ᠪᠠᠷᠠᠭᠤᠨ ᠦᠵᠦᠮᠦᠴᠢᠨ ᠬᠤᠰᠢᠭᠤ ᠡᠪᠣᠯ ᠬᠠᠪᠣᠷ ᠤᠨ ᠣᠯᠠᠷᠢᠯ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠠᠵᠢᠯ ᠤᠨ ᠬᠤᠷᠠᠯ  ᠬᠤᠷᠠᠯᠳᠤᠭᠰᠠᠨ
ᠨᠡᠶᠢᠲᠡᠯᠡᠭᠰᠡᠨ ᠴᠠᠭ᠄
2021/1/7
  ᠪᠠᠷᠠᠭᠤᠨ ᠦᠵᠦᠮᠦᠴᠢᠨ ᠬᠤᠰᠢᠭᠤ ᠡᠪᠣᠯ ᠬᠠᠪᠣᠷ ᠤᠨ ᠣᠯᠠᠷᠢᠯ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ  ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠠᠵᠢᠯ ᠤᠨ ᠬᠤᠷᠠᠯ  ᠬᠤᠷᠠᠯᠳᠤᠭᠰᠠᠨ                                   1 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠡᠪᠣᠯ ᠬᠠᠪᠣᠷ ᠤᠨ ᠣᠯᠠᠷᠢᠯ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠠᠵᠢᠯ ᠤᠨ ᠬᠤᠷᠠᠯ ᠬᠤᠷᠠᠯᠳᠤᠵᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠵᠢᠯᠣᠭᠤᠳᠬᠤ ᠬᠡᠯᠳᠡᠰ ᠤᠨ ᠡᠯ᠎ᠡ ᠳᠣᠰᠬᠠᠢ ᠠᠵᠢᠯ ᠤᠨ ᠳᠣᠭᠤᠶᠢᠯᠠᠩ᠂ ᠡᠯ᠎ᠡ ᠬᠡᠰᠢᠬᠦᠨ ᠨᠢᠭᠡᠴᠡ ᠶᠢᠨ ᠬᠠᠷᠢᠭᠤᠴᠠᠭᠠᠯᠳᠠᠨ ᠬᠤᠷᠠᠯ  ᠳᠤ ᠣᠷᠣᠯᠴᠠᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠄ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠠᠵᠢᠯ ᠣᠳᠣᠬᠠᠨ  ᠳᠤ ᠪᠠᠴᠢᠮ ᠳᠦᠭᠰᠢᠬᠦᠷᠢᠳᠡᠢ ᠪᠠᠶᠢᠳᠠᠯ ᠳᠤ ᠣᠷᠣᠵᠦ᠂ ᠭᠠᠳᠠᠨ᠎ᠠ ᠣᠷᠣᠨ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠬᠡᠶᠢᠯᠡᠬᠦ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠪᠣᠯᠣᠨ᠎ᠠ᠃ ᠪᠦᠬᠦ ᠬᠤᠰᠢᠭᠤᠨ ᠤ ᠡᠯ᠎ᠡ ᠰᠠᠯᠠᠭ᠎ᠠ  ᠮᠦᠴᠢᠷ ᠨᠢ ᠡᠷᠬᠡᠪᠰᠢ ᠬᠠᠷᠢᠶ᠎ᠠ ᠣᠷᠣᠨ᠂ ᠠᠯᠪᠠᠨ ᠪᠠᠶᠢᠭᠤᠯᠭ᠎ᠠ᠂ ᠠᠵᠦ ᠠᠬᠤᠶᠢᠯᠠᠯ ᠤᠨ ᠨᠢᠬᠡᠴᠡ᠂ ᠬᠤᠪᠢ ᠬᠦᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠷᠢᠨ ᠨᠢᠮᠪᠠᠢ ᠨᠠᠶᠢᠳᠠᠪᠣᠷᠢᠵᠢᠭᠤᠯᠵᠦ᠂ ᠬᠠᠮᠳᠦ ᠪᠠᠷ ᠬᠠᠷᠢᠭᠤᠴᠠᠬᠤ ᠰᠢᠰᠲ᠋ᠧᠮ ᠤᠨ ᠪᠠᠶᠢᠭᠤᠯᠣᠯᠳᠠ ᠶᠢ ᠠᠬᠢᠭᠤᠯᠣᠨ᠂ ᠬᠠᠮᠵᠢᠯᠴᠠᠭ᠎ᠠ ᠪᠠᠨ ᠴᠢᠩᠭᠠᠳᠬᠠᠨ᠂ ᠰᠡᠷᠬᠡᠶᠢᠯᠡᠨ  ᠬᠤᠷᠢᠭᠯᠠᠬᠤ ᠲᠣᠣᠷ ᠰᠦᠯᠵᠢᠶᠡᠨ ᠤ ᠪᠠᠶᠢᠭᠤᠯᠣᠯᠳᠠ ᠶᠢ ᠴᠢᠩᠭᠠᠳᠬᠠᠵᠦ᠂ ᠣᠨᠴᠠᠭᠠᠶᠢᠯᠠᠨ ᠬᠦᠳᠡᠯᠦᠩᠭᠦᠢ ᠬᠦᠮᠦᠨ ᠠᠮᠠ ᠶᠢᠨ ᠬᠠᠮᠢᠶᠠᠷᠣᠯᠳᠠ ᠶᠢᠨ ᠡᠬᠦᠷᠬᠡ ᠬᠦᠨᠳᠦ ᠠᠭᠤᠷᠬᠠᠢ ᠶᠢᠨ ᠠᠵᠦ ᠠᠬᠤᠶᠢᠯᠠᠯ ᠨᠢ ᠡᠷᠬᠡᠪᠰᠢ ᠰᠡᠷᠬᠡᠶᠢᠯᠡᠨ ᠬᠤᠷᠢᠭᠯᠠᠬᠤ ᠠᠷᠭ᠎ᠠ ᠠᠪᠴᠠᠯ ᠢ ᠨᠢᠮᠪᠠᠢ ᠨᠠᠶᠢᠳᠠᠪᠣᠷᠢᠵᠢᠭᠤᠯᠣᠨ᠂ ᠨᠠᠷᠢᠯᠢᠭ ᠣᠨᠣᠪᠴᠢᠳᠠᠢ ᠰᠡᠷᠬᠡᠶᠢᠯᠡᠨ ᠵᠠᠰᠠᠬᠤ ᠬᠡᠷᠡᠭᠳᠡᠢ᠃ ᠦᠵᠡᠯ ᠰᠠᠨᠠᠭᠠᠨ ᠤ ᠳᠠᠨᠢᠯᠳᠠ ᠪᠠᠨ ᠳᠡᠬᠡᠭᠰᠢᠯᠡᠬᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ  ᠣᠷᠳᠦ ᠬᠤᠭᠤᠴᠠᠭᠠᠨ ᠤ ᠳᠠᠶᠢᠯᠠᠯᠳᠣᠭᠠᠨ ᠤ ᠰᠢᠨᠵᠢ ᠴᠢᠨᠠᠷ ᠢ ᠳᠠᠨᠢᠬᠤ ᠬᠡᠷᠡᠭᠳᠡᠢ᠃ ᠰᠠᠶᠢᠨ ᠰᠠᠶᠢᠬᠠᠨ ᠠᠵᠢᠯ ᠠᠮᠢᠳᠣᠷᠠᠯ ᠤᠨ ᠵᠠᠩ ᠳᠠᠳᠬᠠᠯ ᠢ ᠪᠣᠢ ᠪᠣᠯᠭᠠᠨ᠂ ᠬᠢᠵᠢᠭ ᠤᠨ ᠪᠠᠶᠢᠳᠠᠯ ᠢ ᠪᠦᠳᠦᠮᠵᠢᠳᠠᠢ ᠰᠡᠷᠬᠡᠶᠢᠯᠡᠨ ᠡᠵᠡᠮᠳᠡᠬᠦ ᠬᠡᠷᠡᠭᠳᠡᠢ᠃ ᠪᠦᠬᠦ ᠬᠤᠰᠢᠭᠤᠨ ᠤ ᠡᠯ᠎ᠡ ᠰᠠᠯᠠᠭ᠎ᠠ   ᠮᠦᠴᠢᠷ   ᠨᠢ ᠰᠢ ᠶᠢᠨ ᠫᠢᠩ ᠶᠡᠷᠦᠩᠭᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ ᠪᠠ ᠠᠵᠦ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠠᠢ ᠪᠠᠶᠢᠷᠢᠯᠠᠭᠤᠯᠬᠤ ᠴᠢᠬᠤᠯᠠ ᠳᠣᠭᠠᠴᠢᠯᠳᠠ ᠪᠠ ᠨᠠᠮ ᠤᠨ ᠲᠥᠪ ᠬᠤᠷᠢᠶᠠᠨ ᠤ ᠰᠢᠢᠳᠪᠦᠷᠢ ᠪᠠᠶᠢᠷᠢᠯᠠᠭᠤᠯᠣᠯᠳᠠ ᠶᠢ ᠨᠠᠷᠢᠨ ᠨᠢᠮᠪᠠᠢ ᠲᠣᠣᠱᠯᠠᠭᠤᠯᠵᠦ᠂ ᠥᠪᠡᠷᠳᠡᠬᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ  ᠤ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ  ᠠᠵᠢᠯ ᠤᠨ ᠱᠠᠭᠠᠷᠳᠠᠯᠭ᠎ᠠ ᠶᠣᠰᠣᠭᠠᠷ᠂  ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠠᠬᠢ ᠬᠦᠳᠡᠯᠦᠩᠭᠦᠢ ᠬᠦᠮᠦᠨ ᠠᠮᠠ ᠶᠢᠨ ᠬᠠᠮᠢᠶᠠᠷᠣᠯᠳᠠ ᠶᠢ ᠴᠢᠩᠭᠠᠳᠬᠠᠵᠦ᠂ ᠪᠦᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠵᠦ᠂ ᠺᠠᠳ᠋ᠷ ᠠᠵᠢᠯᠳᠠᠨ ᠤ ᠬᠠᠷᠠᠭᠠᠰᠦ  ᠠᠴᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠥᠯᠥᠪ ᠪᠠᠶᠢᠳᠠᠯ ᠢ ᠰᠣᠳᠣᠯᠣᠨ ᠶᠠᠷᠢᠯᠴᠠᠵᠦ᠂ ᠳᠠᠨᠢᠯᠳᠠ ᠪᠠᠨ ᠳᠡᠬᠡᠭᠰᠢᠯᠡᠬᠦᠯᠦᠨ᠂ ᠰᠣᠨᠣᠷ ᠰᠡᠷᠡᠮᠵᠢ ᠪᠠᠨ ᠦᠨᠳᠦᠷ ᠪᠠᠶᠢᠯᠭᠠᠬᠤ ᠬᠡᠷᠡᠭᠳᠡᠢ  ᠬᠡᠵᠠᠢ᠃       ᠬᠤᠷᠠᠯ ᠠᠴᠠ ᠪᠠᠰᠠ  ᠡᠪᠣᠯ ᠬᠠᠪᠣᠷ ᠤᠨ ᠣᠯᠠᠷᠢᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ  ᠬᠤᠷᠢᠭᠯᠠᠬᠤ  ᠠᠵᠢᠯ ᠳᠤ ᠪᠠᠶᠢᠷᠢᠯᠠᠭᠤᠯᠣᠯᠳᠠ ᠬᠢᠵᠠᠢ᠄ ᠨᠢᠬᠡ ᠳᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠳᠠᠢ  ᠳᠤ ᠨᠠᠶᠢᠳᠠᠪᠣᠷᠢᠵᠢᠭᠤᠯᠬᠤ ᠬᠡᠷᠡᠭᠳᠡᠢ᠃ ᠬᠤᠶᠠᠷ ᠲᠤ᠂ ᠪᠠᠴᠢᠮ ᠪᠠᠶᠢᠳᠠᠯ ᠢ ᠠᠷᠭᠠᠴᠠᠬᠤ ᠣᠷᠢᠳᠴᠢᠯᠠᠭᠰᠠᠨ ᠳᠥᠰᠥᠯ  ᠢ ᠰᠠᠶᠢᠳᠣᠷ ᠬᠢᠵᠦ᠂ ᠪᠠᠴᠢᠮ ᠳᠦᠷᠬᠡᠨ ᠬᠠᠷᠢᠭᠤ ᠳᠣᠰᠬᠠᠯ ᠤᠨ ᠳᠣᠭᠳᠠᠮᠵᠢ ᠶᠢ ᠪᠠᠶᠢᠭᠤᠯᠬᠤ ᠬᠡᠷᠡᠭᠳᠡᠢ᠃ ᠭᠤᠷᠪᠠ  ᠳᠤ᠂ ᠡᠯ᠎ᠡ ᠰᠠᠯᠭ᠎ᠠ ᠮᠦᠴᠢᠷ ᠨᠢ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠬᠢᠵᠢᠭ ᠤᠨ ᠪᠠᠶᠢᠳᠠᠯ ᠤᠨ ᠬᠢᠨᠠᠯᠳᠠ ᠡᠵᠡᠮᠳᠡᠯ ᠢ ᠰᠠᠶᠢᠳᠣᠷ ᠬᠢᠬᠦ ᠬᠡᠷᠡᠭᠳᠡᠢ᠃  ᠳᠥᠷᠪᠡ ᠳᠤ᠂ ᠴᠢᠬᠤᠯᠠ ᠪᠦᠬᠦᠢ ᠲᠠᠯᠠᠪᠣᠷ᠂ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠦᠮᠦᠨ ᠠᠮᠠ ᠶᠢᠨ ᠬᠢᠨᠠᠨ ᠡᠵᠡᠮᠳᠡᠯ ᠢ ᠴᠢᠩᠭᠠᠳᠬᠠᠬᠤ ᠬᠡᠷᠡᠭᠳᠡᠢ᠃ ᠲᠠᠪᠤ ᠳᠤ᠂ ᠬᠦᠮᠦᠰ ᠤᠨ  ᠬᠤᠭᠤᠷᠤᠨᠳᠤᠬᠢ  ᠪᠦᠯᠬᠦᠮᠳᠡᠯ ᠢ ᠠᠬᠢᠭᠤᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ  ᠬᠤᠷᠢᠭᠯᠠᠬᠤ ᠬᠠᠮᠳᠣᠷᠠᠯ ᠬᠦᠴᠦᠨ ᠢ ᠪᠠᠶᠢᠭᠤᠯᠬᠤ ᠬᠡᠷᠡᠭᠳᠡᠢ᠃ ᠵᠢᠷᠭᠤᠭ᠎ᠠ ᠳᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠤᠷᠢᠭᠯᠠᠬᠤ  ᠣᠬᠠᠭᠤᠯᠭ᠎ᠠ ᠶᠢᠨ ᠬᠦᠴᠦᠯᠡᠴᠡ ᠶᠢ ᠳᠡᠬᠡᠭᠰᠢᠯᠡᠬᠦᠯᠬᠦ ᠬᠡᠷᠡᠭᠳᠡᠢ  ᠬᠡᠵᠠᠢ᠃       ᠬᠤᠷᠠᠯ ᠠᠴᠠ ᠲᠦᠷᠦ ᠶᠢᠨ ᠶᠠᠪᠣᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ  ᠬᠤᠷᠢᠭᠯᠠᠬᠤ ᠬᠠᠮᠳᠣᠷᠠᠯᠴᠠᠭᠠᠨ ᠤ ᠳᠣᠭᠳᠠᠮᠵᠢ ᠶᠢᠨ ︽ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠩᠭᠤ ᠶᠢᠨ ᠳᠣᠭᠳᠠᠯᠴᠠᠭᠠᠨ ᠤ ᠠᠵᠢᠯ ᠢ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ ᠳᠣᠬᠠᠢ ᠮᠡᠳᠡᠭᠳᠡᠯ︾ ︽2021 ᠣᠨ ᠤ ᠰᠢᠨ᠎ᠡ ᠣᠨ ᠪᠠ ᠴᠠᠭᠠᠨ ᠰᠠᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ  ᠬᠤᠷᠢᠭᠯᠠᠬᠤ ᠠᠵᠢᠯ ᠢ ᠰᠠᠶᠢᠳᠣᠷ ᠬᠢᠬᠦ ᠳᠣᠬᠠᠢ ᠮᠡᠳᠡᠭᠳᠡᠯ︾ ᠪᠠ ︽ᠡᠪᠣᠯ ᠬᠠᠪᠣᠷ ᠤᠨ ᠣᠯᠠᠷᠢᠯ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ  ᠬᠤᠷᠢᠭᠯᠠᠬᠤ ᠳᠥᠰᠥᠯ ᠢ ᠳᠠᠷᠣᠮᠯᠠᠨ ᠳᠠᠷᠬᠠᠭᠠᠬᠤ ᠳᠣᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ  ᠤᠯᠠᠮᠵᠢᠯᠠᠨ  ᠰᠤᠷᠤᠯᠴᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号