ᠪᠦᠭᠡ ᠶᠢᠨ ᠦᠢᠯᠡᠰ ᠲᠤ ᠵᠢᠳᠬᠦᠵᠤ ᠶᠠᠪᠤᠭ᠎ᠠ ᠠᠪᠤᠷᠭᠤ ᠴᠤᠭᠪᠠᠶᠠᠷ | | | ᠬᠤᠭᠤᠯᠠᠲᠤ ᠶᠢᠨ ᠭᠤᠤᠯ ᠪᠠᠯᠭᠠᠰᠤᠨ ᠤ ᠰᠠᠷᠠᠭᠤᠯᠳᠠᠯ᠎ᠠ ᠭᠠᠴᠠᠭ᠎ᠠ ᠪᠠᠷ ᠨᠤᠳᠤᠭᠳᠠᠢ᠂ ᠬᠤᠤᠰ ᠠᠪᠤᠷᠭᠤ ᠴᠤᠭᠪᠠᠶᠠᠷ | ᠂ ᠦᠵᠦᠮᠦᠴᠢᠨ ᠨᠤᠳᠤᠭ ᠲᠠᠭᠠᠨ ᠢᠷᠡᠵᠦ᠂ ︽ᠪᠠᠷᠠᠭᠤᠨ ᠦᠵᠦᠮᠦᠴᠢᠨ ᠬᠤᠰᠢᠭᠤᠨ ᠤ ᠲᠡᠯᠡᠭᠡᠢ ᠶᠢᠨ ᠪᠦᠬᠡ ᠶᠢᠨ | ᠨᠡᠶᠢᠭᠡᠮᠯᠢᠭ︾ ᠤᠨ ᠴᠢᠯᠦᠭᠡᠳᠦ ᠪᠦᠬᠡ ᠶᠢᠨ ᠠᠩᠭᠢ ᠡᠷᠬᠢᠯᠡᠵᠦ᠂ ᠤᠷᠤᠨ ᠨᠤᠳᠤᠭ ᠤᠨ ᠢᠶᠠᠨ ᠪᠦᠬᠡ ᠶᠢᠨ ᠦᠢᠯᠡᠰ ᠲᠤ | ᠦᠪᠡᠷ ᠤᠨ ᠤᠶᠤᠨ ᠤᠬᠠᠭᠠᠨ ᠬᠦᠴᠦ ᠬᠦᠳᠡᠯᠮᠦᠷᠢ ᠪᠠᠨ ᠵᠤᠷᠢᠭᠤᠯᠵᠤ ᠶᠠᠪᠤᠨ᠎ᠠ᠃ | ᠴᠤᠭᠪᠠᠶᠠᠷ᠂ᠬᠤᠭᠤᠯᠠᠲᠤ ᠶᠢᠨ ᠭᠤᠤᠯ ᠪᠠᠯᠭᠠᠰᠤᠨ ᠰᠠᠷᠠᠭᠤᠯᠳᠠᠯ᠎ᠠ ᠭᠠᠴᠠᠭ᠎ᠠ ᠪᠠᠷ ᠨᠤᠳᠤᠭᠳᠠᠢ᠃ 2002 ᠤᠨ ᠤ | 3 ᠰᠠᠷ᠎ᠠ ᠠᠴᠠ 10 ᠰᠠᠷ᠎ᠠ ᠪᠤᠯᠳᠠᠯ᠎ᠠ ᠰᠢᠯᠢ ᠶᠢᠨ ᠭᠤᠤᠯ ᠠᠶᠢᠮᠠᠭ ᠤᠨ ᠪᠡᠶ᠎ᠡ ᠲᠠᠮᠢᠷ ᠤᠨ ᠰᠤᠷᠭᠠᠭᠤᠯᠢ ᠳᠤ ᠪᠡᠯᠡᠳᠭᠡᠯ | ᠬᠢᠵᠦ᠂ 2002 ᠤᠨ ᠤ10 ᠰᠠᠷ᠎ᠠ ᠳᠤ ᠦᠪᠦᠷ ᠮᠤᠩᠭᠤᠯ ᠤᠨ ᠴᠢᠯᠦᠭᠡᠲᠦ ᠪᠦᠬᠡ ᠶᠢᠨ ᠠᠩᠭᠢ ᠶᠢᠨ ᠲᠠᠮᠢᠷᠴᠢᠨ ᠪᠤᠯᠵᠠᠢ᠃ | 2014 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠠᠮᠢᠷ ᠤᠨ ᠰᠠᠯᠪᠤᠷᠢ ᠳᠤ ᠰᠤᠷᠤᠯᠴᠠᠨ᠂ | 2005 ᠤᠨ ᠠᠴᠠ 2013 ᠤᠨ ᠪᠤᠯᠳᠠᠯ᠎ᠠ ᠤᠯᠤᠰ ᠤᠨ ᠠᠩᠭᠢ ᠶᠢᠨ ᠲᠠᠮᠢᠷᠴᠢᠨ ᠪᠠᠶᠢᠵᠤ᠂ 2014 ᠤᠨ ᠠᠴᠠ | ᠬᠤᠶᠠᠷ ᠵᠢᠯ ᠢᠯᠡᠬᠦᠦ ᠦᠪᠦᠷ ᠮᠤᠩᠭᠤᠯ ᠤᠨ ᠴᠢᠯᠦᠭᠡᠲᠦ ᠪᠦᠬᠡ ᠶᠢᠨ ᠠᠩᠭᠢ ᠳᠤ ᠰᠤᠷᠭᠠᠭᠴᠢ ᠪᠠᠷ ᠠᠵᠢᠯᠯᠠᠵᠤ ᠪᠠᠶᠢᠪᠠ᠃ | 2009 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 5.1 ᠤ ᠬᠦᠳᠡᠯᠮᠦᠷᠢ ᠶᠢᠨ ᠵᠢᠱᠢᠶᠡᠴᠢ᠂ ᠪᠦᠬᠦ | ᠤᠷᠤᠨ ᠤ5.4 ᠤ ᠵᠠᠯᠠᠭᠤᠴᠤᠳ ᠤᠨ ᠬᠡᠰᠢᠬᠦᠨ᠂ ᠪᠦᠬᠦ ᠤᠷᠤᠨ ᠤ ᠲᠡᠷᠢᠬᠦᠨ ᠤ ᠠᠵᠢᠯᠳᠠᠨ᠃ ᠤᠷᠢᠳ ᠬᠤᠵᠢᠳ ᠪᠦᠬᠦ | ᠤᠯᠤᠰ ᠤᠨ ᠲᠡᠰ ᠤᠨ ᠤᠷᠤᠯᠳᠤᠭᠠᠨ ᠲᠡᠮᠡᠴᠡᠭᠡᠨ ᠳᠤ 8 ᠠᠯᠳᠠᠨ ᠮᠧᠲᠡᠯ᠂ 2 ᠮᠦᠩᠬᠦᠨ ᠮᠧᠲᠡᠯ᠂ 7 ᠬᠦᠷᠡᠯ ᠮᠧᠲᠡᠯ | ᠢᠶᠠᠷ ᠡᠩᠭᠡᠷ ᠢᠶᠠᠨ ᠮᠢᠯᠢᠶᠠᠯᠭᠠᠵᠤ᠂ ᠬᠢᠯᠠᠯᠵᠠᠭᠰᠠᠨ ᠠᠮᠵᠢᠯᠲᠠ ᠢᠶᠠᠷ ᠢᠶᠠᠨ ᠨᠤᠳᠤᠭ ᠤᠰᠤᠨ ᠤ ᠢᠶᠠᠨ ᠠᠯᠲᠠᠷ ᠢ ᠡᠷᠬᠦᠵᠦ | ᠶᠠᠪᠤᠭᠰᠠᠨ ᠴᠤᠭᠪᠠᠶᠠᠷ᠂ 2018 ᠤᠨ ᠳᠤ ᠦᠰᠴᠦ ᠲᠦᠷᠦᠭᠰᠡᠨ ᠦᠯᠦᠭᠡᠢ ᠨᠤᠳᠤᠭ ᠲᠠᠭᠠᠨ ᠢᠷᠡᠵᠦ᠂ ︽ᠪᠠᠷᠠᠭᠤᠨ | ᠦᠵᠦᠮᠦᠴᠢᠨ ᠬᠤᠰᠢᠭᠤᠨ ᠤ ᠲᠡᠯᠡᠭᠡᠢ ᠶᠢᠨ ᠪᠦᠬᠡ ᠶᠢᠨ ᠨᠡᠶᠢᠭᠡᠮᠯᠢᠭ︾ ᠢ ᠪᠠᠶᠢᠭᠤᠯᠤᠨ᠂ ᠪᠦᠬᠡ ᠳᠡᠭᠡᠨ ᠬᠠᠶᠢᠷᠠᠲᠠᠢ᠂ | ᠪᠦᠬᠡ ᠳᠡᠭᠡᠨ ᠪᠠᠭ᠋ᠠᠲᠠᠢ ᠂ᠪᠦᠬᠡ ᠪᠤᠯᠬᠤ ᠮᠦᠷᠦᠭᠡᠳᠦᠯ ᠬᠦᠰᠡᠯ ᠲᠠᠢ ᠬᠡᠦᠬᠡᠳ ᠪᠠᠭᠠᠴᠤᠳ ᠲᠠᠭᠠᠨ ᠲᠡᠯᠡᠬᠡᠢ ᠶᠢᠨ ᠪᠦᠬᠡ | ᠶᠢᠨ ᠵᠢᠭᠠᠨ ᠰᠣᠷᠭᠠᠯᠳᠠ ᠬᠢᠬᠦ ᠶᠢᠨ ᠲᠠᠭᠠᠤ᠂ ᠡᠪᠦᠯ ᠵᠤᠨ ᠤ ᠠᠮᠠᠷᠠᠯᠲᠠ ᠶᠢᠨ ᠴᠢᠯᠦᠭᠡ ᠶᠢ ᠠᠰᠢᠭᠯᠠᠨ ᠡᠯ᠎ᠡ ᠮᠤᠵᠢ᠂ | ᠬᠤᠲᠠ᠂ ᠬᠤᠰᠢᠭᠤ ᠠᠶᠢᠮᠠᠭ ᠤᠨ ᠲᠠᠮᠢᠷᠴᠢᠨ ᠪᠠ ᠮᠤᠩᠭᠤᠯ ᠤᠯᠤᠰ᠂ ᠤᠷᠤᠰ ᠤᠨ ᠬᠤᠯᠪᠤᠭᠠᠨ ᠤ ᠪᠦᠷᠢᠶᠡᠳ ᠤᠯᠤᠰ | ᠵᠡᠷᠭᠡ ᠭᠠᠵᠠᠷ ᠤᠷᠤᠨ ᠤ ᠲᠠᠮᠢᠷᠴᠢᠳ ᠲᠠᠢ ᠬᠠᠮᠳᠤᠷᠠᠭᠰᠠᠨ ᠪᠤᠯᠪᠠᠰᠤᠷᠠᠯ ᠦᠷᠨᠢᠬᠦᠯᠬᠦ ᠪᠠᠷ ᠲᠠᠮᠵᠢᠨ᠂ ᠲᠠᠮᠢᠷᠴᠢᠳ ᠤᠨ | ᠢᠶᠠᠨ ᠪᠠᠷᠢᠯᠳᠤᠭᠠᠨ ᠤ ᠮᠡᠷᠭᠡᠵᠢᠯ ᠢ ᠨᠢ ᠲᠡᠭᠡᠭᠰᠢᠯᠠᠬᠦᠯᠬᠦ ᠪᠠᠷ ᠵᠤᠷᠢᠭᠰᠠᠭᠠᠷ ᠢᠷᠡᠵᠠᠢ᠃ | ᠤᠷᠴᠢᠮᠬᠠᠨ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠳᠤ ᠶᠠᠪᠤᠭᠳᠠᠭᠰᠠᠨ | 2020 ᠤᠨ ᠤ ︽ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠵᠠᠯᠠᠭᠤ ᠪᠠᠭᠠᠴᠤᠳ ᠤᠨ ᠲᠡᠯᠡᠭᠡᠢ ᠶᠢᠨ ᠮᠠᠶ᠋ᠢᠭ ᠤᠨ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ | ᠪᠦᠬᠡ ᠶᠢᠨ ᠠᠩᠭᠢ ᠶᠢᠨ ᠲᠠᠮᠢᠷᠴᠢᠳ ᠨᠢ 5 ᠠᠯᠲᠠ᠂ 7 ᠮᠦᠩᠭᠦ᠂ 3 ᠬᠦᠷᠡᠯ ᠮᠧᠲᠡᠯ ᠤᠨ ᠰᠢᠯᠢᠳᠡᠭ ᠦᠷ᠎ᠡ ᠪᠦᠳᠦᠮᠵᠢ | ᠢᠶᠠᠷ ᠨᠤᠳᠤᠭ ᠤᠷᠤᠨ ᠤ ᠪᠠᠨ ᠠᠯᠲᠠᠷ ᠢ ᠡᠷᠬᠦᠵᠦ᠂ ᠰᠤᠷᠭᠠᠭᠴᠢ ᠪᠠᠭᠰᠢ ᠪᠠᠨ ᠪᠠᠶᠠᠷᠯᠠᠭᠤᠯᠤᠭᠰᠠᠨ ᠪᠠᠶᠢᠯ᠎ᠠ᠃ | ᠲᠤᠷᠠᠳᠠᠢ ᠪᠠᠭ᠋ᠠᠲᠠᠢ ᠦᠢᠯᠡᠰ ᠢᠶᠠᠷ ᠠᠵᠠ ᠬᠡᠶᠢᠮᠦᠷᠢ ᠪᠠᠨ ᠬᠤᠷᠤᠶᠢᠯᠠᠵᠤ᠂ ᠤᠷᠤᠨ ᠨᠤᠳᠤᠭ ᠤᠨ ᠬᠡᠦᠬᠡᠳ ᠲᠡᠬᠦᠦᠨᠡᠷ | ᠲᠡᠭᠡᠨ ᠲᠡᠯᠡᠬᠡᠢ ᠶᠢᠨ ᠪᠦᠬᠡ ᠶᠢᠨ ᠷᠢᠳᠢ ᠰᠢᠳᠢ ᠶᠢ ᠲᠠᠨᠢᠭᠤᠯᠵᠤ ᠶᠠᠪᠤᠭ᠎ᠠ ᠴᠤᠭᠪᠠᠶᠠᠷ ᠮᠠᠨᠢ 2019 ᠤᠨ ᠤ 8 ᠰᠠᠷ᠎ᠠ | ᠳᠤ ︽ᠦᠵᠦᠮᠦᠴᠢᠨ ᠬᠤᠨᠳᠠᠭᠠᠲᠤ︾ ᠠᠩᠬᠠᠳᠤᠭᠠᠷ ᠤᠳᠠᠭᠠᠨ ᠤ ᠪᠦᠬᠦ ᠤᠷᠤᠨ ᠤ ᠵᠠᠯᠠᠭᠤ ᠪᠠᠭᠠᠴᠤᠳ ᠤᠨ ᠲᠡᠯᠡᠬᠡᠢ ᠶᠢᠨ | ᠪᠦᠬᠡ ᠶᠢᠨ ᠤᠷᠤᠯᠳᠤᠭᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠯ᠎ᠡ ᠠᠶᠢᠮᠠᠭ ᠬᠤᠰᠢᠭᠤᠨ ᠤ ᠲᠠᠮᠢᠷᠴᠢᠳ ᠲᠠᠭᠠᠨ | ᠬᠦᠴᠦ ᠤᠬᠠᠭᠠᠨ ᠪᠠᠨ ᠰᠤᠷᠢᠵᠤ᠂ ᠤᠷᠠᠨ ᠪᠠᠷᠢᠯᠳᠤᠭᠠᠨ ᠢᠶᠠᠨ ᠰᠢᠯᠭᠠᠯᠴᠠᠬᠤ ᠨᠠᠨᠳᠢᠨ ᠲᠠᠪᠴᠠᠩ ᠢ ᠬᠠᠩᠭᠠᠵᠤ | ᠠᠮᠵᠢᠯᠲᠠᠲᠠᠢ ᠡᠷᠬᠢᠯᠡᠵᠦ ᠪᠠᠶᠢᠭᠰᠠᠨ ᠪᠤᠯ᠂ ᠡᠨᠡ ᠵᠢᠯ ᠤᠨ ᠡᠪᠡᠳᠴᠢᠨ ᠬᠢᠵᠢᠭ ᠤᠨ ᠤᠨᠴᠠᠭᠠᠢ ᠪᠠᠶᠢᠳᠠᠯ ᠠᠴᠠ | ᠰᠢᠯᠳᠠᠭᠠᠯᠠᠭᠳᠠᠨ᠂ 11 ᠰᠠᠷ᠎ᠠ ᠶᠢᠨ 5 — 6 ᠤ ᠡᠲᠦᠷ ᠪᠤᠯᠳᠠᠯ᠎ᠠ ᠬᠤᠰᠢᠭᠤ ᠨᠤᠳᠤᠭ ᠤᠨ ᠬᠡᠪᠴᠢᠶᠡᠨ ᠳᠤ ︽ | ᠦᠵᠦᠮᠦᠴᠢᠨ ᠬᠤᠨᠳᠠᠭᠠᠲᠤ︾ ᠬᠤᠶᠠᠳᠤᠭᠠᠷ ᠤᠳᠠᠭᠠᠨ ᠤ ᠵᠠᠯᠠᠭᠤ ᠪᠠᠭᠠᠴᠤᠳ ᠤᠨ ᠲᠡᠯᠡᠬᠡᠢ ᠶᠢᠨ ᠪᠦᠬᠡ ᠶᠢᠨ | ᠤᠷᠤᠯᠳᠤᠭᠠᠨ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠤᠷᠤᠨ ᠨᠤᠳᠤᠭ ᠤᠨ ᠢᠶᠠᠨ ᠪᠦᠬᠡ ᠶᠢᠨ ᠦᠢᠯᠡᠰ ᠲᠤ ᠬᠦᠴᠦ | ᠨᠡᠮᠡᠷᠢᠯᠡᠵᠦ ᠶᠠᠪᠤᠨ᠎ᠠ᠃ | |