ᠪᠠᠷᠠᠭᠤᠨ ᠦᠵᠦᠮᠦᠴᠢᠨ ᠬᠣᠰᠢᠭᠤᠨ  ᠤ ᠨᠡᠭᠦᠳᠡᠯ ᠰᠤᠶᠤᠯ  ᠤᠨ ᠤᠷᠤᠨ
ᠨᠡᠶᠢᠲᠡᠯᠡᠭᠰᠡᠨ ᠴᠠᠭ᠄
2021/11/25
       ᠪᠠᠷᠠᠭᠤᠨ ᠦᠵᠦᠮᠦᠴᠢᠨ ᠬᠣᠰᠢᠭᠤᠨ  ᠤ ᠨᠡᠭᠦᠳᠡᠯ ᠰᠤᠶᠤᠯ  ᠤᠨ ᠤᠷᠤᠨ      ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠨᠳᠦᠰᠦᠲᠡᠨ ᠤ ᠨᠡᠭᠦᠳᠡᠯ ᠰᠣᠶᠣᠯ ᠤᠨ ᠬᠠᠮᠤᠭ ᠤᠨ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠭᠠᠵᠠᠷ ᠣᠷᠣᠨ ᠪᠣᠯᠤᠨ᠎ᠠ᠃ ᠪᠠᠷᠠᠭᠤᠨ ᠦᠵᠦᠮᠦᠴᠢᠨ ᠤ ᠨᠡᠭᠦᠳᠡᠯ ᠰᠣᠶᠣᠯ ᠤᠨ ᠣᠷᠣᠨ  ᠨᠢ ᠲᠤᠰ ᠬᠤᠰᠢᠭᠤᠨ ᠤ ᠪᠠᠯᠭᠠᠷᠭᠤᠤᠯ ᠪᠠᠯᠭᠠᠰᠤᠨ ᠤ ᠵᠡᠭᠦᠨ ᠡᠮᠦᠨ᠎ᠡ 35 ᠺᠢᠯᠣᠮᠧᠲᠷ ᠤᠨ ᠭᠠᠵᠠᠷ ᠲᠤ ᠪᠠᠶᠢᠷᠢᠯᠠᠵᠤ᠂ ᠮᠣᠩᠭᠤᠯ ᠬᠠᠨ ᠬᠤᠳᠠ᠂  ᠨᠡᠭᠦᠳᠡᠯᠴᠢᠨ ᠠᠶᠢᠮᠠᠭ ᠤᠨ ᠰᠣᠶᠣᠯ ᠤᠨ ᠬᠠᠮᠠᠭᠠᠯᠠᠯᠲᠠ ᠶᠢᠨ ᠣᠷᠣᠨ ᠪᠠ ᠭᠦᠷᠦᠭᠡᠰᠦᠳᠡᠢ ᠤᠢ ᠰᠢᠭᠤᠢ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢᠶᠠᠷ  ᠪᠦᠷᠢᠯᠳᠦᠭᠰᠡᠨ᠂ ᠥᠪᠥᠷ ᠮᠣᠩᠭᠤᠯ ᠤᠨ ᠬᠠᠮᠤᠭ ᠤᠨ ᠨᠡᠶᠢᠲᠡᠯᠢᠭ ᠨᠡᠭᠦᠳᠡᠯ ᠰᠣᠶᠣᠯ ᠤᠨ ᠬᠠᠮᠠᠭᠠᠯᠠᠯᠲᠠ ᠶᠢᠨ ᠣᠷᠣᠨ ᠪᠣᠯᠤᠨ᠎ᠠ᠃
  ᠲᠤᠰ ᠨᠡᠭᠦᠳᠡᠯ ᠰᠣᠶᠣᠯ ᠤᠨ ᠬᠠᠮᠠᠭᠠᠯᠠᠯᠲᠠ ᠶᠢᠨ ᠣᠷᠣᠨ ᠨᠢ ᠳᠥᠷᠪᠡᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠵᠦ᠂ ᠭᠠᠵᠠᠷ ᠤᠨ ᠪᠠᠶᠢᠴᠠ ᠨᠢ ᠣᠨᠴᠠᠭᠠᠶ ᠪᠠᠶᠢᠵᠤ᠂ ᠨᠡᠶᠢᠲᠡᠯᠢᠭ ᠨᠤᠭᠤ ᠲᠠᠯ᠎ᠠ ᠨᠤᠲᠤᠭ ᠪᠠᠶᠢᠬᠤ ᠪᠠᠷ ᠪᠠᠷᠠᠬᠤ ᠦᠭᠡᠶ᠂ ᠪᠠᠰᠠ ᠣᠶ ᠰᠢᠭᠤᠶ ᠶᠢᠨ ᠲᠠᠯ᠎ᠠ ᠨᠤᠲᠤᠭ ᠪᠠ ᠡᠯᠡᠰᠦᠨ ᠴᠥᠯ ᠤᠨ ᠲᠠᠯ᠎ᠠ ᠨᠤᠲᠤᠭ ᠪᠠᠶᠢᠵᠤ᠂ ᠬᠠᠮᠤᠭ ᠤᠨ ᠪᠠᠯᠠᠷᠯᠢᠭ᠂ ᠬᠠᠮᠤᠭ ᠤᠨ ᠭᠤᠶᠣ ᠰᠠᠶᠢᠬᠠᠨ᠂ ᠬᠠᠮᠤᠭ ᠤᠨ ᠰᠦᠷᠯᠢᠭ ᠰᠠᠶᠢᠬᠠᠨ ᠲᠠᠯ᠎ᠠ ᠨᠤᠲᠤᠭ ᠤᠨ ᠨᠢᠭᠡ ᠪᠣᠯᠬᠤ ᠪᠥᠭᠡᠳ ᠬᠠᠮᠤᠭ ᠤᠨ ᠥᠪᠡᠷᠮᠢᠴᠡ᠂ ᠬᠠᠮᠤᠭ ᠤᠨ ᠥᠳᠬᠡᠨ ᠵᠤᠵᠠᠭᠠᠨ ᠨᠡᠭᠦᠳᠡᠯ ᠮᠠᠯᠵᠢᠯ ᠤᠨ ᠦᠨᠳᠦᠰᠦᠲᠡᠨ ᠤ ᠵᠠᠩ ᠦᠢᠯᠡ ᠲᠠᠢ ᠶᠤᠮ᠃ ᠵᠣᠨ ᠤ ᠤᠯᠠᠷᠢᠯ ᠪᠣᠯᠬᠤ ᠪᠦᠷᠢ ᠲᠠᠯ᠎ᠠ ᠨᠤᠲᠤᠭ ᠨᠤᠭᠤᠭᠠᠨ ᠲᠤᠷᠭ᠎ᠠ ᠮᠡᠲᠦ᠂ ᠭᠤᠤᠯ ᠤᠨ ᠲᠣᠬᠤᠶ ᠪᠦᠰᠡ ᠮᠡᠲᠦ᠂ ᠦᠬᠡᠷ ᠬᠤᠨᠢ ᠲᠠᠷᠬᠠᠨ ᠪᠡᠯᠴᠢᠵᠦ᠂ ᠭᠤᠤᠯ ᠤᠨ ᠤᠰᠤ ᠭᠤᠷᠴᠢᠭᠢᠨᠠᠨ ᠤᠷᠤᠰᠴᠦ ᠨᠢᠭᠡᠨ ᠭᠤᠶᠣ ᠰᠠᠶᠢᠬᠠᠨ ᠵᠢᠷᠤᠭ ᠳᠦᠷᠰᠦ ᠢᠯᠡᠷᠡᠳᠡᠭ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号