2020 ᠣᠨ ᠤ  ᠵᠠᠰᠠᠭ   ᠤᠨ  ᠤᠷᠳᠤᠨ   ᠤ  ᠠᠵᠢᠯ   ᠤᠨ  ᠢᠯᠡᠳᠭᠡᠯ
ᠨᠡᠶᠢᠲᠡᠯᠡᠭᠰᠡᠨ ᠴᠠᠭ᠄
2021/3/24
ᠬᠤᠷᠠᠯᠳᠤᠭᠠᠨ ᠤ ᠪᠢᠴᠢᠭ ᠮᠠᠲ᠋ᠧᠷᠢᠶᠠᠯ  ︵ᠠᠷᠪᠠᠨ ᠳᠦᠷᠪᠡ︶               ᠵᠠᠰᠠᠭ   ᠤᠨ   ᠤᠷᠳᠤᠨ   ᠤ   ᠠᠵᠢᠯ   ᠤᠨ   ᠢᠯᠡᠳᠭᠡᠯ   —  2021 ᠤᠨ ᠤ  3 ᠰᠠᠷ᠎ᠠ ᠶᠢᠨ 17 ᠤ ᠡᠳᠦᠷ   ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ  ‍ᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ                                                ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ    ᠮᠦᠩᠭᠦᠨᠱᠠᠳᠦᠯᠦᠭᠡᠯᠡᠭᠴᠢᠳ ᠡ᠄      ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠲᠠ ᠪᠦᠭᠦᠨ ᠬᠢᠨᠠᠨ ᠵᠦᠪᠯᠡᠭᠦ ᠪᠤᠯᠪᠠᠤ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠭᠦᠰᠡᠵᠤ ᠪᠠᠶᠢᠨ᠎ᠠ᠃      ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠤ ᠠᠵᠢᠯ ᠤᠨ ᠡᠷᠬᠢᠴᠡᠭᠦᠯᠦᠯ2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ  ᠶᠢᠨ ᠮᠠᠰᠢ ᠪᠤᠳᠤᠯᠢᠶᠠᠨᠲᠠᠶ ᠪᠦᠭᠡᠳ ᠬᠦᠴᠢᠷ ᠪᠡᠷᠬᠡᠰᠢᠶᠡᠯᠳᠡᠢ ᠪᠠᠶᠢᠳᠠᠯ ᠳᠤ ᠬᠠᠨᠳᠤᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠪᠢᠳᠡ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ  ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠳᠦᠯᠦᠪᠵᠢᠬᠦᠯᠦᠨ᠂ ︽ᠵᠢᠷᠭᠤᠭ᠎ᠠ  ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠠᠵᠤ ᠠᠬᠤᠶ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠳᠤᠯᠠᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠳᠠᠳᠠᠢ ᠪᠡᠶᠡᠯᠡᠬᠦᠯᠪᠡ᠃ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 132.37 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ ᠪᠥᠬᠦ ᠠᠶᠢᠮᠠᠭ ᠲᠤ ᠬᠤᠶᠠᠳᠤᠭᠠᠷ ᠲᠤ ᠣᠷᠣᠵᠤ᠂ 0.2% ᠢᠶᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 20.62 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠬᠤᠶᠠᠳᠤᠭᠠᠷ  ᠲᠤ ᠣᠷᠣᠵᠤ᠂ 1.1% ᠪᠠᠷ ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7.8% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 6.7% ᠪᠠᠷ ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠬᠤᠪᠢᠶᠠᠷᠢᠯᠠᠵᠦ ᠪᠣᠯᠬᠤᠶᠢᠴᠠ ᠣᠷᠣᠯᠭ᠎ᠠ ᠲᠣᠰᠪᠣᠷᠢ 42331 ᠲᠥᠭᠦᠷᠢᠭ ᠪᠠ 30389 ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠲᠤ ᠳᠥᠷᠪᠡᠳᠦᠭᠡᠷ ᠲᠤ ᠣᠷᠣᠵᠤ᠂ ᠲᠣᠰᠪᠣᠷᠢ 1.9% ᠪᠠ 8% ᠪᠠᠷ ᠨᠡᠮᠡᠭᠳᠡᠪᠡ᠃            ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ  ᠪᠠᠷ᠂ ᠠᠷᠠᠳ ᠲᠦᠮᠡᠨ ᠢ ᠳᠡᠭᠡᠳᠦᠯᠡᠨ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠤᠳᠤᠭᠠᠳᠤ ᠳᠤ ᠪᠠᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠦ᠂ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠲᠠᠳ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠡᠮᠦᠨ᠎ᠡ ᠹᠷᠣᠨᠲ ᠢ ᠪᠠᠲᠤ ᠰᠠᠬᠢᠨ ᠠᠵᠢᠯᠯᠠᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠭᠰᠡᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠭᠰᠠᠨ ᠠᠴᠠ ᠬᠢᠵᠢᠭ ᠬᠠᠯᠳᠠᠪᠤᠷᠢᠯᠠᠨ ᠤᠷᠤᠵᠦ ᠢᠷᠡᠭᠰᠡᠨ ᠦᠭᠡᠢ ᠴᠢᠬᠤᠯᠠ ᠶᠡᠭᠡ ᠱᠠᠲᠤᠴᠢ ᠴᠢᠨᠠᠷᠲᠠᠶ ᠦᠷ᠎ᠡ ᠪᠦᠲᠦᠭᠡᠯ ᠢ ᠤᠯᠪᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠪᠤᠯᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠥᠬᠦ ᠲᠠᠯ᠎ᠠ ᠪᠠᠷ ᠥᠷᠨᠢᠭᠦᠯᠵᠦ᠂ 104.6 ᠲᠦᠮᠡᠨ ᠮᠥ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠡᠶ ᠰᠢᠶᠳᠪᠦᠷᠢᠯᠡᠨ᠂ ᠬᠥᠮᠦᠨ ᠳᠤ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠥᠬᠡᠶ ᠪᠠᠶᠢᠬᠤ ᠶᠢ ᠪᠠᠳᠤᠯᠠᠪᠠ᠃ ᠡᠭᠦᠨ ᠤ ᠬᠠᠮᠲᠤ᠂ ᠣᠯᠠᠨ ᠨᠡᠶᠢᠲᠡ  ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠤᠰᠢᠭᠤ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠪᠥᠬᠦ ᠵᠢᠯ ᠳᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ ᠨᠡᠶᠢᠲᠡ 3598 ᠲᠦᠮᠡᠨ ᠲᠥᠭᠦᠷᠢᠭ ᠤᠨ ᠪᠠᠯᠠ ᠵᠠᠷᠤᠴᠠᠭᠤᠯᠵᠦ᠂ ᠡᠯ᠎ᠡ ᠵᠦᠶᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠪᠠ᠃       ︵ᠬᠤᠶᠠᠷ︶ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ  ᠪᠠᠶᠢᠴᠠᠭᠠᠯᠳᠠ ᠵᠢᠴᠢ ︽ᠲᠠᠬᠢᠨ ᠪᠠᠶᠢᠴᠠᠭᠠᠯᠳᠠ︾ ᠪᠠ ᠨᠤᠲᠤᠭ ᠪᠡᠯᠴᠢᠭᠡᠷ ᠤᠨ ᠲᠤᠰᠬᠠᠶ ᠱᠠᠭᠠᠷᠳᠠᠨ ᠪᠠᠶᠢᠴᠠᠭᠠᠯᠳᠠ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠨᠤᠲᠤᠭ ᠳᠡᠪᠢᠰᠬᠡᠷ  ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ︽ᠬᠤᠤᠰ ᠦᠨᠡᠯᠡᠯᠲᠡ︾ ᠶᠢ ᠪᠡᠶᠡᠯᠡᠭᠦᠯᠵᠦ᠂ ᠮᠠᠨ ᠤ ᠬᠤᠰᠢᠭᠤᠨ ᠤ 68.49% ᠶᠢᠨ ᠲᠠᠯᠠᠪᠠᠶ ᠶᠢ ᠠᠩᠬ᠎ᠠ ᠠᠯᠬᠤᠮ ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠳᠤ ᠣᠷᠣᠭᠤᠯᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠨ ᠨᠦᠬᠦᠪᠦᠷᠢᠯᠡᠬᠦ ᠳᠦᠷᠢᠮ᠂ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠵᠡᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠠᠬᠢᠭᠤᠯᠵᠤ᠂ 9731.7 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ 8 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠵᠦ᠂ 1.8 ᠲᠦᠮᠡᠨ ᠮᠥ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠵᠤ᠂ 0.55 ᠲᠦᠮᠡᠨ ᠮᠥ ᠣᠶ ᠰᠢᠭᠤᠶ ᠶᠢ ᠠᠷᠠᠴᠢᠯᠠᠨ ᠬᠠᠮᠠᠭᠠᠯᠠᠵᠦ᠂ 0.3 ᠲᠦᠮᠡᠨ ᠮᠥ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠪᠠ ᠃ ᠨᠤᠲᠤᠭ ᠪᠡᠯᠴᠢᠭᠡᠷ ᠣᠶ ᠰᠢᠭᠤᠶ ᠶᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠵᠤ᠂ 628.8 ᠲᠦᠮᠡᠨ ᠮᠥ ᠲᠠᠯᠠᠪᠠᠶ ᠶᠢ ᠰᠡᠷᠭᠡᠶᠢᠯᠡᠨ ᠵᠠᠰᠠᠪᠠ᠃ ᠭᠦᠷᠦᠭᠡᠰᠦᠳᠡᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠵᠦ᠂ ᠤᠤᠯ ᠤᠨ ᠭᠤᠤᠯᠳᠠᠯᠭ᠎ᠠ ᠲᠠᠢ ᠲᠣᠭᠤᠷᠢᠭ᠂ ᠵᠠᠬ᠎ᠠ ᠬᠦᠪᠡᠭᠡᠨ ᠤ 293 ᠡᠷᠦᠬᠡ ᠮᠠᠯᠴᠢᠳ ᠢ ᠳᠠᠭᠠᠭᠠᠴᠢᠯᠠᠭᠰᠠᠨ ᠨᠤᠲᠤᠭ ᠪᠡᠯᠴᠢᠭᠡᠷ ᠲᠠᠢ ᠨᠢ ᠬᠠᠮᠲᠤ ᠡᠩ ᠤᠨ ᠡᠵᠡᠮᠰᠢᠯ ᠤᠨ ᠲᠣᠭᠤᠷᠢᠭ ᠤᠨ ᠬᠡᠪᠴᠢᠶᠡᠨ ᠳᠤ ᠤᠷᠤᠭᠤᠯᠵᠦ᠂ ᠤᠳᠤᠬᠠᠨ ᠳᠤ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠬᠠᠮᠤᠭ ᠡᠴᠦᠰ ᠤᠨ ᠬᠢᠨᠠᠨ ᠦᠨᠡᠯᠡᠯᠲᠡ ᠶᠢᠨ ᠱᠠᠳᠤᠨ ᠳᠤ ᠪᠤᠢ᠃ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠳᠠᠷᠤᠭ᠎ᠠ ᠶᠢᠨ ᠲᠦᠷᠢᠮ ᠤᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠰᠢᠭᠤᠨ ᠤ ᠬᠡᠪᠴᠢᠶᠡᠨ ᠳᠠᠬᠢ 13 ᠭᠤᠤᠯ ᠮᠥᠷᠡᠨ᠂ 6 