ᠠᠰᠠᠷᠠᠮᠵᠢ ᠶᠢᠨ ᠬᠦᠷᠢᠶᠡᠯᠡᠩ ᠤᠨ ᠬᠢᠨ ᠰᠢᠨ᠎ᠡ ᠵᠢᠯ ᠢᠶᠠᠨ ᠪᠠᠶᠠᠷ ᠬᠦᠷ ᠲᠠᠢ ᠤᠭᠳᠤᠯ᠎ᠠ | | ᠤᠶᠢᠷ᠎ᠠ ᠶᠢᠨ ᠡᠳᠦᠷ᠂ ᠡᠩᠬᠡ ᠮᠡᠨᠳᠦ ᠠᠰᠠᠷᠠᠮᠵᠢ ᠶᠢᠨ ᠬᠦᠷᠢᠶᠡᠯᠡᠩ ᠨᠢ ᠰᠢᠨ᠎ᠡ ᠣᠨ ᠢᠶᠠᠨ ᠤᠭᠲᠤᠬᠤ ᠦᠳᠡᠰᠢᠯᠡᠭᠡ | ᠡᠷᠬᠢᠯᠡᠨ᠂ ᠠᠳᠡ ᠰᠠᠭᠤᠭ᠎ᠠ 70 ᠭᠠᠷᠤᠢ ᠨᠠᠰᠤᠲᠠᠳ ᠪᠠᠶᠠᠷ ᠬᠥᠷ ᠲᠠᠢ ᠪᠠᠷ ᠰᠢᠨ᠎ᠡ ᠣᠨ ᠢᠶᠠᠨ ᠤᠭᠲᠤᠭᠰᠠᠨ ᠪᠠᠶᠢᠨ᠎ᠠ᠃ | ᠤᠷᠠᠨ ᠰᠠᠶᠢᠬᠠᠨ ᠤ ᠲᠣᠭᠯᠠᠯᠲᠠ ᠳᠤ᠂ ᠠᠰᠠᠷᠠᠮᠵᠢ ᠶᠢᠨ ᠬᠦᠷᠢᠶᠡᠯᠡᠩ ᠤᠨ ᠠᠵᠢᠯᠲᠠᠳ ᠪᠣᠯᠣᠨ ᠨᠠᠰᠤᠲᠠᠶᠢᠴᠤᠳ ᠮᠣᠷᠢᠨ | ᠬᠤᠭᠤᠷ ᠤᠨ ᠠᠶᠠᠯᠭᠤ᠂ ᠡᠷᠡᠭᠲᠡᠢ ᠡᠮᠡᠭᠲᠡᠢ ᠶᠢᠨ ᠭᠤᠴᠣᠯᠠᠯ ᠳᠠᠭᠤᠤ᠂ ᠡᠮᠡᠭᠲᠡᠢ ᠶᠢᠨ ᠨᠠᠶᠢᠷᠠᠯ ᠳᠠᠭᠤᠤ ᠵᠡᠷᠭᠡ | ᠲᠣᠭᠯᠠᠯᠲᠠ ᠪᠠᠨ ᠡᠷᠭᠦᠨ ᠪᠠᠷᠢᠵᠤ᠂ ᠨᠠᠰᠤᠲᠠᠶᠢᠴᠤᠳ ᠤᠨ ᠢᠶᠠᠨ ᠰᠡᠳᠬᠢᠯ ᠢ ᠪᠠᠶᠠᠰᠬᠠᠪᠠ᠃ ᠲᠣᠭᠯᠠᠯᠲᠠ ᠶᠢᠨ ᠳᠠᠷᠠᠭ᠎ᠠ᠂ | ᠬᠦᠴᠢᠷᠳᠡᠯᠲᠡᠢ ᠨᠠᠰᠤᠲᠠᠶᠢᠴᠤᠳ ᠲᠤ ᠬᠤᠪᠴᠠᠰᠤ ᠬᠤᠨᠠᠷ ᠪᠣᠯᠣᠨ ᠢᠳᠡᠭᠡᠨ ᠤᠮᠳᠠᠭᠠᠨ ᠵᠡᠷᠭᠡ ᠶᠢ ᠬᠦᠷᠭᠡᠵᠦ ᠪᠣᠯᠭᠤᠭᠠᠨ | ᠲᠣᠬᠤᠨᠢᠭᠤᠯᠤᠭᠰᠠᠨ ᠪᠠᠶᠢᠨ᠎ᠠ᠃ | ᠡᠪᠦᠯ ᠤᠨ ᠬᠦᠢᠲᠡᠨ ᠬᠡᠳᠦᠢ ᠡᠷᠴᠢᠲᠡᠢ ᠪᠠᠶᠢᠭᠰᠠᠨ ᠴᠤ᠂ ᠬᠦᠮᠦᠰ ᠤᠨ ᠰᠡᠳᠬᠢᠯ ᠬᠠᠶᠢᠷ᠎ᠠ ᠪᠠᠷ ᠳᠤᠯᠠᠭᠠᠴᠠᠳᠠᠭ᠃ | ᠡᠩᠬᠡ ᠮᠡᠨᠳᠦ ᠠᠰᠠᠷᠠᠮᠵᠢ ᠶᠢᠨ ᠬᠦᠷᠢᠶᠡᠯᠡᠩ ᠤᠨ ᠤᠳᠤᠷᠢᠳᠤᠯᠭ᠎ᠠ ᠪᠣᠯᠣᠨ ᠠᠵᠢᠯᠲᠠᠳ᠂ ᠠᠰᠠᠷᠠᠮᠵᠢ ᠶᠢᠨ ᠦᠢᠯᠡᠴᠢᠯᠡᠭᠡ | ᠬᠦᠷᠲᠡᠵᠦ ᠪᠠᠶᠢᠭ᠎ᠠ ᠶᠠᠩ ᠹᠦ᠋ ᠨᠠᠰᠤᠲᠠᠨ ᠤ ᠬᠢᠨ ᠳᠤ ᠬᠦᠷᠴᠦ᠂ ᠪᠤᠳᠠᠭ᠎ᠠ᠂ ᠭᠤᠯᠢᠷ ᠵᠡᠷᠭᠡ ᠲᠣᠬᠤᠨᠢᠭᠤᠯᠭ᠎ᠠ ᠶᠢᠨ ᠪᠣᠳᠠᠰ | ᠬᠦᠷᠭᠡᠨ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠨᠠᠰᠤᠲᠠᠨ ᠤ ᠰᠡᠳᠬᠢᠯ ᠢ ᠪᠠᠶᠠᠰᠬᠠᠭᠰᠠᠨ ᠪᠠᠶᠢᠨ᠎ᠠ᠃ | ᠰᠤᠷᠪᠤᠯᠵᠢᠯᠠᠭ᠎ᠠ᠄ ᠡᠩᠬᠡ ᠮᠡᠨᠳᠦ ᠠᠰᠠᠷᠠᠮᠵᠢ ᠶᠢᠨ ᠬᠦᠷᠢᠶᠡᠯᠡᠩ ᠤᠨ ᠳᠠᠷᠤᠭ᠎ᠠ ᠴᠠᠩ ᠭᠤᠣ ᠷᠥᠩ᠄ ︽ᠮᠠᠷᠭᠠᠰᠢ | ᠰᠢᠨ᠎ᠡ ᠣᠨ ᠡᠬᠢᠯᠡᠴᠢᠬᠡᠨᠡ᠂ ᠪᠢᠳᠡ ᠠᠳᠡ ᠰᠠᠭᠤᠭ᠎ᠠ 70 ᠭᠠᠷᠤᠢ ᠨᠠᠰᠤᠲᠠᠳ ᠲᠠᠭᠠᠨ ᠨᠢᠭᠡᠨ ᠤᠷᠠᠨ ᠰᠠᠶᠢᠬᠠᠨ ᠤ | ᠦᠳᠡᠰᠢᠯᠡᠭᠡ ᠡᠷᠬᠢᠯᠡᠨ ᠰᠣᠨᠢᠷᠬᠠᠭᠤᠯᠵᠤ᠂ ᠨᠠᠰᠤᠲᠠᠶᠢᠴᠤᠳ ᠤᠨ ᠪᠠᠶᠠᠷ ᠪᠠᠶᠠᠰᠤᠯ ᠲᠠᠢ ᠪᠠᠷ ᠰᠢᠨ᠎ᠡ ᠣᠨ ᠢᠶᠠᠨ | ᠤᠭᠲᠤᠬᠤ ᠶᠢ ᠪᠡᠯᠭᠡᠳᠡᠵᠦ ᠪᠠᠶᠢᠨ᠎ᠠ︾ ᠭᠡᠯᠡ᠃ | |