ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠢ ᠤᠷᠢᠨ ᠲᠣᠮᠢᠯᠠᠬᠤ ᠶᠣᠰᠣᠯᠠᠯ  ᠶᠠᠪᠣᠭᠳᠠᠭᠤᠯᠪᠠ
ᠨᠡᠶᠢᠲᠡᠯᠡᠭᠰᠡᠨ ᠴᠠᠭ᠄
2021/11/22
ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠢ ᠤᠷᠢᠨ ᠲᠣᠮᠢᠯᠠᠬᠤ ᠶᠣᠰᠣᠯᠠᠯ  ᠶᠠᠪᠣᠭᠳᠠᠭᠤᠯᠪᠠ                                                                     ᠪᠥᠬᠦ ᠬᠤᠰᠢᠭᠤᠨ ᠤ ᠵᠢᠭᠤᠯᠴᠢᠯᠠᠯ ᠤᠨ  ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠵᠠᠩ ᠦᠢᠯᠡ᠂  ᠰᠣᠶᠣᠯ᠂ ᠡᠯᠪᠡᠭ ᠪᠠᠶᠠᠯᠢᠭ ᠡᠬᠢ ᠪᠠᠶᠠᠯᠢᠭ ᠢ  ᠬᠦᠢᠴᠡᠳ ᠬᠠᠷᠠᠭᠤᠯᠬᠤ ᠶᠢᠨ ᠲᠣᠰᠠᠳᠠ᠂ 11 ᠰᠠᠷ᠎ᠠ ᠶᠢᠨ 12 ᠤ ᠡᠳᠦᠷ᠂ ᠪᠠᠷᠠᠭᠤᠨ ᠦᠵᠦᠮᠦᠴᠢᠨ ᠬᠤᠰᠢᠭᠤ ︽ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ︾ ᠢ ᠤᠷᠢᠨ ᠲᠣᠮᠢᠯᠠᠬᠤ ᠶᠣᠰᠣᠯᠠᠯ  ᠶᠠᠪᠣᠭᠳᠠᠭᠤᠯᠪᠠ᠃
 
    ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠲᠣᠭᠤᠶᠢᠯᠠᠩ ᠤᠨ ᠱᠦᠵᠢ᠂ ᠣᠷᠣᠯᠠᠭᠴᠢ  ᠬᠤᠰᠢᠭᠤ ᠲᠠᠷᠤᠭ᠎ᠠ ᠶᠣᠣ ᠬᠤᠩ ᠭᠠᠩ᠂ ᠬᠤᠰᠢᠭᠤ ᠲᠡᠳ᠋ ᠲᠠᠷᠤᠭ᠎ᠠ ᠷᠧᠨ ᠳ᠋ᠧ ᠰᠢᠨ ᠶᠣᠰᠣᠯᠠᠯ ᠳᠤ ᠣᠷᠣᠯᠴᠠᠵᠦ᠂   ᠬᠤᠰᠢᠭᠤ ᠲᠡᠳ᠋ ᠲᠠᠷᠤᠭ᠎ᠠ ᠷᠧᠨ ᠳ᠋ᠧ ᠰᠢᠨ   ᠠᠴᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤᠨ ᠤ ᠡᠪᠯᠡᠯ ᠤᠨ ᠬᠤᠷᠢᠶ᠎ᠠ ᠶᠢᠨ ᠲᠤᠰᠢᠶᠠᠯ ᠬᠠᠪᠰᠤᠷᠭᠠᠭᠰᠠᠨ ᠳᠡᠳ᠋ ᠱᠦᠵᠢ᠂ ᠪᠥᠬᠦ ᠤᠯᠤᠰ ᠤᠨ ᠵᠠᠯᠠᠭᠤᠴᠤᠳ ᠤᠨ ᠬᠤᠯᠪᠣᠭᠠᠲᠤ ᠬᠤᠷᠠᠯ ᠤᠨ ᠭᠡᠰᠢᠭᠦᠨ᠂ ᠴᠧᠩ  ᠨᠦᠸᠧ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠬᠤᠷᠰᠢᠭᠴᠢ  ᠤᠶᠠᠩᠭ᠎ᠠ  ᠳᠤ  ᠦᠨᠡᠮᠯᠡᠯ ᠭᠠᠷᠳᠠᠭᠤᠯᠪᠠ᠃
    ᠶᠣᠣ ᠬᠤᠩ ᠭᠠᠩ  ᠵᠢᠠᠭᠠᠬᠤ ᠳᠠᠭᠠᠨ᠂  ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠪᠠᠶᠢᠭᠠᠯᠢ ᠶᠢᠨ ᠲᠡᠤᠬᠡ ᠰᠣᠶᠣᠯ ᠥᠨᠢ ᠤᠳᠠᠭᠠᠨ᠂ ᠪᠠᠶᠢᠭᠠᠯᠢ ᠶᠢᠨ ᠥᠩᠭᠡ ᠦᠵᠡᠮᠵᠢ ᠭᠤᠶᠢᠳᠠ ᠰᠠᠶᠢᠬᠠᠨ᠂ ᠡᠬᠢ ᠪᠠᠶᠠᠯᠢᠭ ᠤᠨ  ᠲᠦᠷᠦᠯ  ᠣᠯᠠᠨ ᠂ ᠰᠣᠶᠣᠯ ᠵᠢᠭᠤᠯᠴᠢᠯᠠᠯ ᠤᠨ ᠠᠵᠤ  ᠦᠢᠯᠡᠰ  ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠃  ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ  ᠪᠣᠯ ᠰᠣᠶᠣᠯ ᠤᠨ ᠤᠯᠠᠮᠵᠢᠯᠠᠭᠴᠢ᠂ ᠥᠷᠭᠡᠨ ᠣᠯᠠᠨ ᠵᠢᠭᠤᠯᠴᠢᠯᠠᠭᠰᠠᠳ  ᠶᠢᠨ ᠳᠠᠭᠠᠭᠤᠯᠤᠭᠴᠢ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠲᠦᠷᠢ ᠲᠥᠷᠬᠦ ᠶᠢ ᠬᠠᠷᠠᠭᠤᠯᠣᠭᠴᠢ ᠮᠥᠷᠳᠡᠭᠡᠨ ᠰᠠᠶᠢᠨ ᠰᠠᠶᠢᠬᠠᠨ ᠪᠠᠷᠠᠭᠤᠨ ᠦᠵᠦᠮᠦᠴᠢᠨ ᠤ ᠲᠦᠷᠢ ᠶᠢ ᠪᠦᠲᠦᠭᠡᠭᠴᠢ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠵᠤᠭᠠᠴᠠᠯ ᠤᠨ ᠲᠦᠷᠢ ᠲᠥᠷᠬᠦ ᠶᠢᠨ ᠡᠯᠴᠢᠨ  ᠂ ᠮᠥᠨ ᠴᠦ ᠨᠢᠭᠡ ᠵᠠᠯᠠᠭᠤ ᠬᠦᠮᠦᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ  ᠵᠢᠭᠤᠯᠴᠢᠯᠠᠯ ᠤᠨ ᠦᠢᠯᠡᠰ ᠢ  ᠠᠬᠢᠭᠤᠯᠵᠤ᠂  ᠵᠢᠭᠤᠯᠴᠢᠯᠠᠯ ᠤᠨ ᠲᠦᠷᠢ ᠲᠥᠷᠬᠦ ᠶᠢᠨ ᠡᠯᠴᠢᠨ ᠤ ᠤᠬᠠᠭᠤᠯᠭ᠎ᠠ ᠶᠢᠨ ᠦᠢᠯᠡᠳᠦᠯ ᠢ  ᠬᠦᠢᠴᠡᠳ ᠪᠠᠳᠠᠷᠠᠭᠤᠯᠵᠤ᠂ ᠦᠨᠡᠨ ᠰᠡᠳᠬᠢᠯ ᠪᠠ ᠠᠪᠢᠶᠠᠰ ᠴᠢᠳᠠᠪᠤᠷᠢ ᠪᠠᠷ ᠢᠶᠠᠨ ᠲᠡᠦᠬᠡ ᠰᠣᠶᠣᠯ  ᠢᠶᠠᠨ ᠰᠠᠶᠢᠲᠤᠷ ᠤᠯᠠᠮᠵᠢᠯᠠᠵᠤ᠂ ᠲᠡᠦᠬᠡ ᠶᠢᠨ ᠦᠯᠢᠭᠡᠷ ᠢ ᠰᠠᠶᠢᠲᠤᠷ ᠶᠠᠷᠢᠵᠤ᠂ ᠪᠠᠷᠠᠭᠤᠨ ᠦᠵᠦᠮᠦᠴᠢᠨ ᠬᠤᠰᠢᠭᠤᠨ ᠤ ᠲᠠᠭᠤᠨ ᠢ  ᠣᠯᠠᠮᠵᠢᠯᠠᠬᠤ ᠬᠡᠷᠡᠭᠳᠠᠢ   ᠬᠡᠵᠠᠢ᠃        ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠂ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂ ᠰᠤᠶᠤᠯ ᠵᠢᠭᠤᠯᠴᠢᠯᠠᠯ ᠤᠨ ᠠᠵᠢᠯ ᠦᠢᠯᠡᠰ ᠢ ᠬᠦᠭᠵᠢᠬᠦᠯᠬᠦ ᠲᠦᠪ᠂ ᠴᠧᠩ ᠨᠦᠸᠧ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠤᠰᠤᠯᠠᠯ ᠳᠤ ᠤᠷᠤᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号