ᠰᠢᠨ᠎ᠡ ᠣᠨ ᠢᠶᠠᠨ ᠣᠭᠳᠣᠬᠤ ᠰᠢᠭᠤᠳ ᠨᠡᠪᠳᠡᠷᠡᠭᠦᠯᠭᠡ ᠶᠠᠪᠤᠭᠳᠠᠭᠰᠠᠨ | | | ᠰᠢᠨ᠎ᠡ ᠣᠨ ᠤ ᠬᠠᠵᠠᠭᠠᠷ ᠤᠨ ᠴᠢᠮᠡᠭᠡ ᠢᠷᠡᠭᠰᠡᠨ ᠪᠠᠶᠠᠷ ᠬᠦᠷ ᠲᠠᠢ ᠴᠠᠭ ᠮᠦᠴᠡ ᠶᠢ ᠣᠭᠳᠣᠬᠤ ᠪᠠᠷ | 12 ᠰᠠᠷ᠎ᠠ ᠶᠢᠨ31 ᠤ ᠡᠳᠦᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠰᠢᠨ᠎ᠡ ᠣᠨ ᠢ ᠣᠭᠳᠣᠬᠤ | ᠬᠤᠰᠢᠭᠤ ᠰᠢᠶᠡᠨ ᠤ ᠲᠡᠰ ᠤᠨ ᠬᠠᠮ ᠵᠠᠭᠤᠴᠢᠯᠠᠭᠤᠷ ᠤᠨ ᠬᠦᠳᠡᠯᠭᠡᠭᠡᠨᠳᠦ ᠰᠢᠭᠤᠳ ᠨᠡᠪᠲᠡᠷᠡᠭᠦᠯᠬᠡ ᠳᠤ ᠣᠷᠣᠯᠴᠠᠵᠣ | ᠂ ᠰᠢᠨ᠎ᠡ ᠣᠨ ᠢᠶᠠᠨ ᠣᠭᠳᠣᠵᠣ ᠪᠠᠶᠢᠭ᠎ᠠ ᠬᠠᠯᠠᠭᠤᠨ ᠲᠣᠯᠠᠭᠠᠨ ᠠᠭᠤᠷ ᠠᠮᠢᠰᠬᠤᠯ ᠢ ᠬᠦᠮᠦᠰ ᠲᠤ ᠬᠦᠷᠭᠡᠯ᠎ᠡ᠃ | ᠲᠤᠰ ᠣᠳᠠᠭᠠᠨ ᠤ ᠰᠢᠭᠤᠳ ᠨᠡᠪᠲᠡᠷᠡᠬᠦᠯᠬᠡ ᠶᠢᠨ ᠠᠵᠢᠯᠯᠠᠭ᠎ᠠ ᠶᠢ ᠥᠪᠦᠷ ᠮᠣᠩᠭᠤᠯ ᠤᠨ ᠡᠳᠦᠷ ᠤᠨ | ᠰᠣᠨᠢᠨ ᠤ ᠬᠤᠷᠢᠶ᠎ᠠ᠂ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠠᠮ | ᠵᠠᠭᠤᠴᠢᠯᠠᠭᠤᠷ ᠤᠨ ᠬᠠᠮᠢᠶᠠᠷᠣᠯᠳᠠ ᠶᠢᠨ ᠦᠢᠯᠡᠴᠢᠯᠡᠭᠡᠨ ᠤ ᠲᠦᠪ ᠠᠴᠠ ᠬᠠᠮᠳᠣᠷᠠᠨ ᠡᠷᠬᠢᠯᠡᠵᠦ᠂ᠬᠤᠰᠢᠭᠤᠨ ᠤ | ᠬᠠᠮ ᠵᠠᠭᠤᠴᠢᠯᠠᠭᠤᠷ ᠤᠨ ᠲᠦᠪ ᠨᠢ ᠠᠬᠤᠢ ᠲᠠᠯᠠᠪᠠᠢ ᠳᠤ ᠰᠢᠭᠤᠳ ᠨᠡᠪᠲᠡᠷᠡᠭᠦᠯᠬᠦ ᠲᠦᠷᠪᠡᠨ ᠬᠤᠰᠢᠭᠤ ᠰᠢᠶᠠᠨ ᠤ | ᠨᠢᠭᠡ ᠪᠠᠷ ᠰᠣᠩᠭᠤᠭᠳᠠᠵᠣ᠂ ᠲᠣᠰ ᠣᠳᠠᠭᠠᠨ ᠤ ᠠᠵᠢᠯᠯᠠᠭ᠎ᠠ ᠶᠢ ᠲᠣᠬᠠᠢ ᠶᠢᠨ ᠴᠠᠭ ᠲᠤᠨᠢ ᠠᠮᠵᠢᠯᠳᠠᠳᠠᠢ ᠪᠠᠷ | ᠰᠢᠭᠤᠳ ᠨᠡᠪᠲᠡᠷᠡᠭᠦᠯᠬᠡ ᠶᠢᠨ ᠬᠡᠯᠪᠡᠷᠢ ᠪᠠᠷ ᠬᠦᠮᠦᠰ ᠲᠤ ᠬᠦᠷᠭᠡᠭᠰᠡᠨ ᠪᠠᠶᠢᠨ᠎ᠠ᠃ | ᠲᠣᠰ ᠣᠳᠠᠭᠠᠨ ᠤ ᠰᠢᠭᠤᠳ ᠨᠡᠪᠲᠡᠷᠡᠭᠦᠯᠭᠡ ᠪᠠᠷ᠂ ᠲᠠᠯ᠎ᠠ ᠨᠣᠳᠤᠭ ᠤᠨ ᠣᠳᠬ᠎ᠠ ᠣᠷᠠᠯᠢᠭ ᠤᠨ ᠬᠦᠩᠭᠡᠨ | ᠮᠣᠷᠢᠳᠣ ᠴᠡᠷᠢᠭ ᠬᠡᠮᠡᠨ ᠨᠡᠷᠡᠯᠡᠭᠳᠡᠭᠰᠡᠨ ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠮᠦ᠋ᠴᠢᠷ ᠤᠨ ᠬᠢᠨ | ᠠᠶ᠎ᠠ ᠲᠠᠭᠤᠣ᠂ ᠣᠷᠠᠨ ᠪᠦᠵᠢᠭ᠂ ᠬᠦᠭᠵᠢᠮ ᠤᠨ ᠨᠠᠶᠢᠷᠠᠯ᠂ ᠬᠦᠦᠮᠡᠢ ᠶᠢᠨ ᠡᠭᠡᠰᠢᠭ ᠢᠶᠠᠨ ᠪᠠᠶᠠᠰᠦᠯ ᠮᠠᠯᠵᠢᠬᠤ | ᠣᠷᠣᠨ ᠤ ᠨᠠᠰᠣᠳᠠᠶᠢᠴᠣᠳ ᠤᠨ ᠰᠣᠪᠢᠯᠠᠯᠲᠠ ᠶᠢᠨ ᠲᠣᠭᠤᠷᠢᠭ ᠤᠨ ᠨᠠᠰᠣᠳᠠᠨᠳ ᠲᠤ ᠡᠷᠭᠦᠨ ᠲᠠᠪᠰᠢᠭᠦᠯᠵᠦ᠂ | ᠣᠯᠣᠰ ᠣᠷᠣᠨ ᠤ ᠪᠠᠨ ᠬᠦᠭᠵᠢᠯ ᠴᠡᠴᠡᠭᠯᠡᠯ ᠤᠨ ᠥᠩᠭᠡ ᠠᠶᠠᠰ᠂ ᠡᠶ᠎ᠡ ᠨᠠᠶᠢᠷᠠᠮᠳᠠᠭᠤ ᠨᠡᠶᠢᠭᠡᠮ ᠠᠬᠤᠢ ᠶᠢᠨ | ᠠᠭᠤᠷ ᠠᠮᠢᠰᠬᠤᠯ ᠢ ᠬᠦᠮᠦᠰ ᠲᠤ ᠮᠡᠳᠡᠷᠡᠭᠦᠯᠬᠦ ᠶᠢᠨ ᠬᠠᠮᠳᠣ᠂ ᠨᠠᠮ ᠵᠠᠰᠠᠭ ᠤᠨ ᠲᠠᠭᠤᠨ ᠬᠤᠭᠤᠯᠠᠢ᠂ ᠬᠠᠶᠢᠷ᠎ᠠ | ᠬᠠᠯᠠᠮᠵᠢ ᠶᠢ ᠬᠦᠮᠦᠰ ᠲᠤ ᠬᠦᠷᠭᠡᠵᠦ᠂ ᠪᠠᠶᠠᠷ ᠪᠠᠭ᠋ᠠᠳᠣᠯ ᠲᠠᠢ ᠪᠠᠷ 2021 ᠣᠨ ᠢᠶᠠᠨ ᠣᠭᠳᠣᠨ ᠠᠪᠣᠭᠰᠠᠨ | ᠪᠠᠶᠢᠨ᠎ᠠ᠃ |