ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠳᠦᠷᠢᠮ ᠤᠨ ᠲᠠᠶᠢᠯᠤᠮᠵᠢ | | ᠨᠢᠭᠡ᠂ ᠲᠣᠭᠲᠠᠭᠠᠭᠰᠠᠨ ᠠᠬᠤᠢ ᠪᠠᠶᠢᠳᠠᠯ ᠳᠤᠷ᠎ᠠ ᠪᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠲᠠᠢ | ᠡᠰᠡᠷᠭᠦᠴᠡᠯᠳᠦᠬᠦ ᠵᠡᠷᠭᠡ ᠪᠠᠶᠢᠳᠠᠯ ᠳᠤ ᠴᠢᠭᠯᠡᠭᠦᠯᠦᠨ᠂ ᠮᠠᠨ ᠤ ᠤᠯᠤᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠦᠬᠦ ᠶᠠᠪᠤᠴᠠ ᠶᠢ ᠲᠡᠮᠳᠡᠭᠯᠡᠬᠦ ᠵᠡᠷᠭᠡ ᠭᠤᠷᠪᠠᠨ ᠳᠦᠷᠢᠮ ᠢ ᠬᠡᠷᠡᠭᠵᠢᠭᠦᠯᠵᠦ᠂ ᠬᠠᠤᠯᠢ ᠶᠢ ᠡᠷᠡᠰ ᠴᠢᠩᠭ᠎ᠠ | ᠬᠡᠷᠡᠭᠵᠢᠭᠦᠯᠬᠦ᠂ ᠬᠢᠯᠢᠰᠳᠡᠭᠦᠯᠬᠦ ᠦᠭᠡᠢ ᠳᠤᠷ᠎ᠠ ᠪᠠᠷ ᠲᠠᠯᠪᠢᠬᠤ ᠦᠭᠡᠢ ᠪᠠᠶᠢᠬᠤ ᠶᠢ ᠪᠠᠲᠤᠯᠠᠪᠠ᠃ ᠣᠳᠣᠬᠠᠨ ᠳᠤ᠂ | ᠮᠠᠨ ᠤ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠣᠯᠠᠨ᠂ ᠬᠦᠷᠢᠶ᠎ᠡ ᠬᠡᠪᠴᠢᠶ᠎ᠡ | ᠬᠦᠷᠢᠶ᠎ᠡ ᠴᠠᠷᠠᠭ᠎ᠠ ᠥᠷᠭᠡᠨ᠂ ᠦᠢᠯᠡ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠡᠭᠡ ᠪᠠᠶᠢᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠢ ᠬᠡᠷᠬᠢᠨ ᠨᠡᠩ ᠬᠠᠲᠠᠭᠤ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠪᠣᠯᠭᠠᠬᠤ | ᠤᠴᠢᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ ᠲᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠬᠦ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ ᠳᠦᠷᠢᠮ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠡᠬᠢ᠂ ᠶᠠᠪᠤᠴᠠ᠂ ᠦᠷ᠎ᠡ ᠳ᠋ᠦᠩ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ | ᠠᠩᠬᠠᠷᠤᠯ ᠢᠶᠠᠨ ᠲᠥᠪᠯᠡᠷᠡᠭᠦᠯᠵᠡᠢ᠃ ᠬᠤᠶᠠᠷ᠂ ᠪᠣᠳᠠᠲᠠᠢ ᠬᠡᠷᠡᠭᠵᠢᠭᠦᠯᠦᠯᠲᠡ 1. ᠢᠯᠡ ᠨᠡᠶᠢᠲᠡᠯᠡᠬᠦ ᠳᠦᠷᠢᠮ᠄ ︽ | ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠨ᠎ᠡ︾ ᠢᠯᠡ ᠨᠡᠶᠢᠲᠡᠯᠡᠬᠦ ᠳᠦᠷᠢᠮ ᠳᠤ ᠰᠠᠨᠠᠯ ᠲᠣᠳᠣᠷᠬᠠᠢ ᠪᠠᠶᠢᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ︽ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠬᠦ︾ | ᠵᠠᠷᠴᠢᠮ ᠶᠣᠰᠣᠭᠠᠷ᠂ ᠬᠡᠷᠡᠭ ᠤᠴᠢᠷ ᠤᠨ ᠡᠮᠦᠨ᠎ᠡ ᠨᠡᠶᠢᠲᠡᠯᠡᠬᠦ ᠶᠢ ᠴᠢᠩᠭᠠᠳᠬᠠᠬᠤ᠂ ᠬᠡᠷᠡᠭ ᠤᠴᠢᠷ ᠤᠨ ᠳᠤᠮᠳᠠ | ᠵᠠᠷᠯᠠᠬᠤ ᠶᠢ ᠵᠢᠷᠤᠮᠵᠢᠭᠤᠯᠬᠤ᠂ ᠬᠡᠷᠡᠭ ᠤᠴᠢᠷ ᠤᠨ ᠳᠠᠷᠠᠭ᠎ᠠ ᠢᠯᠡ ᠪᠣᠯᠭᠠᠬᠤ ᠶᠢ ᠴᠢᠩᠭᠠᠳᠬᠠᠬᠤ ᠵᠡᠷᠭᠡ ᠭᠤᠷᠪᠠᠨ | ᠲᠠᠯ᠎ᠠ ᠠᠴᠠ ᠢᠯᠡ ᠨᠡᠶᠢᠲᠡᠯᠡᠬᠦ ᠭᠤᠣᠯ ᠴᠣᠭᠴᠠ᠂ ᠠᠭᠤᠯᠭ᠎ᠠ᠂ ᠬᠡᠯᠪᠡᠷᠢ ᠮᠠᠶ᠋ᠢᠭ ᠵᠡᠷᠭᠡ ᠳᠤ ᠲᠣᠳᠣᠷᠬᠠᠢ ᠲᠣᠭᠲᠠᠭᠠᠯ | ᠭᠠᠷᠭᠠᠵᠠᠢ᠃ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠨᠥᠭᠦᠭᠡ ᠲᠠᠯ᠎ᠠ᠂ ᠬᠠᠤᠯᠢ | ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠦᠭᠰᠡᠨ ᠳ᠋ᠦᠩᠨᠡᠯᠲᠡ ᠵᠡᠷᠭᠡ ᠮᠡᠳᠡᠭᠡ ᠵᠠᠩᠭᠢ ᠶᠢ ᠨᠡᠶᠢᠭᠡᠮ ᠳᠤ | ᠢᠯᠡ ᠨᠡᠶᠢᠳᠡᠯᠡᠵᠦ᠂ ᠨᠡᠶᠢᠭᠡᠮ ᠤᠨ ᠬᠢᠨᠠᠯᠳᠠ ᠶᠢ ᠬᠦᠯᠢᠶᠡᠨ᠎ᠡ᠃ 2. ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ | ᠲᠡᠮᠳᠡᠭᠯᠡᠵᠦ ᠪᠦᠬᠦ ᠶᠠᠪᠤᠴᠠ ᠳᠤ ᠮᠥᠷ ᠦᠯᠡᠳᠡᠭᠡᠨ ᠪᠤᠴᠠᠵᠤ ᠮᠦᠷᠳᠡᠵᠦ ᠪᠣᠯᠬᠤ ᠬᠠᠤᠯᠢ ᠬᠡᠷᠡᠭᠵᠢᠭᠦᠯᠬᠦ ᠪᠦᠬᠦ | ᠶᠠᠪᠤᠴᠠ ᠶᠢ ᠲᠡᠮᠳᠡᠭᠯᠡᠬᠦ ᠨᠢ ᠬᠠᠤᠯᠢ ᠬᠡᠷᠡᠭᠵᠢᠭᠦᠯᠬᠦ ᠶᠠᠪᠤᠴᠠ ᠶᠢᠨ ᠬᠠᠤᠯᠢ ᠶᠣᠰᠣᠨ ᠳᠤ ᠨᠡᠶᠢᠴᠡᠬᠦ ᠶᠢ ᠬᠠᠷᠠᠭᠤᠯᠵᠤ | ᠪᠠᠶᠢᠨ᠎ᠠ᠃ ᠵᠢᠯᠣᠭᠤᠳᠬᠤ ᠰᠠᠨᠠᠯ ᠳᠤ ᠲᠣᠳᠣᠷᠬᠠᠶᠢᠯᠠᠭᠰᠠᠨ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠨᠢ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠯ ᠤᠨ ᠠᠷᠭ᠎ᠠ ᠬᠡᠯᠪᠡᠷᠢ ᠪᠠᠷ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠬᠢᠯᠡᠭᠦᠯᠬᠦ᠂ ᠪᠠᠶᠢᠴᠠᠭᠠᠵᠤ ᠭᠡᠷᠡᠴᠢ ᠠᠪᠬᠤ ᠵᠡᠷᠭᠡ ᠪᠦᠬᠦ | ᠶᠠᠪᠤᠴᠠ ᠶᠢ ᠲᠡᠮᠳᠡᠭᠯᠡᠵᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠮᠥᠷ ᠦᠯᠡᠳᠡᠭᠡᠵᠦ ᠪᠤᠴᠠᠵᠤ ᠮᠥᠷᠳᠡᠵᠦ | ᠪᠣᠯᠬᠤ ᠪᠠᠷ ᠬᠠᠮᠢᠶᠠᠷᠤᠨ᠎ᠠ᠃ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠵᠦ ᠬᠤᠷᠢᠶᠠᠨ ᠠᠪᠬᠤ᠂ | ᠠᠯᠪᠠᠳᠠᠯᠭ᠎ᠠ ᠪᠠᠷ ᠨᠤᠷᠠᠭᠠᠬᠤ ᠵᠡᠷᠭᠡ ᠬᠤᠪᠢ ᠬᠥᠮᠥᠨ ᠤ ᠡᠷᠬᠡ ᠴᠢᠯᠦᠭᠡ᠂ ᠠᠮᠢ ᠨᠠᠰᠤ ᠡᠷᠡᠭᠦᠯ ᠴᠢᠭᠢᠷᠠᠭ᠂ ᠴᠢᠬᠤᠯᠠ | ᠶᠡᠭᠡ ᠡᠳ᠋ ᠬᠥᠷᠥᠩᠭᠡ ᠶᠢᠨ ᠡᠷᠬᠡ ᠠᠰᠢᠭ ᠲᠠᠢ ᠬᠤᠯᠪᠣᠭᠳᠠᠬᠤ ᠠᠬᠤᠢ ᠲᠠᠯᠠᠪᠠᠢ ᠳᠡᠭᠡᠷᠡᠬᠢ ᠬᠠᠤᠯᠢ ᠬᠡᠷᠡᠭᠵᠢᠭᠦᠯᠬᠦ | ᠠᠵᠢᠯᠯᠠᠭ᠎ᠠ ᠪᠠ ᠬᠠᠤᠯᠢ ᠬᠡᠷᠡᠭᠵᠢᠭᠦᠯᠦᠨ ᠬᠡᠷᠡᠭ ᠰᠢᠢᠳᠬᠡᠬᠦ ᠭᠠᠵᠠᠷ ᠲᠤ ᠪᠦᠬᠦ ᠶᠠᠪᠤᠴᠠ ᠳᠤ ᠳᠠᠭᠤ ᠳᠦᠷᠰᠦ | ᠰᠢᠩᠭᠡᠭᠡᠯᠲᠡ ᠪᠠᠷ ᠲᠡᠮᠳᠡᠭᠯᠡᠬᠦ ᠬᠡᠷᠡᠭᠲᠡᠢ᠃ 3. ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠡᠷᠬᠡᠪᠰᠢ ᠬᠠᠤᠯᠢ | ᠴᠠᠭᠠᠵᠠ ᠳᠤ ᠨᠡᠶᠢᠴᠡᠬᠦ ᠬᠢᠨᠠᠯᠲᠠ ᠶᠢ ᠥᠩᠭᠡᠷᠡᠭᠡᠭᠰᠡᠨ ᠪᠠᠶᠢᠬᠤ ᠬᠡᠷᠡᠭᠲᠡᠢ ᠴᠢᠬᠤᠯᠠ ᠶᠡᠭᠡ ᠬᠠᠤᠯᠢ ᠬᠡᠷᠡᠭᠵᠢᠭᠦᠯᠬᠦ | ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ ᠳᠦᠷᠢᠮ ᠨᠢ ᠴᠢᠬᠤᠯᠠ ᠶᠡᠭᠡ ᠬᠠᠤᠯᠢ ᠬᠡᠷᠡᠭᠵᠢᠭᠦᠯᠬᠦ | ᠲᠣᠭᠲᠠᠭᠠᠯ ᠨᠢ ᠡᠷᠬᠡᠪᠰᠢ ᠬᠠᠤᠯᠢ ᠴᠠᠭᠠᠵᠠ ᠳᠤ ᠨᠡᠶᠢᠴᠡᠬᠦ ᠬᠢᠨᠠᠯᠲᠠ ᠶᠢ ᠦᠩᠭᠡᠷᠡᠭᠡᠬᠦ ᠶᠢ ᠪᠠᠳᠤᠯᠠᠵᠤ᠂ ᠬᠠᠤᠯᠢ | ᠬᠡᠷᠡᠭᠵᠢᠭᠦᠯᠦᠭᠴᠢ ᠲᠡᠭᠦᠨ ᠠᠴᠠ ᠳᠠᠪᠠᠵᠤ ᠪᠣᠯᠬᠤ ᠦᠭᠡᠢ᠃ |