ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠤᠷᠤᠨ ᠨᠤᠲᠤᠭ ᠤᠨ ᠴᠢᠨᠠᠷᠲᠠᠢ ᠤᠤᠭᠠᠨ | ᠬᠠᠤᠯᠢ ᠲᠦᠷᠢᠮ ᠤᠨ ᠲᠠᠪᠤᠨ ᠲᠤᠮᠤ ᠭᠢᠯᠠᠰ ᠴᠢᠭ ᠲᠠᠢ | | 12 ᠰᠠᠷ᠎ᠠ ᠶᠢᠨ 1 ᠤ ᠡᠲᠦᠷ ᠠᠴᠠ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ | ᠬᠦᠢᠯᠭᠡᠭᠡᠨ ᠤ ᠤᠷᠤᠨ ᠨᠤᠲᠤᠭ ᠤᠨ ᠴᠢᠨᠠᠷᠲᠠᠢ ᠤᠤᠭᠠᠨ ᠬᠠᠤᠯᠢ ᠲᠦᠷᠢᠮ ︽ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠦᠷᠢᠮ ᠲᠤᠭᠲᠠᠭᠠᠯ | ︾ ᠢ ᠡᠬᠢᠯᠡᠨ ᠬᠡᠷᠡᠭᠵᠢᠬᠦᠯᠬᠦ ᠪᠤᠯᠤᠨ᠎ᠠ᠃ ᠡᠨᠡ ᠬᠦ ᠲᠦᠷᠮ ᠲᠤᠬᠲᠠᠭᠠᠯ ᠨᠢ ᠤᠯᠤᠰ ᠭᠡᠷ ᠬᠢᠭᠡᠳ ᠦᠪᠡᠷᠲᠡᠭᠡᠨ | ᠵᠠᠰᠠᠬᠤ ᠤᠷᠤᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠬᠠᠮᠤᠭ ᠤᠨ ᠰᠢᠨ᠎ᠡ ᠲᠦᠷᠦ ᠶᠢᠨ ᠪᠤᠲᠤᠯᠭ᠎ᠠ ᠶᠢᠨ | ᠬᠦᠲᠡᠯᠦᠰᠢ ᠯᠦᠭᠡ ᠨᠠᠷᠢᠯᠢᠭ ᠤᠨᠤᠴᠢᠲᠠᠢ ᠠᠮᠠ ᠰᠡᠭᠡᠷ ᠵᠤᠯᠭᠠᠯᠴᠠᠵᠤ᠂ ᠠᠰᠠᠭᠤᠲᠠᠯ ᠢᠶᠠᠷ ᠬᠦᠲᠦᠯᠪᠤᠷᠢ ᠪᠤᠯᠭᠠᠬᠤ᠂ | ᠬᠡᠷᠡᠭᠴᠡᠭᠡ ᠪᠠᠷ ᠬᠦᠲᠦᠯᠪᠦᠷᠢ ᠪᠤᠯᠭᠠᠬᠤ ᠶᠢ ᠪᠠᠷᠢᠮᠲᠠᠯᠠᠨ᠂ ᠬᠠᠮᠢᠶᠠᠷᠤᠯᠲᠠ ᠶᠢ ᠴᠢᠩᠭᠠᠳᠬᠠᠬᠤ᠂ ᠲᠦᠭᠰᠢᠬᠦᠷᠢ ᠶᠢ | ᠰᠡᠷᠭᠡᠶᠢᠯᠡᠬᠦ᠂ ᠬᠦᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠨ᠂ ᠴᠢᠩᠭ᠎ᠠ ᠬᠠᠮᠢᠶᠠᠷᠤᠯᠲᠠ᠂ ᠰᠠᠶᠢᠨ | ᠬᠠᠮᠢᠶᠠᠷᠤᠯᠲᠠ᠂ ᠰᠢᠯᠢᠲᠡᠭ ᠬᠠᠮᠢᠶᠠᠷᠤᠯᠲᠠ ᠶᠢᠨ ᠤᠬᠠᠬᠲᠠᠬᠤᠨ ᠢ ᠪᠡᠶᠡᠴᠢᠯᠡᠬᠦᠯᠦᠭᠰᠡᠨ ᠪᠦᠭᠡᠳ ᠲᠦᠷᠢᠮ | ᠲᠤᠬᠲᠠᠭᠠᠯ ᠤᠨ ᠲᠦᠰᠦᠪᠯᠡᠯ ᠳᠤ ᠪᠠᠨ ᠰᠢᠰᠲ᠋ᠧᠮᠴᠢ ᠴᠢᠨᠠᠷ᠂ ᠴᠢᠭᠯᠡᠬᠦᠯᠲᠦ ᠴᠢᠨᠠᠷ ᠪᠠ ᠠᠵᠢᠯᠯᠠᠬᠤ ᠴᠢᠨᠠᠷ ᠢ | ᠲᠤᠪᠤᠶᠢᠯᠭᠠᠪᠠ᠂ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠦᠨᠢ ᠤᠲᠠᠭᠠᠨ ᠠᠮᠤᠷ | ᠲᠦᠪᠰᠢᠨ ᠪᠠᠶᠢᠯᠭᠠᠬᠤ ᠴᠢᠬᠤᠯᠠ ᠶᠡᠭᠡ ᠰᠢᠪᠲᠤᠯᠤᠯᠲᠠ᠂ ᠦᠨᠲᠦᠰᠦᠨ ᠪᠠᠷᠢᠮᠲᠠᠯᠠᠯ᠂ ᠬᠠᠤᠯᠢ ᠲᠦᠷᠢᠮ ᠤᠨ | ᠪᠠᠳᠤᠯᠠᠭ᠎ᠠ ᠪᠤᠯᠬᠤ ᠶᠤᠮ᠃ ︽ᠲᠦᠷᠢᠮ ᠲᠤᠬᠲᠠᠭᠠᠯ︾ ᠲᠠᠪᠤᠨ ᠲᠤᠮᠤ ᠭᠢᠯᠠᠰ ᠴᠢᠭ ᠲᠠᠢ᠄ ᠤᠷᠤᠨ | ᠨᠤᠲᠤᠭ ᠤᠨ ᠮᠦᠩᠭᠦᠨ ᠬᠦᠢᠯᠭᠡᠭᠡᠨ ᠤ ᠭᠤᠷᠪᠠᠨ ᠱᠠᠳᠤᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠬᠦᠯᠵᠡᠢ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠠᠢ ᠤᠯᠤᠰ | ᠭᠡᠷ ᠠᠴᠠ ᠲᠤᠭᠲᠠᠭᠠᠬᠰᠠᠨ ᠲᠤᠰᠢᠶᠠᠯ ᠬᠠᠷᠢᠭᠤᠴᠠᠯᠭ᠎ᠠ ᠶᠢ ᠰᠠᠶᠢᠳᠤᠷ ᠬᠡᠷᠡᠭᠵᠢᠬᠦᠯᠦᠨ ᠬᠦᠢᠴᠡᠳᠭᠡᠬᠦ ᠶᠢᠨ ᠲᠦᠯᠦᠭᠡ᠂ | ︽ᠲᠦᠷᠢᠮ ᠲᠤᠬᠲᠠᠭᠠᠯ︾ ᠳᠤ ᠡᠷᠬᠡ ᠬᠠᠷᠢᠭᠤᠴᠠᠯᠭ᠎ᠠ ᠶᠢ ᠨᠢᠭᠡᠲᠦᠯᠲᠡᠢ ᠪᠤᠯᠭᠠᠬᠤ᠂ ᠭᠤᠷᠪᠠᠨ ᠱᠠᠳᠤ ᠪᠠᠷ | ᠬᠤᠯᠪᠤᠭᠠᠯᠠᠨ ᠬᠠᠮᠢᠶᠠᠷᠬᠤ ᠬᠢᠨᠠᠨ ᠬᠠᠮᠢᠶᠠᠷᠤᠯᠲᠠ ᠶᠢᠨ ᠰᠢᠰᠲ᠋ᠧᠮ ᠪᠡ ᠨᠢᠭᠡᠲᠦᠯᠲᠡᠢ ᠲᠦᠯᠦᠪᠯᠡᠵᠦ ᠵᠤᠬᠢᠴᠠᠭᠤᠯᠬᠤ᠂ | ᠠᠵᠢᠯ ᠤᠨ ᠬᠤᠪᠢᠶᠠᠷᠢ ᠪᠠᠷ ᠬᠠᠪᠰᠤᠷᠤᠯᠴᠠᠬᠤ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠲᠤᠲᠤᠷᠬᠠᠶᠢᠯᠠᠵᠠᠢ᠃ ︽ | ᠲᠦᠷᠢᠮ ᠲᠤᠬᠲᠠᠭᠠᠯ︾ ᠳᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠮᠦᠩᠭᠦᠨ | ᠬᠦᠢᠯᠭᠡᠭᠡᠨ ᠤ ᠠᠵᠢᠯ ᠤᠨ ᠬᠡᠷᠡᠭ ᠵᠦᠪᠲᠡᠬᠦ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠬᠦᠯᠬᠦ ᠪᠦᠭᠡᠳ | ᠲᠦᠷᠦ ᠶᠢᠨ ᠶᠠᠪᠤᠲᠠᠯ ᠤᠨ ᠬᠤᠷᠢᠶ᠎ᠠ ᠶᠢᠨ ᠮᠦᠩᠭᠦᠨ ᠬᠦᠢᠯᠭᠡᠭᠡᠨ ᠢ ᠲᠤᠭᠲᠠᠭᠤᠨ ᠬᠦᠭᠵᠢᠬᠦᠯᠬᠦ ᠵᠦᠪᠯᠡᠯ ᠤᠨ ᠠᠯᠪᠠᠨ | ᠭᠡᠷ ᠤᠨ ᠤᠷᠤᠨ ᠨᠤᠲᠤᠭ ᠤᠨ ᠵᠤᠬᠢᠴᠠᠭᠤᠯᠬᠤ ᠲᠤᠭᠲᠠᠴᠠ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠪᠠ︔ | ᠠᠶᠢᠮᠠᠭ ᠬᠤᠲᠠ᠂ ᠬᠤᠰᠢᠭᠤ ᠰᠢᠶᠠᠨ ᠤ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠠᠵᠢᠯ ᠤᠨ | ᠪᠠᠶᠢᠭᠤᠯᠤᠮᠵᠢ ᠳᠤ ᠬᠢᠨᠠᠨ ᠬᠠᠮᠢᠶᠠᠷᠤᠯᠲᠠ ᠪᠠ ᠲᠦᠭᠰᠢᠬᠦᠷᠢ ᠶᠢ ᠰᠡᠷᠬᠡᠶᠢᠯᠡᠬᠦ ᠪᠡ ᠰᠢᠢᠳᠪᠦᠷᠢᠯᠡᠬᠦ ᠬᠠᠷᠢᠭᠤᠴᠠᠯᠭ᠎ᠠ ᠶᠢᠨ | ᠡᠷᠬᠡ ᠤᠯᠭᠤᠪᠠ︔ ᠪᠤᠰᠤᠳ ᠰᠠᠯᠠᠭ᠎ᠠ ᠮᠦᠴᠢᠷ ᠤᠨ ᠬᠢᠨ ᠲᠤᠰ ᠲᠤᠰ ᠤᠨ ᠬᠢᠨ ᠢᠶᠠᠨ ᠲᠤᠰᠢᠶᠠᠯ ᠬᠠᠷᠢᠭᠤᠴᠠᠯᠭ᠎ᠠ | ᠶᠤᠰᠤᠭᠠᠷ ᠬᠠᠮᠢᠶ᠎ᠠ ᠪᠦᠬᠦᠢ ᠠᠵᠢᠯ ᠢᠶᠠᠨ ᠰᠠᠶᠢᠳᠤᠷ ᠬᠢᠬᠦ ᠶᠢ ᠱᠠᠭᠠᠷᠲᠠᠵᠠᠢ᠃ ᠤᠷᠤᠨ ᠨᠤᠲᠤᠭ ᠤᠨ | ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠢᠷᠤᠮᠵᠢᠬᠰᠠᠨ ᠰᠢᠰᠲ᠋ᠧᠮ ᠢ ᠲᠤᠲᠤᠷᠬᠠᠢ | ᠪᠤᠯᠭᠠᠵᠠᠢ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠠᠢ ᠤᠯᠤᠰ ᠭᠡᠷ ᠤᠨ | ᠲᠦᠭᠡᠮᠡᠯ ᠲᠦᠷᠢᠮᠯᠡᠯ ᠪᠠ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ | ᠬᠠᠮᠢᠶᠠᠷᠤᠯᠲᠠ ᠶᠢᠨ ᠦᠢᠯᠡᠲᠦᠯᠭᠡ ᠶᠢᠨ ᠲᠤᠷᠰᠢᠯᠭ᠎ᠠ ᠪᠠᠷ ᠯᠠᠪᠯᠠᠯᠲᠠ ᠪᠤᠯᠭᠠᠵᠤ᠂ ︽ᠲᠦᠷᠢᠮ ᠲᠤᠬᠲᠠᠭᠠᠯ︾ ᠤᠷᠤᠨ | ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ ᠬᠤᠯᠪᠤᠬᠲᠠᠬᠰᠠᠨ ᠨᠡᠶᠢᠲᠡᠴᠢ ᠴᠢᠨᠠᠷ ᠤᠨ | ᠠᠰᠠᠭᠤᠲᠠᠯ ᠠᠴᠠ ᠡᠬᠦᠰᠴᠦ᠂ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ | ᠬᠠᠨᠳᠤᠭᠤᠯᠤᠬᠰᠠᠨ ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ᠂ ᠬᠦᠮᠦᠨ ᠬᠠᠷ᠎ᠠ ᠶᠢᠨ ᠬᠢᠨᠠᠨ ᠬᠠᠮᠢᠶᠠᠷᠤᠯᠲᠠ᠂ | ᠦᠢᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ᠂ ᠲᠦᠷᠢᠮ ᠳᠤ ᠨᠡᠶᠢᠴᠡᠬᠦ ᠬᠢᠨᠠᠨ ᠬᠠᠮᠢᠶᠠᠷᠤᠯᠲᠠ ᠵᠡᠷᠭᠡ | ᠲᠠᠯ᠎ᠠ ᠪᠠᠷ ᠬᠢ ᠵᠢᠷᠤᠮᠵᠢᠭᠤᠨ ᠱᠠᠭᠠᠷᠲᠠᠯᠭ᠎ᠠ ᠶᠢ ᠲᠤᠲᠤᠷᠬᠠᠢ ᠪᠤᠯᠭᠠᠵᠤ᠂ ᠤᠷᠤᠨ ᠨᠤᠲᠤᠭ ᠤᠨ ᠮᠦᠩᠭᠦᠨ | ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢ ᠡᠬᠢ ᠭᠠᠷᠤᠯ ᠳᠤ ᠨᠢ ᠪᠤᠴᠠᠭᠤᠯᠵᠤ᠂ ᠭᠤᠤᠯ ᠠᠵᠢᠯ ᠲᠦᠷᠦᠯ ᠳᠡᠭᠡᠨ | ᠠᠩᠬᠠᠷᠤᠯ ᠢᠶᠠᠨ ᠲᠦᠪᠯᠡᠷᠡᠬᠦᠯᠦᠨ᠂ ᠤᠷᠤᠨ ᠪᠠᠶᠢᠷᠢ ᠪᠠᠨ ᠨᠠᠷᠢᠯᠠᠭ ᠤᠨᠤᠴᠢᠲᠠᠢ ᠤᠯᠤᠭᠤᠯᠬᠤ ᠶᠢᠨ ᠵᠡᠷᠭᠡᠲᠡ | ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠤᠷᠤᠨ ᠨᠤᠲᠤᠭ ᠤᠨ ᠮᠦᠩᠭᠦᠨ | ᠬᠦᠢᠯᠭᠡᠭᠡᠨ ᠢ ᠬᠦᠲᠦᠯᠦᠨ ᠲᠠᠭᠠᠭᠤᠯᠵᠤ ᠪᠠᠶᠢᠭᠠᠳ ᠴᠢᠨᠠᠷ ᠰᠠᠶᠢᠲᠠᠢ ᠦᠢᠯᠡᠴᠢᠯᠡᠭᠡ ᠶᠢᠨ ᠠᠵᠤ ᠠᠬᠤᠢ ᠶᠢᠨ ᠪᠤᠲᠠᠳᠤ | ᠴᠤᠭᠴᠠ ᠪᠤᠯᠭᠠᠬᠤ ᠶᠢ ᠱᠠᠭᠠᠷᠲᠠᠪᠠ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠲᠦᠭᠰᠢᠬᠦᠷᠢ ᠶᠢ ᠰᠡᠷᠬᠡᠶᠢᠯᠡᠬᠦ | ᠬᠢᠭᠡᠳ ᠰᠢᠢᠳᠪᠦᠷᠢᠯᠡᠬᠦ ᠠᠵᠢᠯ ᠤᠨ ᠰᠢᠰᠲ᠋ᠧᠮ ᠢ ᠴᠢᠩᠭᠠᠷᠠᠭᠤᠯᠵᠠᠢ᠃ ᠮᠦᠩᠭᠦᠨ ᠬᠦᠢᠯᠭᠡᠭᠡᠨ ᠤ ᠬᠦᠨᠲᠦ ᠶᠡᠭᠡ | ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠰᠢᠪᠳᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠤᠯᠤᠰ | ᠭᠡᠷ ᠤᠨ ᠴᠢᠬᠤᠯᠠ ᠶᠡᠭᠡ ᠪᠠᠶᠢᠷᠢᠯᠠᠭᠤᠯᠤᠲᠠ ᠶᠢ ᠲᠤᠤᠱᠯᠠᠭᠤᠯᠬᠤ ᠶᠢᠨ ᠲᠦᠯᠦᠭᠡ᠂ ︽ᠲᠦᠷᠢᠮ ᠲᠤᠬᠲᠠᠭᠠᠯ︾ ᠳᠤ | ᠲᠦᠭᠰᠢᠬᠦᠷᠢ ᠶᠢᠨ ᠰᠡᠷᠬᠡᠶᠢᠯᠡᠯᠲᠡ ᠡᠵᠡᠮᠲᠡᠯ ᠳᠤ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠠᠪᠤᠭᠤᠯᠵᠤ᠂ | ᠬᠤᠯᠪᠤᠬᠲᠠᠯ ᠪᠦᠬᠦᠢ ᠡᠯ᠎ᠡ ᠰᠠᠯᠠᠭ᠎ᠠ ᠮᠦᠴᠢᠷ ᠤᠨ ᠬᠠᠮᠵᠢᠯᠴᠠᠭ᠎ᠠ ᠬᠤᠷᠰᠢᠯᠴᠠᠭ᠎ᠠ ᠶᠢ ᠴᠢᠩᠭᠠᠷᠠᠭᠤᠯᠤᠨ᠂ ᠲᠤᠭᠲᠠᠴᠠ | ᠪᠦᠷᠢᠨ ᠲᠡᠬᠦᠯᠲᠡᠷ᠂ ᠲᠤᠰᠢᠶᠠᠯ ᠬᠠᠷᠢᠭᠤᠴᠠᠯᠭ᠎ᠠ ᠲᠤᠲᠤᠷᠬᠠᠢ᠂ ᠬᠡᠰᠡᠭ ᠵᠤᠷᠪᠤᠰ ᠬᠤᠯᠪᠤᠭᠠᠯᠠᠨ ᠬᠦᠲᠡᠯᠬᠦ ᠰᠡᠷᠭᠡᠶᠢᠯᠡᠨ | ᠡᠵᠡᠮᠲᠡᠬᠦ ᠰᠢᠰᠲ᠋ᠧᠮ ᠢ ᠪᠦᠷᠢᠯᠲᠦᠬᠦᠯᠵᠡᠢ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠢ ᠠᠬᠢᠭᠤᠯᠬᠤ ᠬᠢᠭᠡᠳ | ᠬᠦᠭᠵᠢᠬᠦᠯᠬᠦ ᠲᠦᠷᠦ ᠶᠢᠨ ᠪᠤᠲᠤᠯᠭ᠎ᠠ ᠶᠢᠨ ᠰᠢᠰᠲ᠋ᠧᠮ ᠢ ᠪᠦᠷᠢᠨᠰᠢᠬᠦᠯᠪᠡ᠃ ᠦᠪᠦᠷ ᠮᠤᠩᠭᠤᠯ ᠤᠨ ᠮᠦᠩᠭᠦᠨ | ᠬᠦᠢᠯᠭᠡᠭᠡᠨ ᠤ ᠬᠦᠭᠵᠢᠯᠲᠡ ᠶᠢᠨ ᠰᠠᠭᠤᠷᠢ ᠨᠡᠯᠢᠶᠡᠳ ᠪᠠᠭᠤᠷᠠᠢ ᠪᠠᠶᠢᠬᠤ ᠪᠤᠲᠠᠳᠤ ᠪᠠᠶᠢᠲᠠᠯ ᠳᠤ ᠴᠢᠭᠯᠡᠬᠦᠯᠦᠨ᠂ ᠬᠢᠨᠠᠨ | ᠬᠠᠮᠢᠶᠠᠷᠤᠯᠲᠠ ᠬᠢᠭᠡᠳ ᠦᠢᠯᠡᠴᠢᠯᠡᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠪᠠ᠃ ︽ᠲᠦᠷᠢᠮ ᠲᠤᠬᠲᠠᠭᠠᠯ︾ | ᠳᠤ ᠨᠢᠭᠡᠨᠲᠡᠬᠦᠷ ᠮᠦᠩᠭᠦᠨ ᠬᠦᠢᠯᠭᠡᠭᠡᠨ ᠤ ᠠᠵᠢᠯ ᠦᠢᠯᠡᠰ ᠤᠨ ᠲᠤᠰ ᠪᠡᠶ᠎ᠡ ᠤᠨ ᠬᠦᠭᠵᠢᠯᠲᠡ ᠶᠢ ᠲᠡᠮᠵᠢᠬᠦ ᠠᠴᠠ | ᠡᠭᠦᠰᠴᠦ᠂ ᠬᠦᠭᠵᠢᠬᠦᠯᠬᠦ ᠤᠳᠤᠷᠢᠳᠤᠨ ᠲᠠᠭᠠᠭᠤᠯᠬᠤ᠂ ᠬᠠᠮᠳᠤᠷᠠᠯᠴᠠᠬᠤ ᠶᠢ ᠬᠠᠷᠭᠠᠯᠵᠠᠬᠰᠠᠨ ᠲᠤᠭᠲᠠᠴᠠ ᠶᠢ | ᠲᠤᠲᠤᠷᠬᠠᠶᠢᠯᠠᠨ᠂ ᠮᠦᠩᠭᠦᠨ ᠬᠦᠢᠯᠭᠡᠭᠡᠨ ᠤ ᠦᠭᠡᠷᠡᠴᠢᠯᠡᠯᠲᠡ ᠪᠠ ᠤᠷᠢᠲᠠᠪᠠᠷ ᠬᠦᠲᠡᠯᠵᠦ ᠤᠷᠢᠲᠠᠪᠠᠷ ᠲᠤᠷᠰᠢᠯᠲᠠ | ᠦᠷᠨᠢᠬᠦᠯᠬᠦ ᠶᠢ ᠲᠡᠮᠵᠢᠨ᠂ ᠮᠦᠩᠭᠦᠨ ᠬᠦᠢᠯᠭᠡᠭᠡᠨ ᠤ ᠲᠦᠷᠦ ᠶᠢᠨ ᠪᠤᠲᠤᠯᠭ᠎ᠠ ᠶᠢᠨ ᠤᠷᠴᠢᠨ ᠠᠬᠤᠢ ᠪᠠ ᠬᠠᠤᠯᠢ | ᠴᠠᠭᠠᠵᠠ ᠶᠢᠨ ᠤᠷᠴᠢᠨ ᠠᠬᠤᠢ ᠶᠢ ᠶᠡᠬᠡᠪᠡᠷ ᠰᠢᠯᠢᠲᠡᠭᠵᠢᠬᠦᠯᠬᠦ ᠵᠡᠷᠭᠡ ᠲᠦᠷᠦ ᠶᠢᠨ ᠪᠤᠲᠤᠯᠭ᠎ᠠ ᠶᠢᠨ ᠠᠷᠭ᠎ᠠ | ᠠᠪᠴᠠᠯ ᠢ ᠠᠪᠴᠤ︔ ᠨᠦᠬᠦᠭᠡᠲᠡᠬᠦᠷ ᠮᠦᠩᠭᠦᠨ ᠬᠦᠢᠯᠭᠡᠭᠡᠨ ᠤ ᠡᠯᠧᠮᠧᠨ᠋ᠲ ᠢ ᠤᠳᠤᠷᠢᠳᠤᠨ ᠲᠠᠭᠠᠭᠤᠯᠵᠤ ᠪᠤᠲᠠᠳᠤ | ᠴᠤᠭᠴᠠ ᠶᠢᠨ ᠠᠵᠤ ᠠᠬᠤᠢ ᠳᠤ ᠨᠡᠩ ᠰᠠᠶᠢᠨ ᠢᠶᠠᠷ ᠦᠢᠯᠡᠴᠢᠯᠡᠬᠦᠯᠬᠦ ᠠᠴᠠ ᠭᠠᠷᠲᠠᠨ᠂ ᠮᠦᠩᠭᠦᠨ ᠬᠦᠢᠯᠭᠡᠭᠡᠨ ᠤ | ᠦᠢᠯᠡᠴᠢᠯᠡᠭᠡ ᠶᠢᠨ ᠵᠤᠯᠭᠠᠯᠴᠠᠭ᠎ᠠ᠂ ᠦᠨᠡᠯᠡᠯᠲᠡ᠂ ᠵᠠᠷᠯᠠᠨ ᠨᠡᠶᠢᠲᠡᠯᠡᠬᠦ ᠲᠤᠭᠳᠠᠴᠠ ᠪᠠ ᠡᠳ᠋ ᠤᠨ ᠵᠠᠰᠠᠭ ᠠᠴᠠ | ᠱᠠᠩᠨᠠᠬᠤ ᠨᠦᠬᠦᠪᠦᠷᠢ ᠦᠭᠬᠦ ᠲᠦᠷᠦ ᠶᠢᠨ ᠪᠤᠲᠤᠯᠭ᠎ᠠ ᠶᠢ ᠪᠠᠶᠢᠭᠤᠯᠤᠨ ᠪᠦᠷᠢᠨᠰᠢᠬᠦᠯᠵᠦ᠂ ᠦᠭᠭᠦᠭᠡᠴᠢ ᠲᠠᠢ ᠮᠦᠩᠭᠦᠨ | ᠭᠦᠢᠯᠭᠡᠭᠡ᠂ ᠰᠢᠨᠵᠢᠯᠡᠭᠡ ᠮᠡᠷᠭᠡᠵᠢᠯ ᠤᠨ ᠮᠦᠩᠭᠦᠨ ᠬᠦᠢᠯᠭᠡᠭᠡ᠂ ᠪᠤᠬᠢᠷᠲᠤᠯ ᠦᠭᠡᠢ ᠮᠦᠩᠭᠦᠨ ᠭᠦᠢᠯᠭᠡᠭᠡ ᠶᠢᠨ | ᠬᠦᠭᠵᠢᠯᠲᠡ ᠶᠢ ᠠᠬᠢᠭᠤᠯᠬᠤ ᠪᠦᠭᠡᠳ ᠠᠵᠤ ᠠᠬᠤᠶᠢᠯᠠᠯ ᠤᠨ ᠬᠦᠢᠯᠭᠡᠭᠡᠨ ᠤ ᠪᠡᠯᠡ ᠮᠦᠩᠭᠦ ᠶᠢᠨ ᠪᠦᠲᠦᠴᠡ ᠶᠢ | ᠰᠠᠶᠢᠵᠢᠷᠠᠭᠤᠯᠤᠨ᠂ ᠬᠥᠷᠥᠩᠭᠡ ᠶᠢᠨ ᠵᠠᠬ᠎ᠠ ᠲᠡᠯᠭᠡᠭᠦᠷ ᠤᠨ ᠲᠤᠲᠠᠭᠤᠲᠠᠯ ᠢ ᠨᠦᠬᠦᠪᠦᠷᠢᠯᠡᠨ᠎ᠡ ᠭᠡᠵᠡᠢ᠃ ᠠᠭᠤᠴᠢᠯᠠᠬᠤ | ᠶᠠᠯᠠᠯᠠᠬᠤ ᠶᠢ ᠬᠤᠤᠰᠯᠠᠭᠤᠯᠤᠬᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠲᠤᠲᠤᠷᠬᠠᠢ | ᠲᠤᠭᠲᠠᠪᠠ᠃ ᠬᠠᠤᠯᠢ ᠶᠢᠨ ᠬᠠᠷᠢᠭᠤᠴᠠᠯᠭ᠎ᠠ ᠶᠢᠨ ᠲᠦᠰᠦᠪᠯᠡᠯ ᠤᠨ ᠲᠠᠯ᠎ᠠ ᠪᠠᠷ᠂ ︽ᠲᠦᠷᠢᠮ ᠲᠤᠬᠲᠠᠭᠠᠯ︾ ᠤᠯᠤᠰ | ᠭᠡᠷ ᠤᠨ ᠨᠢᠭᠡᠨᠲᠡ ᠪᠠᠶᠢᠲᠠᠭ ᠠᠵᠢᠯ ᠲᠦᠷᠦᠯ ᠤᠨ ᠬᠠᠮᠢᠶ᠎ᠠ ᠪᠦᠬᠦᠢ ᠲᠤᠭᠲᠠᠭᠠᠯ ᠢᠶᠠᠷ ᠯᠠᠪᠯᠠᠯᠲᠠ ᠪᠤᠯᠭᠠᠨ᠂ ᠦᠪᠦᠷ | ᠮᠤᠩᠭᠤᠯ ᠤᠨ ᠠᠵᠤ ᠠᠬᠤᠢ ᠮᠦᠩᠬᠦᠨ ᠬᠦᠢᠯᠭᠡᠭᠡᠨ ᠤ ᠬᠦᠭᠵᠢᠯᠲᠡ ᠶᠢᠨ ᠲᠦᠪᠰᠢᠨ ᠯᠦᠭᠡ ᠤᠶᠠᠯᠳᠤᠭᠤᠯᠵᠤ᠂ | ᠮᠦᠩᠭᠦᠨ ᠬᠦᠢᠯᠭᠡᠭᠡᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠬᠦ ᠶᠢ | ᠪᠠᠷᠢᠮᠲᠠᠯᠠᠬᠤ ᠶᠢᠨ ᠵᠡᠷᠭᠡᠲᠡ᠂ ᠬᠠᠤᠯᠢ ᠵᠦᠷᠢᠴᠡᠭᠰᠡᠨ ᠲᠦᠷᠢᠮ ᠵᠦᠷᠢᠴᠡᠭᠰᠡᠨ ᠦᠢᠯᠡ ᠠᠵᠢᠯᠯᠠᠭ᠎ᠠ ᠶᠢᠨ ᠬᠦᠨᠲᠦ | ᠬᠦᠩᠭᠡᠨ ᠤ ᠬᠡᠮᠵᠢᠶ᠎ᠡ ᠶᠢ ᠦᠨᠲᠦᠰᠦᠯᠡᠨ᠂ ᠶᠠᠯᠠᠯᠠᠨ ᠰᠢᠳᠭᠡᠬᠦ ᠬᠦᠴᠦᠯᠡᠴᠡ ᠶᠢᠨ ᠲᠠᠯ᠎ᠠ ᠪᠠᠷ ᠱᠠᠳᠤ ᠲᠠᠪᠬᠤᠷᠭ᠎ᠠ | ᠬᠡᠮᠵᠢᠶ᠎ᠡ ᠲᠤᠮᠵᠢᠶ᠎ᠠ ᠶᠢ ᠨᠢ ᠢᠯᠭᠠᠨ ᠰᠠᠯᠭᠠᠵᠤ᠂ ᠶᠠᠯᠠᠯᠠᠨ ᠲᠤᠷᠭᠠᠬᠤ ᠲᠤᠭ᠎ᠠ ᠬᠡᠮᠵᠢᠶ᠎ᠡ ᠶᠢᠨ ᠲᠠᠯ᠎ᠠ ᠪᠠᠷ | ᠴᠢᠲᠠᠬᠤ ᠶᠢᠨ ᠬᠢᠷᠢᠨ ᠳᠤ ᠵᠦᠢ ᠵᠤᠬᠢᠰᠲᠠᠢ ᠬᠡᠮᠵᠢᠶᠡᠨ ᠳᠤ ᠪᠠᠶᠢᠯᠠᠭᠠᠬᠤ ᠶᠢ ᠬᠢᠴᠢᠶᠡᠬᠦ ᠪᠦᠭᠡᠳ ᠠᠪᠤᠷᠠᠵᠤ ᠨᠬᠦᠭᠰᠡᠨ | ᠦᠢᠯᠡ ᠠᠵᠢᠯᠯᠠᠭ᠎ᠠ ᠲᠠᠢ ᠪᠤᠯ ᠬᠦᠩᠭᠡᠨ ᠢᠶᠠᠷ ᠰᠢᠢᠳᠪᠦᠷᠢᠯᠡᠨ᠎ᠡ ᠭᠡᠵᠡᠢ᠃ ︽ᠲᠦᠷᠢᠮ ᠲᠤᠬᠲᠠᠭᠠᠯ︾ ᠳᠤ ᠪᠠᠰᠠ ︽ | ᠬᠤᠤᠰ ᠲᠤᠷᠭᠠᠭᠤᠯᠢ ᠶᠢᠨ ᠲᠦᠷᠢᠮ︾ ᠬᠡᠷᠡᠭᠵᠢᠬᠦᠯᠬᠦ ᠬᠠᠶᠢᠯᠲᠠ ᠬᠢᠪᠡ᠂ ᠲᠤᠬᠠᠶᠢᠯᠠᠪᠠᠯ ᠤᠷᠤᠨ ᠨᠤᠲᠤᠭ ᠤᠨ | ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢᠨ ᠬᠠᠤᠯᠢ ᠵᠦᠷᠢᠴᠡᠭᠰᠡᠨ ᠦᠯᠡ ᠠᠵᠢᠯᠯᠠᠭ᠎ᠠ ᠳᠤ ᠲᠤᠷᠭᠠᠭᠤᠯᠢ | ᠰᠢᠳᠭᠡᠯ ᠦᠭᠬᠦ ᠶᠢᠨ ᠵᠡᠷᠭᠡᠲᠡ᠂ ᠰᠢᠭᠤᠳ ᠬᠠᠷᠢᠭᠤᠴᠠᠯᠭ᠎ᠠ ᠡᠬᠦᠷᠬᠦ ᠬᠡᠷᠡᠭ ᠮᠡᠲᠡᠭᠴᠢ᠂ ᠬᠢᠨᠠᠯᠲᠠ ᠲᠠᠯᠪᠢᠬᠴᠢ᠂ | ᠲᠡᠭᠡᠲᠦ ᠵᠡᠷᠭᠡ ᠶᠢᠨ ᠬᠠᠮᠢᠶᠠᠷᠤᠭᠴᠢ ᠳᠤ ᠪᠠᠰᠠ ᠲᠤᠷᠭᠠᠭᠤᠯᠢ ᠰᠢᠳᠭᠡᠯ ᠤᠨᠤᠬᠲᠠᠭᠤᠯᠤᠨᠠ ᠭᠡᠵᠦ ᠲᠤᠭᠲᠠᠪᠠ᠃ ︵︽ | ᠦᠪᠦᠷ ᠮᠤᠩᠭᠤᠯ ᠤᠨ ᠡᠲᠦᠷ ᠤᠨ ᠰᠤᠨᠢᠨ︾ ᠤ ᠰᠤᠷᠪᠤᠯᠵᠢᠯᠠᠭᠴᠢ ᠸᠠᠩ ᠯᠢᠶᠠᠨ ᠶᠢᠩ︶ | |