠴᠠᠬᠤ ︽ᠴᠡᠭ ᠠᠴᠠ | ᠴᠡᠭ ᠲᠤ ᠬᠦᠷᠬᠦ︾ ᠲᠡᠷᠭᠡ ᠬᠥᠯᠥᠰᠥᠯᠡᠬᠦ ᠲᠡᠭᠡᠭᠡᠪᠦᠷᠢ ᠶᠢ ᠵᠣᠬᠢᠶᠠᠨ ᠪᠠᠶᠢᠭᠤᠯᠵᠤ ᠬᠡᠷᠡᠭᠲᠡᠢ᠃ ᠬᠤᠶᠠᠷ ᠲᠤ᠂ ᠴᠠᠭᠠᠨ | ᠰᠠᠷ᠎ᠠ ᠶᠢᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ | ᠂ ᠵᠠᠮ ᠬᠠᠷᠢᠯᠴᠠᠭ᠎ᠠ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠲᠣᠭᠲᠠᠭᠠᠨ | ᠬᠡᠷᠡᠭᠵᠢᠭᠦᠯᠵᠦ᠂ ᠬᠥᠮᠦᠨ ᠬᠠᠷ᠎ᠠ᠂ ᠡᠳ᠋ ᠪᠠᠷᠠᠭ᠎ᠠ ᠵᠡᠷᠭᠡ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠨᠠᠷᠢᠯᠢᠬᠵᠢᠭᠤᠯᠬᠤ ᠬᠡᠷᠡᠭᠲᠡᠢ᠃ ᠭᠤᠷᠪᠠ ᠳᠤ᠂ ᠡᠯᠧᠺᠳ᠋ᠷᠣᠨ ᠪᠢᠯᠧᠲ᠂ ᠦᠨᠡᠮᠯᠡᠯ ᠰᠢᠷᠪᠢᠵᠦ ᠬᠢᠨᠠᠨ ᠰᠢᠯᠭᠠᠬᠤ ᠵᠡᠷᠭᠡ | ᠪᠢᠯᠧᠲ ᠬᠤᠳᠠᠯᠳᠤᠬᠤ ᠪᠠ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ︽ᠬᠠᠷᠢᠯᠴᠠᠨ ᠥᠯᠥ ᠣᠶᠢᠷᠠᠲᠤᠯᠴᠠᠬᠤ︾ | ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠶᠢᠨ ᠬᠠᠮᠲᠤ᠂ ᠤᠶᠤᠨᠲᠤ ᠮᠡᠷᠭᠡᠵᠢᠯ ᠢ ᠬᠡᠷᠡᠭᠯᠡᠵᠦ ᠳᠡᠶᠢᠯᠬᠦ ᠥᠬᠡᠶ | ᠨᠠᠰᠤᠲᠠᠶᠢᠴᠤᠳ ᠲᠤ ᠲᠥᠬᠦᠮ ᠦᠵᠡᠭᠦᠯᠬᠦ ᠦᠶ᠋ᠯᠡᠴᠢᠯᠡᠭᠡ ᠬᠠᠩᠭᠠᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ | ᠬᠢᠵᠦ᠂ ᠡᠯ᠎ᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠵᠦ᠂ ᠬᠢᠵᠢᠭ ᠤᠨ | ᠪᠠᠶᠢᠳᠠᠯ ᠢ ᠪᠠᠴᠢᠮ ᠠᠷᠭᠠᠴᠠᠭᠠᠨ ᠰᠢᠶ᠋ᠳᠪᠦᠷᠢᠯᠡᠬᠦ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠤᠷ | ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠦᠨᠳᠦᠰᠦᠯᠡᠨ᠂ ᠬᠤᠷᠠᠯ ᠠᠴᠠ ︽ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠢ | ᠪᠠᠲᠤᠯᠠᠵᠤ᠂ ᠵᠠᠰᠠᠭ ᠵᠠᠬᠢᠷᠭᠠᠨ ᠤ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠬᠠᠷᠢᠶ᠎ᠠ ᠪᠦᠬᠦᠢ ᠠᠵᠢᠯ | ᠦᠢᠯᠡᠰ ᠤᠨ ᠨᠢᠭᠡᠴᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠵᠠᠰᠠᠬᠤ ᠵᠠᠮ ᠳᠤ | ᠣᠷᠣᠭᠤᠯᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠪᠠᠷ ᠪᠣᠯᠪᠠ᠃ ᠲᠥᠰᠦᠯ ᠳᠤ᠂ ᠵᠠᠰᠠᠭ ᠵᠠᠬᠢᠷᠭ᠎ᠠ ᠠᠵᠢᠯ | ᠦᠶ᠋ᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠵᠠᠰᠠᠭ ᠤᠨ ᠣᠷᠳᠣᠨ ᠠᠴᠠ ᠱᠠᠲᠤ | ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠡᠳ᠋ ᠤᠨ ᠵᠠᠰᠠᠭ ᠪᠠ ᠬᠢᠨᠠᠨ ᠪᠤᠳᠤᠯᠲᠠ ᠵᠡᠷᠭᠡ ᠶᠢᠨ ᠬᠢᠨᠠᠯᠲᠠ ᠶᠢ ᠬᠦᠯᠢᠶᠡᠬᠦ ᠪᠥᠭᠡᠳ ᠵᠢᠯ ᠪᠦᠷᠢ ᠲᠣᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠬᠥᠷᠥᠩᠭᠡ ᠶᠢᠨ | ᠲᠣᠬᠢᠷᠠᠭᠤᠯᠤᠯᠲᠠ ᠪᠠ ᠲᠠᠷᠬᠠᠯᠲᠠ ᠵᠡᠷᠭᠡ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠬᠡᠷᠡᠭᠲᠡᠢ᠃ ᠡᠳ᠋ ᠬᠥᠷᠥᠩᠭᠡ | ᠳᠣᠭᠢᠷᠠᠭᠤᠯᠬᠤ ᠳᠤ ᠤᠷᠢᠳᠠᠪᠠᠷ ᠳᠣᠭᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳ᠋ ᠬᠥᠷᠥᠩᠭᠡ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠰᠦᠪ ᠪᠠ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ | ᠬᠠᠷᠢᠭᠤᠴᠠᠯᠭ᠎ᠠ ᠶᠢ ᠨᠢ ᠲᠣᠳᠣᠷᠬᠠᠶᠢᠯᠠᠬᠤ ᠶᠢ ᠱᠠᠭᠠᠷᠳᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠪᠠᠨ ᠰᠢᠮᠳᠠᠭᠤᠯᠤᠨ ᠪᠦᠷᠢᠨᠰᠢᠭᠦᠯᠬᠦ ᠬᠡᠷᠡᠭᠲᠡᠶ ᠭᠡᠵᠡᠢ᠃ |