ᠰᠢ ᠶᠢᠨ ᠫᠢᠩ᠄ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ | ᠲᠣᠭᠲᠠᠴᠠ ᠶᠢ ᠲᠡᠭᠦᠯᠳᠡᠷᠵᠢᠭᠦᠯᠵᠦ | ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ | ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠳᠠᠷᠤᠭᠠᠰᠤ ᠶᠢ | ᠬᠥᠩᠭᠡᠷᠡᠭᠦᠯᠬᠦ ᠬᠡᠷᠡᠭᠲᠡᠢ | | ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ | ᠡᠷᠬᠢᠯᠡᠭᠴᠢ ᠰᠢ ᠶᠢᠨ ᠫᠢᠩ 5 ᠰᠠᠷ᠎ᠠ ᠶᠢᠨ 21 ᠤ | ᠦᠳᠡ ᠶᠢᠨ ᠬᠤᠶᠢᠨ᠎ᠠ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠠᠷᠪᠠ | ᠶᠢᠰᠦᠳᠦᠭᠡᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠬᠦ ᠲᠤᠬᠠᠢ ᠵᠢᠯᠣᠭᠤᠳᠬᠤ | ᠰᠠᠨᠠᠯ︾᠂ ︽ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ | ᠳᠠᠰᠬᠠᠯ ᠳᠠᠭᠠᠭᠠᠯᠭᠠᠪᠤᠷᠢ ᠪᠠ | ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ | ᠠᠯᠬᠤᠮ ᠬᠥᠩᠭᠡᠷᠡᠭᠦᠯᠬᠦ ᠲᠤᠬᠠᠶ ᠰᠠᠨᠠᠯ︾᠂ | ︽ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠷᠰᠢᠯᠳᠠ ᠶᠢᠨ | ᠴᠡᠭ ᠤᠨ ᠠᠵᠢᠯ ᠤᠨ ᠲᠥᠰᠦᠯ︾᠂ ︽ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠰᠠᠨᠠᠯ︾᠂ | ︽ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ | ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ | ᠲᠤᠬᠠᠶ ᠰᠠᠨᠠᠯ ᠤᠳ︾ ᠢ ᠬᠢᠨᠠᠨ ᠵᠦᠪᠯᠡᠵᠦ | ᠪᠠᠳᠤᠯᠠᠪᠠ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠭᠦ ᠶᠢ ᠱᠠᠯᠠᠪᠳᠠᠨ | ᠪᠡᠶᠡᠯᠡᠭᠦᠯᠬᠦ ᠳᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠡᠨᠡ ᠬᠦ ᠳᠣᠬᠢᠭᠤᠷ ᠢ ᠰᠠᠶᠢᠲᠤᠷ | ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ | ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠵᠥᠪ ᠤᠳᠤᠷᠢᠳᠤᠮᠵᠢ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠳ ᠤᠨ | ᠢᠳᠡᠪᠬᠢᠵᠢᠯ ᠢ ᠪᠠᠳᠠᠷᠠᠭᠤᠯᠬᠤ ᠬᠡᠷᠡᠭᠲᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠪᠣᠯ | ᠤᠯᠤᠰ ᠠᠷᠠᠳ ᠤᠨ ᠰᠤᠷᠭᠠᠨ ᠬᠥᠮᠦᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠤᠨ᠎ᠠ᠂ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠤᠰᠤ ᠰᠤᠷᠳᠠᠬᠤᠨ ᠢᠶᠠᠷ | ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠤᠨ᠂ | ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠢ | ᠬᠥᠮᠦᠵᠢᠭᠦᠯᠬᠦ ᠭᠤᠣᠯ ᠴᠣᠭᠴᠠ ᠶᠢᠨ | ᠴᠢᠳᠠᠮᠵᠢ ᠶᠢ ᠭᠦᠢᠴᠡᠳ ᠪᠠᠳᠠᠷᠠᠭᠤᠯᠵᠤ᠂ | ᠰᠦᠯᠵᠢᠶ᠎ᠠ ᠪᠠ ᠪᠤᠳᠠᠳᠤ ᠴᠤᠭᠴᠠ ᠶᠢᠨ | ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ | ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠦᠨᠳᠦᠰᠦᠨ ᠡᠮ | ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠨᠡᠶᠢᠲᠡ ᠶᠢᠨ ᠠᠰᠠᠷᠠᠮᠵᠢ ᠶᠢᠨ | ᠴᠢᠨᠠᠷ ᠢ ᠴᠢᠩᠭᠠᠳᠬᠠᠵᠤ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ | ᠵᠣᠬᠢᠰᠲᠠᠢ ᠨᠥᠬᠦᠪᠥᠷᠢ ᠥᠭᠬᠦ ᠲᠣᠭᠲᠠᠴᠠ ᠶᠢ | ᠪᠠᠶᠢᠭᠤᠯᠵᠤ᠂ ᠦᠨ᠎ᠡ ᠬᠠᠩᠰᠢ ᠶᠢ | ᠲᠤᠬᠢᠷᠠᠭᠤᠯᠬᠤ ᠵᠢᠱᠢᠯᠲᠡ ᠶᠢ | ᠲᠣᠭᠲᠠᠪᠤᠷᠢᠵᠢᠭᠤᠯᠤᠨ᠂ ᠤᠯᠠᠨ ᠲᠦᠮᠡᠨ ᠤ | ᠳᠠᠷᠤᠭᠠᠰᠤ ᠶᠡᠷᠦᠩᠬᠡᠢ ᠳᠡᠭᠡᠨ ᠲᠣᠭᠲᠠᠭᠤᠨ | ᠪᠠᠶᠢᠬᠤ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠳᠠᠭᠠᠭᠠᠵᠤ ᠳᠡᠶᠢᠯᠬᠦ᠂ | ᠠᠯᠪᠠᠨ ᠠᠴᠠ ᠪᠠᠶᠢᠭᠤᠯᠤᠭᠰᠠᠨ ᠡᠮ | ᠡᠮᠨᠡᠯᠭᠡ ᠶᠢᠨ ᠪᠠᠶᠢᠭᠤᠯᠤᠮᠵᠢ | ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ | ᠪᠠᠲᠤᠯᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠷᠠᠳ ᠲᠦᠮᠡᠨ ᠳᠤ | ᠦᠢᠯᠡᠴᠢᠯᠡᠬᠦ ᠶᠠᠰᠤ ᠴᠢᠨᠠᠷ ᠪᠣᠯᠤᠨ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠠᠮᠢ | ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠶᠡᠷᠦᠩᠬᠡᠢ | ᠬᠠᠷᠠᠯᠲᠠ ᠶᠢᠨ ᠲᠣᠭᠤᠷᠢᠨ ᠳᠤ | ᠨᠡᠭᠦᠷᠡᠰᠦᠲᠥ᠋ᠷᠥᠭᠴᠢ ᠶᠢ ᠤᠷᠬᠢᠯ | ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠡᠭᠦᠷᠭᠡ ᠲᠠᠢ | ᠵᠣᠯᠭᠠᠭᠤᠯᠬᠤ ᠶᠢ ᠴᠢᠩᠭᠠᠳᠬᠠᠵᠤ᠂ ᠠᠮᠢ | ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠶᠢᠨ ᠲᠦᠷᠢᠮ ᠤᠨ | ᠪᠠᠶᠢᠭᠤᠯᠤᠯᠲᠠ ᠶᠢ ᠤᠯᠠᠮ ᠴᠢᠨᠠᠭᠰᠢᠳᠠ | ᠠᠬᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ | ᠲᠦᠷᠦ ᠶᠢᠨ ᠪᠤᠳᠤᠯᠭ᠎ᠠ ᠶᠢᠨ | ᠤᠳᠤᠷᠢᠳᠤᠮᠵᠢ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠲᠡᠦᠬᠡ ᠳᠤ | ᠬᠠᠷᠢᠭᠤᠴᠠᠬᠤ᠂ ᠠᠷᠠᠳ ᠲᠦᠮᠡᠨ ᠳᠤ | ᠬᠠᠷᠢᠭᠤᠴᠠᠬᠤ ᠣᠪᠣᠷ ᠢᠶᠠᠷ ᠲᠦᠷᠦᠯ | ᠠᠩᠭᠢᠯᠠᠯ ᠨᠢ ᠰᠢᠨᠵᠢᠯᠡᠬᠦ ᠤᠬᠠᠭᠠᠨᠴᠢ᠂ | ᠬᠠᠮᠠᠭᠠᠯᠠᠯᠲᠠ ᠨᠢ ᠡᠷᠴᠢᠮᠳᠠᠢ᠂ | ᠬᠠᠮᠢᠶᠠᠷᠤᠯᠲᠠ ᠨᠢ ᠪᠦᠲᠦᠮᠵᠢᠲᠡᠢ ᠬᠤᠳᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠢ ᠪᠠᠶᠢᠭᠤᠯᠬᠤ | ᠬᠡᠷᠡᠭᠲᠡᠢ ᠬᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠪ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠳᠡᠳ᠋ ᠡᠷᠬᠢᠯᠡᠭᠴᠢ ᠯᠢ ᠺᠧ | ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ | ᠣᠷᠣᠯᠴᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠣᠭᠠᠷ | ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠨᠡᠯᠡᠯᠲᠡ ᠶᠢᠨ | ᠰᠢᠰᠲ᠋ᠧᠮ ᠤᠨ ᠥᠭᠡᠷᠡᠴᠢᠯᠡᠯᠲᠡ ᠶᠢ | ᠪᠠᠶᠢᠷᠢᠯᠠᠭᠤᠯᠤᠨ ᠠᠬᠢᠭᠤᠯᠵᠤ᠂ ︽ᠲᠦᠷᠪᠡᠨ | ᠬᠠᠨᠳᠤᠭᠤᠯᠬᠤ︾ ᠳᠤ ᠠᠩᠬᠠᠷᠤᠯ ᠢᠶᠠᠨ | ᠲᠥᠪᠯᠡᠷᠡᠭᠦᠯᠦᠭᠰᠡᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠤᠳᠤᠷᠢᠳᠤᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ ᠲᠣᠭᠲᠠᠭᠠᠵᠤ᠂ | ᠰᠢᠨ᠎ᠡ ᠶᠢ ᠡᠭᠦᠳᠬᠦ ᠶᠢ ᠵᠣᠷᠢᠭᠵᠢᠭᠤᠯᠬᠤ | ᠣᠷᠴᠢᠨ ᠨᠥᠬᠦᠴᠡᠯ ᠠᠭᠠᠵᠢᠮ ᠢᠶᠠᠷ ᠪᠦᠷᠢᠯᠳᠦᠨ᠂ | ᠮᠠᠨ ᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠢᠯᠡᠳᠲᠡ ᠳᠡᠭᠡᠭᠰᠢᠯᠡᠭᠦ ᠶᠢ | ᠳᠠᠶᠢᠴᠢᠯᠠᠪᠠ᠃ ᠡᠭᠦᠨ ᠤ ᠵᠡᠷᠭᠡ ᠪᠠᠷ᠂ ᠲᠥᠷᠥᠯ | ᠬᠤᠪᠢᠶᠠᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ | ᠰᠢᠰᠲ᠋ᠧᠮ ᠢ ᠬᠠᠷᠠᠬᠠᠨ ᠪᠠᠶᠢᠭᠤᠯᠤᠭᠠᠳᠤᠶ | ᠪᠠᠶᠢᠵᠤ᠂ ᠭᠦᠢᠴᠡᠳᠬᠡᠯ ᠲᠤᠭ᠎ᠠ ᠲᠠᠩ ᠴᠤᠯᠭᠤᠶ | ᠪᠠᠶᠢᠬᠤ᠂ ᠪᠠᠷᠢᠮᠵᠢᠶ᠎ᠠ ᠳᠤᠭᠳᠠᠮᠠᠯ ᠪᠠᠶᠢᠬᠤ᠂ | ᠦᠷ᠎ᠡ ᠳ᠋ᠦᠩ ᠳᠤ ᠠᠰᠢᠭ ᠬᠠᠷᠠᠬᠤ ᠠᠰᠠᠭᠤᠳᠠᠯ | ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ | ᠪᠠᠶᠢᠨ᠎ᠠ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ | ᠲᠣᠭᠲᠠᠴᠠ ᠶᠢ ᠲᠡᠭᠦᠯᠳᠡᠷᠵᠢᠭᠦᠯᠬᠦ ᠳᠤ | ᠵᠠᠩᠭᠢᠯᠠᠭ᠎ᠠ ᠨᠢ ︽ᠶᠠᠭᠤ ᠶᠢ ᠦᠨᠡᠯᠡᠬᠦ︾᠂ | ︽ᠬᠡᠨ ᠦᠨᠡᠯᠡᠬᠦ︾᠂ ︽ᠶᠠᠭᠠᠬᠢᠵᠤ ᠦᠨᠡᠯᠡᠬᠦ︾᠂ | ︽ᠶᠠᠭᠠᠬᠢᠵᠤ ᠬᠡᠷᠡᠭᠯᠡᠬᠦ︾ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠶ᠃ ᠶᠠᠰᠤ | ᠴᠢᠨᠠᠷ᠂ ᠠᠮᠵᠢᠯᠲᠠ ᠪᠦᠲᠦᠮᠵᠢ᠂ ᠬᠤᠪᠢ | ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ | ᠤᠳᠤᠷᠢᠳᠤᠮᠵᠢ ᠶᠢ ᠪᠠᠷᠢᠮᠲᠠᠯᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠲᠦᠷᠦᠯ ᠬᠤᠪᠢᠶᠠᠨ ᠦᠨᠡᠯᠡᠬᠦ | ᠰᠢᠰᠲ᠋ᠧᠮ ᠢ ᠪᠦᠷᠢᠨᠰᠢᠬᠦᠯᠵᠤ᠂ ᠰᠠᠭᠤᠷᠢ | ᠰᠤᠳᠤᠯᠭᠠᠨ᠂ ᠬᠡᠷᠡᠭᠯᠡᠭᠡᠨ ᠤ ᠰᠤᠳᠤᠯᠭᠠᠨ᠂ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ | ᠵᠡᠷᠭᠡ ᠠᠳᠠᠯᠢ ᠪᠤᠰᠤ ᠲᠦᠷᠦᠯ ᠤᠨ ᠦᠷ᠎ᠡ | ᠪᠦᠲᠦᠭᠡᠯ ᠳᠤ ᠴᠢᠭᠯᠡᠭᠦᠯᠦᠨ ᠨᠠᠷᠢᠯᠢᠭ | ᠬᠤᠪᠢᠶᠠᠷᠢᠯᠠᠯᠳᠠ ᠲᠠᠢ ᠦᠨᠡᠯᠡᠯᠲᠡ ᠶᠢᠨ | ᠪᠠᠷᠢᠮᠵᠢᠶ᠎ᠠ ᠶᠢ ᠪᠦᠷᠢᠯᠳᠦᠭᠦᠯᠤᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠰᠢᠨᠵᠢᠯᠡᠬᠦ ᠤᠬᠠᠭᠠᠨ᠂ | ᠮᠡᠷᠭᠡᠵᠢᠯ᠂ ᠠᠵᠤ ᠠᠬᠤᠢ᠂ ᠨᠡᠶᠢᠭᠡᠮ᠂ | ᠰᠣᠶᠣᠯ ᠤᠨ ᠦᠷᠳᠡᠭ ᠢ ᠪᠦᠬᠦ ᠲᠠᠯ᠎ᠠ ᠪᠠᠷ | ᠣᠨᠣᠪᠴᠢᠲᠠᠢ ᠦᠨᠡᠯᠡᠬᠦ ᠬᠡᠷᠡᠭᠲᠡᠢ᠃ | ᠵᠠᠰᠠᠭ ᠤᠨ ᠣᠷᠳᠣᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠠᠵᠤ ᠠᠬᠤᠶᠢᠯᠠᠯ᠂ ᠪᠡᠯᠡ | ᠣᠷᠣᠭᠤᠯᠵᠤ ᠪᠡᠯᠡ ᠬᠤᠷᠠᠮᠳᠤᠭᠤᠯᠬᠤ | ᠪᠠᠶᠢᠭᠤᠯᠤᠮᠵᠢ ᠵᠡᠷᠭᠡ ᠬᠠᠮᠲᠤ ᠪᠠᠷ | ᠣᠷᠣᠯᠴᠠᠭᠰᠠᠨ ᠤᠯᠠᠨ ᠡᠰᠢᠲᠦ ᠦᠨᠡᠯᠡᠯᠲᠡ ᠶᠢᠨ | ᠰᠢᠰᠲ᠋ᠧᠮ ᠢ ᠱᠠᠯᠠᠪᠳᠠᠨ ᠪᠠᠶᠢᠭᠤᠯᠵᠤ᠂ ᠵᠠᠬ᠎ᠠ | ᠳᠡᠯᠭᠡᠭᠦᠷᠴᠢᠯᠡᠭᠰᠡᠨ ᠦᠨᠡᠯᠡᠯᠲᠡ ᠶᠢ | ᠢᠳᠡᠪᠬᠢᠲᠡᠢ ᠬᠥᠭᠵᠢᠭᠦᠯᠵᠦ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ | ᠲᠤᠪᠤᠶᠢᠯᠭᠠᠨ᠂ ᠭᠤᠷᠪᠠᠳᠠᠭᠴᠢ ᠡᠳᠡᠬᠡᠳ ᠤᠨ | ᠦᠨᠡᠯᠡᠯᠲᠡ ᠶᠢ ᠵᠢᠷᠤᠮᠵᠢᠭᠤᠯᠵᠤ᠂ ᠡᠯ᠎ᠡ | ᠲᠦᠷᠦᠯ ᠤᠨ ᠦᠨᠡᠯᠡᠯᠲᠡ ᠶᠢᠨ ᠭᠤᠣᠯ | ᠴᠣᠭᠴᠠ ᠶᠢᠨ ᠢᠳᠡᠪᠬᠢᠵᠢᠯ ᠢ ᠭᠦᠢᠴᠡᠳ | ᠳᠠᠶᠢᠴᠢᠯᠠᠬᠤ ᠬᠡᠷᠡᠭᠲᠡᠢ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠭᠠᠵᠢᠮ ᠢᠶᠠᠷ | ᠠᠬᠢᠬᠤ ᠴᠢᠨᠠᠷ ᠪᠣᠯᠤᠨ ᠦᠷ᠎ᠡ ᠪᠦᠲᠦᠭᠡᠯ ᠤᠨ | ᠱᠠᠳᠤᠴᠢ ᠴᠢᠨᠠᠷᠲᠠᠢ ᠣᠨᠴᠠᠯᠢᠭ ᠢ ᠡᠵᠡᠮᠳᠡᠵᠦ᠂ | ᠳᠤᠮᠳᠠ ᠤᠷᠳᠤ ᠬᠤᠭᠤᠴᠠᠭᠠᠨ ᠤ ᠦᠨᠡᠯᠡᠯᠲᠡ᠂ | ᠰᠡᠭᠦᠯᠴᠢ ᠶᠢᠨ ᠦᠨᠡᠯᠡᠯᠲᠡ ᠪᠣᠯᠤᠨ ᠦᠷ᠎ᠡ | ᠪᠦᠲᠦᠭᠡᠯ ᠤᠨ ᠡᠷᠭᠢᠴᠡᠭᠦᠯᠦᠯ ᠢ | ᠴᠢᠩᠭᠠᠳᠬᠠᠵᠤ᠂ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠦᠷᠦᠯ | ᠵᠦᠢᠯ ᠤᠨ ᠦᠷ᠎ᠡ ᠪᠦᠲᠦᠭᠡᠯ ᠤᠨ | ᠦᠨᠡᠯᠡᠯᠳᠡ ᠶᠢᠨ ᠥᠭᠡᠷᠡᠴᠢᠯᠡᠯᠲᠡ ᠶᠢ | ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢᠨ | ᠬᠠᠮᠢᠶᠠᠷᠤᠯᠲᠠ ᠶᠢᠨ ᠶᠠᠪᠤᠴᠠ ᠶᠢ | ᠪᠦᠷᠢᠨᠰᠢᠬᠦᠯᠤᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠤᠨᠤᠯ ᠪᠣᠯᠤᠨ ᠠᠷᠭ᠎ᠠ ᠶᠢᠨ | ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ | ᠨᠢᠭᠡ ᠰᠡᠳᠬᠢᠯ ᠢᠶᠠᠷ ᠰᠤᠳᠤᠯᠬᠤ᠂ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠬᠦ ᠶᠢ | ᠬᠦᠳᠤᠯᠤᠨ ᠵᠢᠯᠣᠭᠤᠳᠴᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨᠡᠯᠡᠬᠦ ᠳᠤᠮᠳᠠ ᠠᠪᠤᠨ ᠳᠣᠣᠷ᠎ᠠ ᠪᠠᠨ ᠠᠰᠢᠭ | ᠤᠯᠬᠤ ᠪᠠᠷ ᠶᠠᠭᠠᠷᠠᠬᠤ᠂ ᠰᠣᠬᠤᠷ ᠪᠠᠯᠠᠢ ᠪᠠᠷ | ᠰᠠᠯᠬᠢ ᠲᠠᠭᠠᠬᠤ ᠦᠵᠡᠭᠳᠡᠯ ᠢ ᠲᠠᠰᠤ | ᠵᠤᠭᠰᠤᠭᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠤᠨ | ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ | ᠥᠨᠳᠥᠷ ᠲᠦᠪᠰᠢᠨ ᠪᠦᠬᠦᠢ ᠮᠡᠷᠭᠡᠵᠢᠯ ᠤᠨ | ᠠᠷᠠᠯᠵᠢᠶᠠᠨ ᠤ ᠵᠠᠬ᠎ᠠ ᠳᠡᠯᠭᠡᠭᠦᠷ ᠢ | ᠱᠠᠯᠠᠪᠳᠠᠨ ᠪᠠᠶᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠬᠤ ᠪᠠ ᠠᠵᠤ | ᠦᠢᠯᠡᠰᠵᠢᠭᠦᠯᠬᠦ ᠳᠠᠬᠢ ᠮᠥᠩᠭᠦᠨ | ᠭᠦᠢᠯᠭᠡᠭᠡᠨ ᠤ ᠪᠡᠯᠡ ᠣᠷᠣᠭᠤᠯᠤᠯᠲᠠ ᠶᠢᠨ | ᠳᠡᠮᠵᠢᠯᠭᠡ ᠶᠢ ᠨᠡᠮᠡᠭᠳᠡᠭᠦᠯᠤᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠨᠳᠤᠤᠰᠢᠭᠤᠯᠤᠭᠰᠠᠨ | ᠠᠮᠵᠢᠯᠳᠠ ᠪᠦᠲᠦᠮᠵᠢ ᠶᠢ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠶᠢᠨ ᠦᠨᠡᠯᠡᠯᠲᠡ ᠳᠤ | ᠣᠷᠣᠭᠤᠯᠵᠤ᠂ ᠣᠨᠳᠣᠣᠰᠢᠭᠤᠯᠬᠤ ᠳᠤ ᠠᠰᠢᠭᠲᠠᠢ | ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠨ | ᠵᠢᠱᠢᠬᠦ ᠲᠦᠷᠦ ᠶᠢᠨ ᠪᠤᠳᠤᠯᠭ᠎ᠠ ᠶᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ | ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠳᠠᠨ ᠤ ᠥᠭᠦᠯᠡᠯ ᠢᠶᠠᠨ | ᠡᠭᠡ ᠤᠯᠤᠰ ᠤᠨ ᠡᠭᠡ ᠭᠠᠵᠠᠷ ᠲᠤ | ᠪᠢᠴᠢᠭᠯᠡᠬᠦ ᠶᠢ ᠵᠣᠷᠢᠭᠵᠢᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠱᠠᠩᠨᠠᠨ | ᠬᠥᠬᠢᠭᠦᠯᠬᠦ ᠰᠢᠰᠲ᠋ᠧᠮ ᠢ ᠥᠭᠡᠷᠡᠴᠢᠯᠡᠨ | ᠲᠡᠭᠦᠯᠳᠡᠷᠵᠢᠭᠦᠯᠵᠦ᠂ ᠦᠨᠡᠨ ᠬᠦ ᠪᠦᠲᠦᠭᠡᠯᠴᠢ | ᠴᠢᠨᠠᠷᠲᠠᠢ ᠬᠤᠪᠢ ᠨᠡᠮᠡᠷᠢ ᠦᠵᠡᠭᠦᠯᠦᠭᠰᠡᠨ | ᠰᠢᠨᠵᠢᠯᠡᠬᠦ ᠤᠬᠠᠭᠠᠨᠲᠠᠨ ᠪᠠ ᠡᠮᠤᠨ᠎ᠠ | ᠹᠷᠣᠨᠲ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠳᠠᠨ ᠢ ᠱᠠᠩᠨᠠᠨ | ᠬᠥᠬᠢᠭᠦᠯᠬᠦ ᠪᠠᠷ ᠭᠤᠣᠯᠳᠠᠯᠭ᠎ᠠ ᠪᠣᠯᠭᠠᠵᠤ᠂ | ᠱᠠᠩᠨᠠᠨ ᠬᠥᠬᠢᠭᠦᠯᠬᠦ ᠲᠤᠭ᠎ᠠ ᠬᠡᠮᠵᠢᠶ᠎ᠡ ᠶᠢ | ᠬᠢᠵᠠᠭᠠᠷᠯᠠᠨ᠂ ᠱᠠᠩᠨᠠᠨ ᠬᠥᠬᠢᠭᠦᠯᠬᠦ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠢ | ᠬᠡᠵᠤ ᠴᠢᠬᠤᠯᠠᠴᠢᠯᠠᠪᠠ᠃ | ᠬᠤᠷᠠᠯ ᠠᠴᠠ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠠᠮᠤᠭ ᠤᠨ ᠲᠣᠪᠤᠶᠢᠮ᠎ᠠ ᠨᠢᠭᠡ | ᠠᠰᠠᠭᠤᠳᠠᠯ ᠪᠣᠯ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ | ᠬᠡᠲᠦᠷᠬᠡᠶ ᠬᠦᠨᠳᠦ ᠪᠠᠶᠢᠵᠤ᠂ ᠨᠢᠳᠤᠨ | ᠡᠮᠦᠨᠡᠬᠢ ᠪᠠᠨ ᠬᠠᠷᠠᠬᠤ᠂ ᠠᠰᠢᠭ ᠬᠠᠷᠠᠬᠤ | ᠠᠰᠠᠭᠤᠳᠠᠯ ᠢ ᠦᠨᠳᠦᠰᠦᠨ ᠠᠴᠠ ᠪᠠᠨ | ᠰᠢᠢᠳᠪᠦᠷᠢᠯᠡᠭᠡᠳᠤᠢ ᠪᠠᠶᠢᠬᠤ ᠶᠠᠪᠤᠳᠠᠯ | ᠪᠣᠯᠤᠨ᠎ᠠ᠃ ᠢᠯᠠᠩᠭᠤᠶ᠎ᠠ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ | ᠡᠮᠬᠢ ᠵᠢᠷᠤᠮ ᠥᠬᠡᠶ ᠬᠥᠭᠵᠢᠵᠦ᠂ | ︽ᠰᠤᠷᠭᠠᠭᠤᠯᠢ ᠶᠢᠨ ᠳᠣᠲᠣᠷᠠᠬᠢ ᠳᠠᠷᠤᠭᠠᠰᠤ | ᠬᠥᠩᠭᠡᠷᠡᠵᠤ᠂ ᠰᠤᠷᠭᠠᠭᠤᠯᠢ ᠶᠢᠨ ᠭᠠᠳᠠᠨᠠᠬᠢ | ᠳᠠᠷᠤᠭᠠᠰᠤ ᠨᠡᠮᠡᠭᠳᠡᠭᠰᠡᠨ︾ ᠦᠵᠡᠭᠳᠡᠯ | ᠲᠣᠪᠤᠶᠢᠮ᠎ᠠ ᠪᠠᠶᠢᠨ᠎ᠠ᠃ ᠰᠤᠷᠤᠭᠴᠢᠳ ᠤᠨ | ᠳᠠᠷᠤᠭᠠᠰᠤ ᠶᠢ ᠬᠥᠩᠭᠡᠷᠡᠭᠦᠯᠬᠦ ᠶᠢᠨ | ᠦᠨᠳᠦᠰᠦᠨ ᠠᠷᠭ᠎ᠠ ᠪᠤᠳᠤᠯᠭ᠎ᠠ ᠨᠢ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠵᠢᠭᠠᠬᠤ | ᠶᠣᠰᠣᠲᠠᠢ ᠶᠢ ᠨᠢ ᠪᠦᠬᠦᠨ ᠢ ᠵᠢᠭᠠᠵᠤ᠂ | ᠰᠤᠷᠭᠠᠭᠤᠯᠢ ᠶᠢᠨ ᠰᠤᠷᠭᠠᠨ ᠬᠥᠮᠦᠵᠢᠯ ᠤᠨ | ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ | ᠴᠢᠩᠭᠠᠳᠬᠠᠬᠤ ᠳᠤ ᠪᠤᠢ᠃ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ᠂ ᠵᠢᠭᠠᠨ | ᠰᠤᠷᠭᠠᠯᠲᠠ ᠶᠢᠨ ᠠᠷᠭ᠎ᠠ ᠬᠡᠯᠪᠡᠷᠢ ᠶᠢ | ᠰᠢᠯᠢᠳᠡᠭᠵᠢᠭᠦᠯᠵᠦ᠂ ᠳᠠᠰᠬᠠᠯ | ᠳᠠᠭᠠᠭᠠᠯᠭᠠᠪᠤᠷᠢ ᠶᠢᠨ ᠶᠡᠷᠦᠩᠬᠡᠶ | ᠬᠡᠮᠵᠢᠶ᠎ᠡ ᠶᠢ ᠪᠥᠬᠦ ᠲᠠᠯ᠎ᠠ ᠪᠠᠷ | ᠪᠠᠭᠠᠰᠬᠠᠨ᠂ ᠰᠢᠯᠭᠠᠯᠲᠠ ᠶᠢᠨ ᠳᠠᠷᠤᠭᠠᠰᠤ ᠶᠢ | ᠬᠦᠩᠭᠡᠷᠡᠭᠦᠯᠬᠦ ᠬᠡᠷᠡᠭᠲᠡᠶ᠃ | ᠰᠤᠷᠭᠠᠭᠤᠯᠢ ᠶᠢᠨ ᠡᠯ᠎ᠡ ᠵᠦᠢᠯ ᠤᠨ | ᠬᠢᠴᠢᠶᠡᠯ ᠤᠨ ᠳᠠᠷᠠᠭᠠᠬᠢ ᠬᠥᠮᠦᠨ | ᠬᠥᠮᠦᠵᠢᠭᠦᠯᠬᠦ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠤᠨ ᠳᠡᠮᠵᠢᠵᠦ᠂ ᠰᠤᠷᠤᠭᠴᠢᠳ ᠤᠨ | ᠣᠯᠠᠨ ᠶᠠᠩᠵᠤ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠪᠠᠭᠰᠢ ᠶᠢᠨ ᠡᠬᠢ | ᠪᠠᠶᠠᠯᠢᠭ ᠤᠨ ᠲᠤᠬᠢᠷᠠᠭᠤᠯᠤᠯᠳᠠ ᠶᠢ | ᠰᠢᠯᠢᠳᠡᠭᠵᠢᠭᠦᠯᠤᠨ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠪᠠᠭᠰᠢ ᠶᠢᠨ ᠡᠷᠬᠡ ᠠᠰᠢᠭ | ᠪᠣᠯᠤᠨ ᠬᠦᠷᠳᠡᠭᠡᠮᠵᠢ ᠶᠢ ᠬᠠᠤᠯᠢ ᠶᠣᠰᠣᠭᠠᠷ | ᠪᠠᠲᠤᠯᠠᠬᠤ ᠬᠡᠷᠡᠭᠲᠡᠢ ᠭᠡᠵᠤ ᠵᠢᠭᠠᠵᠤ | ᠭᠠᠷᠭᠠᠵᠠᠢ᠃ | ᠬᠤᠷᠠᠯ ᠠᠴᠠ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢ ᠪᠥᠬᠦ | ᠲᠠᠯ᠎ᠠ ᠪᠠᠷ ᠵᠢᠷᠤᠮᠵᠢᠭᠤᠯᠤᠨ ᠬᠠᠮᠢᠶᠠᠷᠴᠤ᠂ | ᠴᠢᠩᠭ᠎ᠠ ᠵᠠᠰᠠᠬᠤ ᠶᠢ ᠪᠠᠷᠢᠮᠲᠠᠯᠠᠨ᠂ ᠬᠢᠷᠢ | ᠬᠡᠮ ᠳᠤ ᠥᠯᠥ ᠨᠡᠶᠢᠴᠡᠬᠦ᠂ ᠬᠠᠮᠢᠶᠠᠷᠤᠯᠲᠠ ᠨᠢ | ᠡᠮᠬᠢ ᠵᠠᠮᠪᠠᠷᠠᠭ᠎ᠠ ᠥᠬᠡᠶ᠂ ᠵᠠᠪᠰᠢᠶᠠᠨ ᠢ | ᠳᠠᠯᠢᠮᠳᠠᠭᠤᠯᠤᠨ ᠵᠤᠭᠤᠰ ᠬᠤᠨᠵᠢᠬᠤ᠂ ᠬᠤᠳᠠᠯ | ᠬᠠᠭᠤᠷᠮᠠᠭ ᠢᠶᠠᠷ ᠤᠬᠠᠭᠤᠯᠬᠤ᠂ | ᠰᠤᠷᠭᠠᠭᠤᠯᠢ ᠲᠠᠢ ᠰᠦᠯᠪᠡᠭᠡᠯᠡᠨ ᠠᠰᠢᠭ ᠤᠯᠬᠤ | ᠵᠡᠷᠭᠡ ᠠᠰᠠᠭᠤᠳᠠᠯ ᠣᠷᠣᠰᠢᠵᠤ ᠪᠠᠶᠢᠭ᠎ᠠ | ᠪᠠᠶᠢᠭᠤᠯᠤᠮᠵᠢ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ | ᠪᠣᠯᠪᠠᠰᠤᠷᠠᠯ ᠤᠨ ᠪᠠᠶᠢᠭᠤᠯᠤᠮᠵᠢ ᠶᠢᠨ | ᠰᠦᠢᠳᠬᠡᠯ ᠬᠤᠷᠢᠶᠠᠬᠤ ᠪᠠᠷᠢᠮᠵᠢᠶ᠎ᠠ ᠶᠢ | ᠲᠣᠳᠣᠷᠬᠠᠶᠢᠯᠠᠵᠤ᠂ ᠤᠷᠢᠳᠴᠢᠯᠠᠨ ᠰᠦᠢᠳᠬᠡᠯ | ᠬᠤᠷᠢᠶᠠᠬᠤ ᠶᠢ ᠬᠢᠨᠠᠨ ᠬᠠᠮᠢᠶᠠᠷᠬᠤ ᠶᠢ | ᠴᠢᠩᠭᠠᠳᠬᠠᠨ᠂ ᠳᠤᠷ᠎ᠠ ᠪᠠᠷ ᠢᠶᠠᠨ | ᠬᠥᠷᠥᠩᠭᠡᠴᠢᠯᠡᠨ ᠠᠵᠢᠯᠯᠠᠬᠤ ᠶᠢ ᠡᠷᠡᠰ | ᠴᠠᠭᠠᠵᠠᠯᠠᠵᠤ᠂ ᠨᠢᠩᠵᠢᠨ ᠰᠡᠳᠬᠢᠯᠲᠦ ᠠᠵᠢᠯ | ᠲᠥᠷᠥᠯ ᠢ ᠠᠰᠢᠭ ᠬᠥᠭᠡᠭᠡᠴᠡᠯᠳᠦᠬᠦ ᠠᠵᠤ ᠦᠢᠯᠡᠰ | ᠪᠣᠯᠭᠠᠨ ᠬᠤᠪᠢᠷᠠᠭᠤᠯᠵᠤ ᠪᠣᠯᠬᠤ ᠥᠬᠡᠶ᠃ | ᠬᠠᠮᠢᠶ᠎ᠠ ᠪᠦᠬᠦᠢ ᠬᠠᠤᠯᠢ ᠴᠠᠭᠠᠵᠠ ᠶᠢ | ᠲᠡᠭᠦᠯᠳᠡᠷᠵᠢᠭᠦᠯᠵᠦ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢ ᠬᠠᠤᠯᠢ ᠶᠣᠰᠣᠭᠠᠷ | ᠬᠠᠮᠢᠶᠠᠷᠬᠤ ᠬᠡᠷᠡᠭᠲᠡᠶ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠴᠢᠩᠭᠠᠳᠬᠠᠵᠤ᠂ ᠲᠥᠰᠦᠯ ᠢ ᠨᠠᠷᠢᠯᠢᠭ ᠪᠣᠳᠠᠲᠠᠢ | ᠳᠤᠭᠳᠠᠭᠠᠨ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠵᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠨ᠂ ᠵᠢᠭᠠᠨ ᠰᠤᠷᠭᠠᠯᠲᠠ ᠶᠢᠨ | ᠪᠣᠯᠪᠠᠰᠤᠷᠠᠯ ᠤᠨ ᠡᠮᠬᠢ ᠳᠢᠭᠯᠢᠮ ᠢ ᠬᠠᠤᠯᠢ | ᠶᠣᠰᠣᠭᠠᠷ ᠵᠢᠷᠤᠮᠵᠢᠭᠤᠯᠵᠤ᠂ ᠡᠷᠬᠡ ᠠᠰᠢᠭ ᠤᠨ | ᠬᠠᠮᠠᠭᠠᠯᠠᠯᠲᠠ ᠶᠢ ᠴᠢᠩᠭᠠᠳᠬᠠᠨ᠂ | ᠥᠭᠡᠷᠡᠴᠢᠯᠡᠯᠲᠡ ᠶᠢ ᠯᠠᠪᠳᠠᠭᠤᠨ ᠢᠶᠠᠷ | ᠶᠠᠪᠤᠭᠳᠠᠭᠤᠯᠬᠤ ᠶᠢ ᠪᠠᠲᠤᠯᠠᠬᠤ ᠬᠡᠷᠡᠭᠲᠡᠢ | ᠭᠡᠵᠤ ᠴᠢᠬᠤᠯᠠᠴᠢᠯᠠᠪᠠ᠃ | ᠬᠤᠷᠠᠯ ᠠᠴᠠ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠪᠣᠯ ᠠᠷᠠᠳ | ᠤᠯᠠᠨ ᠤ ᠬᠠᠮᠤᠭ ᠠᠴᠠ ᠠᠩᠬᠠᠷᠴᠤ ᠪᠠᠶᠢᠭ᠎ᠠ | ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠪᠣᠯᠤᠨ᠎ᠠ᠃ | ᠣᠶᠢᠷ᠎ᠠ ᠶᠢᠨ ᠬᠡᠳᠦᠨ ᠵᠢᠯ ᠳᠤ᠂ ᠨᠠᠮ ᠤᠨ ᠲᠥᠪ | ᠬᠤᠷᠢᠶ᠎ᠠ ᠠᠯᠢ ᠣᠯᠠᠨ ᠥᠭᠡᠷᠡᠴᠢᠯᠡᠯᠲᠡ ᠶᠢ | ᠪᠠᠶᠢᠷᠢᠯᠠᠭᠤᠯᠤᠨ ᠠᠬᠢᠭᠤᠯᠵᠤ᠂ ᠡᠮ ᠤᠨ | ᠵᠦᠢᠯ ᠤᠨ ᠬᠤᠪᠢᠳᠠᠯ ᠮᠦᠩᠬᠦ ᠶᠢ ᠬᠦᠴᠦᠨ ᠥᠬᠡᠶ | ᠪᠣᠯᠭᠠᠬᠤ᠂ ᠲᠥᠪᠯᠡᠷᠡᠭᠦᠯᠦᠨ | ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ | ᠪᠠ ᠥᠪᠡᠷ ᠤᠨ ᠥᠷᠲᠡᠭ ᠤᠨ ᠬᠢᠵᠠᠭᠠᠷᠯᠠᠯ ᠢ | ᠴᠢᠩᠭᠠᠳᠬᠠᠬᠤ ᠪᠠᠷ ᠳᠠᠮᠵᠢᠭᠤᠯᠤᠨ᠂ ᠡᠮ ᠤᠨ | ᠵᠦᠢᠯᠡᠰ ᠤᠨ ᠮᠠᠲ᠋ᠧᠷᠢᠶᠠᠯ ᠤᠨ ᠦᠨ᠎ᠡ | ᠬᠠᠩᠰᠢ ᠶᠢ ᠪᠠᠭᠤᠷᠠᠭᠤᠯᠵᠤ᠂ ᠠᠷᠠᠳ ᠣᠯᠠᠨ ᠤ | ᠳᠠᠷᠤᠭᠠᠰᠤ ᠶᠢ ᠬᠥᠩᠭᠡᠷᠡᠭᠦᠯᠦᠭᠰᠡᠨ ᠪᠥᠭᠡᠳ | ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢ ᠲᠣᠬᠢᠷᠠᠭᠤᠯᠬᠤ ᠳᠤ ᠨᠥᠬᠦᠴᠡᠯ | ᠪᠦᠷᠢᠯᠳᠦᠭᠦᠯᠵᠦ ᠥᠭᠴᠡᠶ ᠭᠡᠵᠤ ᠵᠢᠭᠠᠵᠤ | ᠭᠠᠷᠭᠠᠵᠠᠢ᠃ | ᠬᠤᠷᠠᠯ ᠠᠴᠠ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ | ᠵᠦᠢᠯ ᠢ ᠵᠢᠷᠤᠮᠵᠢᠭᠤᠯᠤᠨ ᠬᠠᠮᠢᠶᠠᠷᠴᠤ᠂ | ᠬᠠᠷᠠᠯᠲᠠ ᠪᠠᠷ ᠤᠳᠤᠷᠢᠳᠤᠮᠵᠢ ᠪᠣᠯᠭᠠᠭᠰᠠᠨ | ᠦᠨ᠎ᠡ ᠬᠠᠩᠰᠢ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠡᠮᠴᠢᠯᠡᠭᠡᠨ ᠤ | ᠦᠢᠯᠡᠴᠢᠯᠡᠭᠡᠨ ᠤ ᠲᠥᠷᠥᠯ ᠵᠦᠢᠯ ᠤᠨ ᠦᠨ᠎ᠡ | ᠬᠠᠩᠰᠢ ᠶᠢ ᠪᠤᠳᠤᠬᠤ ᠳᠤ ᠨᠡᠩ ᠠᠮᠠᠷ᠂ | ᠬᠡᠷᠡᠭᠵᠢᠭᠦᠯᠬᠦ ᠳᠤ ᠨᠡᠩ ᠠᠮᠠᠷ᠂ | ᠦᠨᠡᠯᠡᠬᠦ ᠳᠤ ᠨᠡᠩ ᠠᠮᠠᠷ ᠪᠤᠯᠭᠠᠨ᠂ | ᠡᠮᠴᠢᠯᠡᠭᠡᠨ ᠤ ᠣᠨᠣᠰᠢᠯᠠᠨ ᠡᠮᠨᠡᠬᠦ ᠪᠠ ᠦᠨ᠎ᠡ | ᠬᠠᠩᠰᠢ ᠶᠢᠨ ᠬᠠᠮᠢᠶᠠᠷᠤᠯᠲᠠ ᠶᠢᠨ | ᠬᠡᠷᠡᠭᠴᠡᠭᠡ ᠳᠤ ᠨᠠᠩ ᠰᠠᠶᠢᠲᠤᠷ | ᠵᠤᠬᠢᠴᠠᠭᠤᠯᠬᠤ ᠬᠡᠷᠡᠭᠲᠡᠶ᠃ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠬᠤᠷᠸ᠎ᠠ | ᠬᠠᠮᠢᠶᠠᠷᠤᠯᠲᠠ ᠶᠢ ᠴᠢᠩᠭᠠᠳᠬᠠᠵᠤ᠂ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠪᠣᠯᠤᠨ ᠡᠯ᠎ᠡ ᠲᠠᠯ᠎ᠠ ᠶᠢᠨ | ᠳᠠᠭᠠᠭᠠᠴᠠ ᠶᠢ ᠰᠠᠶᠢᠲᠤᠷ | ᠲᠡᠩᠴᠡᠭᠦᠷᠢᠰᠢᠭᠦᠯᠤᠨ᠂ ᠨᠡᠶᠢᠳᠡ | ᠬᠡᠮᠵᠢᠶᠠᠨ ᠤ ᠬᠡᠪᠴᠢᠶᠡᠨ ᠲᠤᠳᠤᠷ᠎ᠠ | ᠭᠤᠤᠯᠳᠠᠯᠭ᠎ᠠ ᠶᠢ ᠳᠣᠪᠤᠶᠢᠯᠭᠠᠵᠤ᠂ | ᠨᠡᠮᠡᠭᠳᠡᠯ ᠪᠠᠭᠤᠷᠠᠯᠲᠠ ᠲᠠᠢ ᠪᠠᠶᠢᠯᠭᠠᠬᠤ | ᠬᠡᠷᠡᠭᠲᠡᠶ᠃ ᠡᠮᠴᠢᠯᠡᠭᠡᠨ ᠤ | ᠦᠢᠯᠡᠴᠢᠯᠡᠭᠡᠨ ᠤ ᠣᠨᠴᠠᠯᠢᠭ ᠲᠠᠢ | ᠤᠶᠠᠯᠳᠤᠭᠤᠯᠤᠨ ᠲᠥᠷᠥᠯ ᠬᠤᠪᠢᠶᠠᠨ | ᠬᠠᠮᠢᠶᠠᠷᠬᠤ ᠪᠠᠨ ᠴᠢᠩᠭᠠᠳᠬᠠᠵᠤ᠂ ᠨᠡᠶᠢᠳᠡᠮ | ᠶᠠᠪᠤᠭᠳᠠᠭᠤᠯᠵᠤ ᠪᠠᠶᠢᠭ᠎ᠠ ᠶᠡᠷᠦᠳᠡ ᠶᠢᠨ | ᠬᠡᠷᠡᠭᠯᠡᠭᠡᠨ ᠤ ᠲᠥᠷᠥᠯ ᠵᠦᠢᠯ ᠢ ᠵᠠᠰᠠᠭ ᠤᠨ | ᠣᠷᠳᠣᠨ ᠠᠴᠠ ᠦᠨ᠎ᠡ ᠬᠠᠩᠰᠢ ᠶᠢᠨ ᠦᠨᠳᠦᠰᠦᠨ | ᠪᠠᠷᠢᠮᠵᠢᠶ᠎ᠠ ᠶᠢ ᠰᠠᠶᠢᠲᠤᠷ ᠬᠠᠮᠢᠶᠠᠷᠬᠤ | ᠬᠡᠷᠡᠭᠲᠡᠶ︔ ᠮᠡᠷᠭᠡᠵᠢᠯ ᠤᠨ ᠬᠦᠴᠢᠷᠳᠡᠯ | ᠶᠡᠬᠡᠲᠡᠢ ᠪᠤᠳᠤᠯᠢᠶᠠᠨᠲᠠᠢ ᠲᠦᠷᠦᠯ ᠵᠦᠢᠯ ᠳᠤ᠂ | ᠵᠠᠰᠠᠭ ᠤᠨ ᠣᠷᠳᠣᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠡᠮᠨᠡᠯᠭᠡ ᠶᠢᠨ ᠬᠤᠷᠢᠶ᠎ᠠ | ᠪᠣᠯᠤᠨ ᠡᠮᠴᠢ ᠶᠢᠨ ᠲᠤᠰᠬᠠᠢ ᠮᠡᠷᠭᠡᠵᠢᠯ ᠤᠨ | ᠴᠢᠨᠠᠷᠲᠠᠢ ᠰᠠᠨᠠᠯ ᠰᠠᠨᠠᠭᠤᠯᠭ᠎ᠠ ᠶᠢ | ᠬᠦᠨᠳᠦᠳᠬᠡᠵᠦ᠂ ᠮᠡᠷᠭᠡᠵᠢᠯ ᠤᠨ ᠬᠥᠳᠡᠯᠮᠦᠷᠢ | ᠦᠢᠯᠡᠴᠢᠯᠡᠭᠡᠨ ᠤ ᠦᠷᠳᠡᠭ ᠢ ᠨᠡᠩ ᠰᠠᠶᠢᠲᠤᠷ | ᠢᠯᠡᠷᠡᠭᠦᠯᠬᠦ ᠬᠡᠷᠡᠭᠲᠡᠢ᠃ ᠦᠨ᠎ᠡ ᠬᠠᠩᠰᠢ ᠶᠢ | ᠠᠮᠢᠳᠤᠯᠢᠭ ᠪᠥᠭᠡᠳ ᠬᠡᠮ ᠬᠡᠮᠵᠢᠶ᠎ᠡ ᠲᠠᠢ | ᠬᠥᠳᠡᠯᠦᠩᠭᠦᠶ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠦᠨ᠎ᠡ | ᠬᠠᠩᠰᠢ ᠶᠢᠨ ᠲᠣᠬᠢᠷᠠᠭᠤᠯᠤᠯᠳᠠ ᠶᠢ | ᠡᠬᠢᠯᠡᠭᠦᠯᠬᠦ ᠨᠥᠬᠦᠴᠡᠯ ᠪᠣᠯᠤᠨ | ᠬᠢᠵᠠᠭᠠᠷᠯᠠᠬᠤ ᠨᠥᠬᠦᠴᠡᠯ ᠢ | ᠲᠣᠳᠣᠷᠬᠠᠶᠢᠯᠠᠬᠤ ᠬᠡᠷᠡᠭᠲᠡᠶ᠃ ᠦᠨ᠎ᠡ | ᠬᠠᠩᠰᠢ ᠶᠢ ᠬᠢᠨᠠᠨ ᠡᠵᠡᠮᠳᠡᠵᠦ ᠦᠨᠡᠯᠡᠬᠦ ᠪᠠ | ᠬᠢᠨᠠᠯᠲᠠ ᠲᠠᠯᠪᠢᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠦᠨ᠎ᠡ ᠬᠠᠩᠰᠢ ᠶᠢᠨ | ᠲᠣᠭᠲᠠᠴᠠ ᠶᠢᠨ ᠲᠣᠭᠲᠠᠭᠤᠨ ᠢᠶᠠᠷ | ᠬᠡᠷᠡᠭᠵᠢᠭᠦᠯᠦᠭᠳᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠲᠤᠷᠰᠢᠯᠲᠠ ᠶᠢᠨ | ᠴᠡᠭ ᠤᠨ ᠠᠵᠢᠯ ᠢ ᠢᠳᠡᠪᠬᠢᠲᠡᠶ ᠪᠥᠭᠡᠳ | ᠯᠠᠪᠳᠠᠭᠤᠨ ᠢᠶᠠᠷ ᠥᠷᠨᠢᠭᠦᠯᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠳᠤ ᠨᠥᠬᠦᠪᠥᠷᠢ ᠤᠯᠭᠤᠬᠤ ᠲᠣᠭᠲᠠᠴᠠ᠂ | ᠱᠠᠲᠤ ᠬᠤᠪᠢᠶᠠᠨ ᠣᠨᠣᠰᠢᠯᠠᠨ ᠡᠮᠨᠡᠬᠦ᠂ | ᠡᠮᠴᠢᠯᠡᠭᠡᠨ ᠤ ᠵᠠᠷᠤᠳᠠᠯ ᠢ ᠬᠢᠵᠠᠭᠠᠷᠯᠠᠨ | ᠡᠵᠡᠮᠳᠡᠬᠦ᠂ ᠡᠮᠴᠢᠯᠡᠭᠡᠨ ᠤ | ᠳᠠᠭᠠᠳᠬᠠᠯ ᠢᠶᠠᠷ ᠲᠣᠭᠠᠴᠠᠭ᠎ᠠ ᠬᠢᠬᠦ ᠵᠡᠷᠭᠡ | ᠬᠠᠮᠢᠶ᠎ᠠ ᠪᠥᠬᠦᠶ ᠥᠭᠡᠷᠡᠴᠢᠯᠡᠯᠲᠡ ᠶᠢ | ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ | ᠶᠡᠷᠦᠩᠬᠡᠶᠢᠯᠡᠭᠰᠡᠨ ᠦᠷ᠎ᠠ ᠨᠦᠯᠦᠭᠡ ᠶᠢ ᠪᠣᠶ | ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶᠠᠨ ᠤ | ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠭᠠᠵᠠᠷ ᠣᠷᠣᠨ ᠤ ᠬᠢᠨ ᠠᠮᠢ ᠠᠬᠤᠢ ᠶᠢᠨ | ᠨᠥᠬᠦᠪᠥᠷᠢ ᠶᠢᠨ ᠲᠦᠷᠢᠮ ᠤᠨ | ᠪᠠᠶᠢᠭᠤᠯᠤᠯᠲᠠ ᠶᠢ ᠠᠬᠢᠭᠤᠯᠵᠤ᠂ ᠤᠢ ᠰᠢᠭᠤᠢ᠂ | ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ | ᠴᠦᠯ᠂ ᠲᠠᠯᠠᠢ ᠲᠠᠩᠭᠢᠰ᠂ ᠭᠤᠣᠯ ᠮᠥᠷᠡᠨ᠂ | ᠲᠠᠷᠢᠶᠠᠨ ᠭᠠᠵᠠᠷ ᠵᠡᠷᠭᠡ 7 ᠬᠦᠷᠢᠶᠡᠨ ᠳᠤ ᠠᠮᠢ | ᠠᠬᠤᠢ ᠶᠢᠨ ᠨᠥᠬᠦᠪᠥᠷᠢ ᠶᠢᠨ ᠲᠣᠭᠲᠠᠴᠠ ᠶᠢ | ᠪᠠᠶᠢᠭᠤᠯᠵᠤ᠂ ᠢᠳᠡᠪᠬᠢᠲᠡᠢ ᠦᠷ᠎ᠡ ᠪᠦᠲᠦᠮᠵᠢ | ᠣᠯᠤᠭᠰᠠᠨ ᠪᠣᠯᠪᠠᠴᠤ ᠨᠥᠬᠦᠪᠥᠷᠢ ᠶᠢᠨ | ᠪᠦᠷᠬᠦᠴᠡ ᠬᠢᠵᠠᠭᠠᠷ ᠲᠠᠢ᠂ ᠲᠦᠷᠦ ᠶᠢᠨ | ᠪᠤᠳᠤᠯᠭ᠎ᠠ ᠶᠢᠨ ᠭᠤᠣᠯᠳᠠᠯᠭ᠎ᠠ ᠲᠤᠪᠤᠶᠢᠮ᠎ᠠ | ᠪᠢᠰᠢ᠂ ᠱᠠᠩᠨᠠᠵᠤ ᠲᠣᠷᠭᠠᠬᠤ ᠡᠷᠴᠢᠮ ᠪᠠᠭᠤᠷᠠᠢ᠂ | ᠬᠤᠯᠪᠣᠭᠳᠠᠯ ᠪᠦᠬᠦᠢ ᠭᠤᠣᠯ ᠴᠣᠭᠴᠠ ᠶᠢ | ᠵᠣᠬᠢᠴᠠᠭᠤᠯᠬᠤ ᠳᠤ ᠶᠡᠭᠡ ᠬᠦᠴᠢᠷ ᠵᠡᠷᠭᠡ | ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ | ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠲᠦᠷᠭᠡᠳᠬᠡᠨ ᠠᠬᠢᠭᠤᠯᠬᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠥᠬᠦ | ᠲᠠᠯ᠎ᠠ ᠪᠠᠷ ᠪᠣᠬᠢᠷᠲᠤᠯ ᠥᠬᠡᠶ ᠲᠡᠶᠢᠰᠢ ᠪᠠᠨ | ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠪᠠᠷ ᠭᠤᠤᠯᠳᠠᠭᠤᠯᠤᠨ᠂ ᠲᠥᠷᠥᠯ | ᠬᠤᠪᠢᠶᠠᠨ ᠨᠥᠬᠦᠪᠥᠷᠢ ᠦᠭᠬᠦ ᠲᠦᠷᠢᠮ ᠢ | ᠲᠡᠭᠦᠯᠳᠡᠷᠵᠢᠭᠦᠯᠵᠦ᠂ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢᠨ ᠬᠠᠮᠵᠢᠯᠴᠠᠨ | ᠬᠥᠳᠡᠯᠦᠯᠴᠡᠬᠦ ᠶᠢ ᠴᠢᠩᠭᠠᠳᠬᠠᠨ᠂ ᠡᠯ᠎ᠡ | ᠠᠷᠭ᠎ᠠ ᠵᠠᠮ ᠤᠨ ᠨᠦᠬᠦᠪᠤᠷᠢ ᠮᠥᠩᠭᠦ ᠶᠢ | ᠨᠢᠭᠡᠳᠦᠯᠲᠡᠶ ᠲᠥᠯᠥᠪᠵᠢᠭᠦᠯᠵᠦ᠂ | ᠶᠡᠷᠦᠩᠬᠡᠶᠢᠯᠡᠭᠰᠡᠨ ᠴᠢᠨᠠᠷᠲᠠᠶ ᠨᠥᠬᠦᠪᠥᠷᠢ | ᠤᠯᠭᠤᠬᠤ ᠶᠢ ᠬᠡᠷᠡᠭᠵᠢᠭᠦᠯᠤᠨ᠂ ᠠᠮᠢ ᠠᠬᠤᠶ | ᠣᠷᠴᠢᠨ ᠲᠣᠭᠤᠷᠢᠨ ᠢ ᠪᠦᠬᠦᠯᠢ ᠴᠣᠭᠴᠠ ᠪᠠᠷ | ᠬᠠᠮᠠᠭᠠᠯᠠᠬᠤ ᠶᠢ ᠠᠬᠢᠭᠤᠯᠬᠤ ᠬᠡᠷᠡᠭᠲᠡᠶ᠃ | ᠬᠠᠤᠯᠢ ᠴᠠᠭᠠᠵᠠ᠂ ᠵᠠᠰᠠᠭ ᠵᠠᠬᠢᠷᠭ᠎ᠠ᠂ ᠵᠠᠬ᠎ᠠ | ᠳᠡᠯᠭᠡᠭᠦᠷ ᠵᠡᠷᠭᠡ ᠠᠷᠭ᠎ᠠ ᠪᠠᠷᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠡᠷᠡᠭᠯᠡᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ᠂ ᠠᠮᠢ | ᠠᠬᠤᠢ ᠶᠢᠨ ᠬᠤᠬᠢᠷᠠᠯ ᠤᠨ ᠲᠦᠯᠦᠪᠦᠷᠢ᠂ ᠠᠮᠢ | ᠠᠬᠤᠢ ᠶᠢᠨ ᠪᠦᠲᠦᠭᠡᠭᠳᠡᠭᠦᠨ ᠤ ᠵᠠᠬ᠎ᠠ | ᠳᠡᠯᠭᠡᠭᠦᠷ ᠤᠨ ᠠᠷᠠᠯᠵᠢᠶᠠᠨ ᠤ ᠲᠣᠭᠲᠠᠴᠠ | ᠵᠡᠷᠭᠡ ᠶᠢ ᠣᠷᠭᠠᠨᠢᠭ ᠢᠶᠠᠷ ᠤᠶᠠᠯᠳᠤᠭᠤᠯᠤᠨ᠂ | ᠬᠠᠮᠵᠢᠯᠴᠠᠨ ᠬᠦᠴᠦᠯᠡᠵᠦ᠂ ᠱᠠᠩᠨᠠᠬᠤ | ᠰᠢᠢᠳᠭᠡᠬᠦ ᠶᠢ ᠤᠶᠠᠯᠳᠤᠭᠤᠯᠤᠨ᠂ ᠬᠡᠷᠬᠢᠪᠡᠴᠤ | ᠨᠥᠬᠦᠪᠥᠷᠢ ᠠᠪᠬᠤ ᠶᠢᠨ ᠵᠡᠷᠭᠡ ᠪᠠᠷ | ᠪᠣᠬᠢᠷᠳᠤᠭᠤᠯᠵᠤ ᠪᠣᠯᠬᠤ ᠦᠭᠡᠢ ᠭᠡᠵᠤ ᠵᠢᠭᠠᠵᠤ | ᠭᠠᠷᠭᠠᠪᠠ᠃ | ᠬᠤᠷᠠᠯ ᠠᠴᠠ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠳᠤᠮᠳᠠ ᠲᠡᠦᠬᠡ ᠰᠣᠶᠣᠯ ᠤᠨ ᠥᠪ | ᠦᠯᠡᠳᠡᠭᠳᠡᠯ ᠤᠯᠠᠨᠳᠠ ᠡᠪᠳᠡᠭᠳᠡᠬᠦ᠂ | ᠨᠤᠷᠠᠭᠠᠭᠳᠠᠬᠤ ᠵᠡᠷᠭᠡ ᠲᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠲᠦᠷᠢᠮ ᠤᠨ ᠦᠵᠦ ᠲᠥᠯᠥᠪᠯᠡᠭᠡ ᠶᠢ | ᠴᠢᠩᠭᠠᠳᠬᠠᠨ᠂ ᠬᠠᠮᠠᠭᠠᠯᠠᠬᠤ᠂ ᠠᠰᠢᠡᠡᠯᠠᠬᠤ᠂ | ᠤᠯᠠᠮᠵᠢᠯᠠᠬᠤ ᠶᠢ ᠨᠢᠭᠡᠳᠦᠯᠲᠡᠢ | ᠲᠥᠯᠥᠪᠵᠢᠭᠦᠯᠤᠨ᠂ ᠰᠢᠰᠲ᠋ᠧᠮ ᠲᠠᠢ ᠪᠦᠷᠢᠨ | ᠪᠦᠲᠦᠨ ᠬᠠᠮᠠᠭᠠᠯᠠᠬᠤ ᠶᠢ ᠪᠠᠷᠢᠮᠲᠠᠯᠠᠵᠤ᠂ | ᠲᠠᠩ ᠭᠠᠭᠴᠠ ᠪᠠᠷᠢᠯᠭ᠎ᠠ ᠶᠢ ᠬᠠᠮᠠᠭᠠᠯᠠᠬᠤ | ᠲᠡᠳᠦᠢ ᠪᠢᠰᠢ᠂ ᠪᠠᠰᠠ ᠵᠡᠭᠡᠯᠢ ᠭᠤᠳᠤᠮᠵᠢ᠂ | ᠬᠤᠲᠠ ᠪᠠᠯᠭᠠᠰᠤ ᠶᠢᠨ ᠪᠦᠲᠦᠴᠡ ᠪᠠᠶᠢᠷᠢᠰᠢᠯ ᠢ | ᠬᠠᠮᠠᠭᠠᠯᠠᠨ᠂ ᠲᠡᠦᠬᠡᠳᠤ ᠭᠠᠵᠠᠷ ᠤᠷᠤᠨ᠂ | ᠪᠠᠶᠢᠭᠠᠯᠢ ᠶᠢᠨ ᠦᠩᠭᠡ ᠦᠵᠡᠮᠵᠢ᠂ ᠰᠣᠶᠣᠯ | ᠢᠷᠭᠡᠨᠰᠢᠯ ᠤᠨ ᠣᠷᠴᠢᠨ ᠢ ᠰᠠᠶᠢᠲᠤᠷ | ᠬᠠᠮᠠᠭᠠᠯᠠᠬᠤ ᠬᠡᠷᠡᠭᠲᠡᠢ᠃ ᠬᠤᠲᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠨ | ᠤᠯᠠᠮᠵᠢᠯᠠᠬᠤ ᠶᠠᠪᠤᠴᠠ ᠳᠠᠬᠢ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ | ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ | ᠬᠠᠮᠢᠶᠠᠷᠤᠯᠲᠠ ᠶᠢ ᠨᠢᠭᠡᠳᠦᠯᠲᠡᠶ | ᠲᠥᠯᠥᠪᠵᠢᠭᠦᠯᠤᠨ᠂ ᠬᠢᠨᠠᠯᠲᠠ ᠲᠠᠯᠪᠢᠨ | ᠪᠠᠶᠢᠴᠠᠭᠠᠬᠤ ᠪᠠ ᠬᠠᠷᠢᠭᠤᠴᠠᠯᠭ᠎ᠠ ᠲᠤᠯᠭᠠᠵᠤ | ᠦᠷ᠎ᠡ ᠪᠦᠲᠦᠮᠵᠢ ᠶᠢ ᠰᠢᠯᠭᠠᠬᠤ ᠶᠢ | ᠴᠢᠩᠭᠠᠳᠬᠠᠬᠤ ᠬᠡᠷᠡᠭᠲᠡᠶ ᠭᠡᠵᠤ | ᠴᠢᠬᠤᠯᠠᠴᠢᠯᠠᠵᠠᠢ᠃ | ᠲᠥᠪ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠪᠠ᠃ | | |