ᠨᠠᠭᠤᠷ ᠴᠥᠭᠦᠷᠥᠮ ᠢ ᠪᠥᠬᠦ ᠠᠶᠢᠮᠠᠭ ᠤᠨ ᠨᠠᠭᠤᠷ ᠴᠥᠭᠦᠷᠥᠮ ᠤᠨ ᠡᠷᠭᠢ ᠬᠠᠪᠢ ᠶᠢ ᠠᠰᠢᠭᠯᠠᠨ ᠬᠠᠮᠢᠶᠠᠷᠴᠦ ᠬᠠᠮᠠᠭᠠᠯᠠᠬᠤ ᠲᠥᠯᠥᠪᠵᠢᠭᠦᠯᠭᠡ ᠳᠤ ᠣᠷᠣᠭᠤᠯᠪᠠ᠃ ᠠᠭᠤᠷᠬᠠᠶ ᠶᠢᠨ ᠤᠷᠤᠨ ᠤ ᠣᠷᠴᠢᠨ ᠲᠣᠭᠤᠷᠢᠨ ᠤ ᠶᠡᠷᠤᠩᠬᠡᠶᠢᠯᠡᠭᠰᠡᠨ ᠵᠠᠰᠠᠯᠲᠠ ᠶᠢ ᠴᠢᠨᠠᠷᠯᠢᠭ ᠬᠡᠷᠡᠭᠵᠢᠭᠦᠯᠵᠦ᠂ ᠡᠯ᠎ᠡ ᠠᠭᠤᠷᠬᠠᠶ ᠶᠢᠨ ᠠᠵᠤ ᠠᠬᠤᠶᠢᠯᠠᠯ ᠢ ᠱᠠᠭᠠᠷᠳᠠᠵᠦ ᠪᠠᠶᠢᠭᠠᠳ 5.4 ᠳ᠋ᠦᠩᠰᠢᠭᠤᠷ ᠲᠥᠭᠦᠷᠢᠭ ᠤᠨ ᠤᠷᠴᠢᠨ ᠳᠤᠭᠤᠷᠢᠨ ᠢ ᠵᠠᠰᠠᠬᠤ ᠰᠠᠭᠤᠷᠢ ᠮᠦᠩᠭᠦ ᠶᠢ ᠲᠤᠭ᠎ᠠ ᠶᠣᠰᠣᠭᠠᠷ ᠭᠦᠶᠴᠡᠳ ᠲᠤᠰᠢᠶᠠᠯᠭᠠᠨ ᠬᠠᠳᠠᠭᠠᠯᠠᠭᠤᠯᠵᠦ᠂ ᠲᠤᠰᠢᠶᠠᠨ ᠬᠠᠳᠠᠭᠠᠯᠠᠭᠰᠠᠨ ᠨᠣᠷᠮ᠎ᠠ 100% ᠳᠤ ᠬᠥᠷᠪᠡ᠃ 4.9 ᠳ᠋ᠦᠩᠰᠢᠭᠤᠷ ᠲᠥᠭᠦᠷᠢᠭ ᠵᠠᠷᠤᠴᠠᠭᠤᠯᠤᠨ᠂ 22.1 ᠲᠡᠭᠰᠢ ᠳᠥᠷᠪᠡᠯᠵᠢᠨ ᠺᠢᠯᠤᠮᠧᠲᠷ ᠤᠷᠴᠢᠨ ᠳᠤᠭᠤᠷᠢᠨ ᠢ ᠵᠠᠰᠠᠪᠠ᠃ ᠪᠣᠬᠢᠷᠲᠤᠯ ᠥᠬᠡᠶ ᠠᠭᠤᠷᠬᠠᠶ ᠶᠢ ᠪᠠᠷᠢᠮᠵᠢᠶ᠎ᠠ ᠳᠤ ᠬᠦᠷᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ 3 ᠵᠠᠳᠠᠭᠠᠶ ᠨᠡᠭᠦᠷᠡᠰᠦᠨ ᠠᠭᠤᠷᠬᠠᠶ ᠤᠯᠤᠰ  ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠤᠷᠤᠵᠦ᠂ 8 ᠠᠭᠤᠷᠬᠠᠢ ᠶᠢᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠤᠷᠤᠪᠠ᠃ 2020 ᠣᠨ ᠳᠤ᠂ ᠮᠠᠨ ᠤ ᠬᠤᠰᠢᠭᠤᠨ ᠤ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠪᠥᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ᠃    ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰᠵᠢᠬᠦᠯᠬᠦ ᠠᠵᠢᠯ ᠰᠢᠨ᠎ᠡ ᠠᠬᠢᠴᠠ ᠲᠠᠢ ᠪᠣᠯᠪᠠ᠃      ᠮᠠᠯ ᠠᠵᠤ ᠠᠬᠤᠶ ᠶᠢ ᠴᠢᠨᠠᠷᠯᠢᠭ ᠬᠦᠭᠵᠢᠬᠦᠯᠪᠡ᠃ 2020 ᠣᠨ ᠤ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ 242.5 ᠲᠦᠮᠡ ᠳᠤ ᠬᠦᠷᠴᠦ᠂ ᠨᠡᠶᠢᠳᠡ 127.7 ᠲᠦᠮᠡᠨ ᠲᠣᠯᠣᠭᠠᠢ ᠮᠠᠯ ᠢ ᠪᠤᠷᠤᠯᠠᠭᠤᠯᠪᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠮᠠᠯᠵᠢᠬᠤ ᠶᠢ ᠦᠷᠭᠦᠯᠵᠢᠯᠡᠨ ᠠᠬᠢᠭᠤᠯᠵᠤ᠂ 7209 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ᠂ 10.7 ᠳᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠪᠠ᠃ ᠵᠢᠯ ᠤᠨ ᠡᠴᠦᠰ ᠤᠨ ᠦᠬᠡᠷ ᠤᠨ ᠲᠤᠭ᠎ᠠ 27.8 ᠲᠦᠮᠨ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠤ ᠰᠡᠭᠦᠯᠴᠢ ᠠᠴᠠ 65.8% ᠪᠠᠷ ᠨᠡᠮᠡᠭᠳᠡᠪᠡ᠃ ᠦᠵᠦᠮᠦᠴᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠦᠵᠦᠮᠦᠴᠢᠨ ᠬᠤᠨᠢᠨ ᠤ ᠭᠤᠣᠯᠳᠠᠯᠭᠠᠲᠤ ᠰᠦᠷᠦᠭ 20᠂  ᠪᠠᠷᠢᠮᠵᠢᠶᠠᠵᠢᠭᠰᠠᠨ ᠰᠦᠷᠦᠭ ᠢ 500 ᠪᠤᠯᠭᠠᠨ ᠦᠰᠬᠡᠵᠦ᠂ 4507 ᠬᠤᠷᠠᠭᠠᠨ ᠬᠤᠴᠠ᠂ 4.5 ᠳᠦᠮᠡᠨ ᠦᠬᠢᠨ ᠲᠦᠯᠦᠭᠡ ᠶᠢ ᠪᠤᠶᠢᠵᠢᠭᠤᠯᠪᠠ᠃ ᠠᠳᠤᠭᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ 244 ᠲᠦᠮᠡᠨ ᠲᠥᠭᠦᠷᠢᠭ ᠤᠨ ᠮᠣᠩᠭᠤᠯ ᠠᠳᠤᠭᠤᠨ ᠤ ᠬᠠᠮᠠᠭᠠᠯᠠᠯᠲᠠ  ᠶᠢᠨ ᠨᠥᠬᠦᠪᠥᠷᠢ ᠮᠥᠩᠭᠦ ᠲᠠᠷᠬᠠᠭᠠᠨ᠂ 1 ᠴᠡᠭᠡ ᠡᠳ᠋ᠰᠢᠭᠦᠯᠬᠦ ᠠᠵᠤ ᠠᠬᠤᠶᠢᠯᠠᠯ᠂ 5 ᠴᠡᠭᠡ ᠡᠳ᠋ᠰᠢᠭᠦᠯᠬᠦ ᠬᠤᠷᠰᠢᠶᠠᠵᠢᠯ ᠢ ᠪᠠᠶᠢᠭᠤᠯᠪᠠ᠃ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ︽2020 ᠣᠨ ᠤ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ 4 ᠲᠥᠷᠥᠯ ᠵᠦᠶᠯ ᠢ ᠭᠤᠶᠤᠴᠢᠯᠠᠨ ᠮᠡᠳᠡᠭᠦᠯᠵᠦ᠂ 316 ᠲᠦᠮᠡᠨ ᠲᠥᠭᠦᠷᠢᠭ ᠤᠨ ᠳᠡᠭᠡᠳᠦ ᠱᠠᠲᠤᠨ ᠤ ᠪᠠᠯᠠ ᠮᠥᠩᠭᠦ ᠶᠢ  ᠡᠷᠡᠮᠡᠯᠵᠡᠯᠡᠨ ᠣᠯᠪᠠ᠃ ᠨᠤᠲᠤᠭ ᠪᠡᠯᠴᠢᠭᠡᠷ ᠤᠨ ᠡᠷᠬᠡ ᠶᠢ ᠲᠤᠲᠤᠷᠬᠠᠶᠢᠯᠠᠬᠤ ᠠᠵᠢᠯ ᠢ ᠡᠷᠴᠢᠮᠳᠡᠢ ᠠᠳᠬᠤᠵᠦ᠂ ᠤᠳᠤᠬᠠᠨ ᠪᠤᠯᠲᠠᠯ᠎ᠠ 86 ᠭᠠᠴᠠᠭᠠᠨ ᠤ ᠵᠠᠭᠠᠭ ᠢ ᠬᠡᠮᠵᠢᠵᠦ ᠲᠠᠭᠤᠰᠬᠠᠨ᠂ 67 ᠭᠠᠴᠠᠭᠠᠨ ᠤ ᠨᠤᠲᠤᠭ ᠪᠡᠯᠴᠢᠭᠡᠷ ᠤᠨ ᠡᠷᠬᠡ ᠶᠢ ᠪᠦᠬᠦᠨ ᠢ ᠲᠤᠲᠤᠷᠬᠠᠶᠢᠯᠠᠵᠦ ᠳᠠᠭᠤᠰᠬᠠᠪᠠ᠃ ᠮᠠᠯᠵᠢᠬᠤ ᠤᠷᠤᠨ ᠤ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠦ᠂ ᠪᠥᠬᠦ ᠬᠤᠰᠢᠭᠤᠨ ᠤ 93 ᠭᠠᠴᠠᠭ᠎ᠠ ᠪᠦᠬᠦᠨ ᠢᠶᠠᠷ ᠢᠶᠠᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ᠃      ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠵᠢᠩ ᠨᠧᠩ᠂ ᠬᠤᠸᠠ ᠷᠦᠨ ᠵᠡᠷᠭᠡ ᠴᠠᠬᠢᠯᠭᠠᠨ ᠭᠠᠷᠭᠠᠬᠤ ᠠᠵᠤ ᠠᠬᠤᠶᠢᠯᠠᠯ ᠲᠣᠭᠲᠠᠭᠤᠨ ᠦᠢᠯᠡᠳᠪᠤᠷᠢᠯᠡᠯ ᠢᠶᠠᠨ ᠪᠠᠲᠤᠯᠠᠵᠦ᠂ ᠣᠨᠴᠠ ᠥᠨᠳᠥᠷ ᠬᠦᠴᠦᠳᠡᠯᠲᠦ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ ᠶᠢᠨ ᠴᠢᠭ ᠢ ᠲᠦᠷᠭᠡᠳᠬᠡᠨ ᠪᠠᠶᠢᠭᠤᠯᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ  ᠶᠢᠨ ᠪᠠᠶᠠᠨᠬᠤᠸᠠ ᠴᠠᠬᠢᠯᠭᠠᠨ ᠦᠢᠯᠡᠳᠪᠦᠷᠢ ᠪᠤᠯᠤᠨ ᠬᠤᠸᠠ ᠳ᠋ᠢᠶᠠᠨ ᠪᠦᠯᠦᠭᠯᠡᠯ ᠤᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠨᠢ ᠲᠡᠭᠡᠳᠦ ᠱᠠᠳᠤᠨ ᠤ ᠵᠦᠪᠰᠢᠶᠡᠷᠡᠯ ᠢ ᠣᠯᠤᠨ᠂ ᠵᠢᠩ ᠨᠧᠩ ᠴᠠᠬᠢᠯᠭᠠᠨ ᠦᠢᠯᠡᠳᠪᠦᠷᠢ ᠤᠯᠤᠰ ᠤᠨ ᠴᠢᠨᠠᠷᠯᠢᠭ ᠢᠨᠵᠧᠨᠧᠷᠢᠩ ᠤᠨ ᠠᠯᠲᠠᠨ ᠮᠧᠳᠡᠯ ᠢ ᠬᠦᠷᠲᠡᠵᠦ᠂ ᠪᠦᠬᠦ ᠵᠢᠯ ᠳᠤ 206.78 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠪᠠ᠃ ᠵᠢᠷ ᠤᠨ ᠭᠤᠤᠯ ᠬᠤᠶᠠᠳᠤᠭᠠᠷ ᠠᠭᠤᠷᠬᠠᠶ ᠠᠵᠢᠯ ᠢᠶᠠᠨ ᠰᠡᠷᠭᠦᠭᠡᠨ᠂ ᠬᠤᠸᠠ ᠷᠦᠨ ᠪᠠᠷᠠᠭᠤᠨ ᠨᠢᠭᠡᠳᠦᠭᠡᠷ ᠨᠡᠭᠦᠷᠡᠰᠦᠨ ᠠᠭᠤᠷᠬᠠᠶ ᠨᠢ ᠠᠭᠤᠷᠬᠠᠶ ᠮᠠᠯᠲᠠᠬᠤ ᠦᠨᠡᠮᠯᠡᠯ ᠢᠶᠠᠨ ᠣᠯᠵᠤ᠂ ᠪᠠᠶᠠᠨᠬᠤᠸᠠ ᠭᠤᠷᠪᠠᠳᠤᠭᠠᠷ ᠠᠭᠤᠷᠬᠠᠶ ᠶᠢᠨ ᠬᠢᠨᠠᠨ ᠵᠦᠪᠰᠢᠶᠡᠷᠡᠬᠦᠯᠦᠭᠰᠡᠨ ᠦᠶᠯᠡᠳᠪᠦᠷᠢᠯᠡᠯ ᠤᠨ ᠴᠢᠳᠠᠪᠬᠢ ᠵᠢᠯ ᠳᠤ 600 ᠲᠦᠮᠡᠨ ᠲᠣᠨ ᠨᠡᠮᠡᠭᠳᠡᠨ᠂ 4 ᠨᠡᠭᠦᠷᠡᠰᠦᠨ ᠠᠭᠤᠷᠬᠠᠶ ᠤᠷᠢᠳᠠᠪᠠᠷ ᠭᠠᠵᠠᠷ ᠬᠡᠷᠡᠭᠯᠡᠵᠦ ᠪᠣᠯᠬᠤ ᠵᠦᠪᠰᠢᠶᠡᠷᠡᠯ ᠣᠯᠵᠤ᠂ ᠶᠤᠸᠠᠢ ᠶᠢᠨ ᠨᠡᠭᠦᠷᠡᠰᠦᠨ ᠠᠭᠤᠷᠬᠠᠶ ᠶᠢ ᠬᠠᠭᠠᠵᠤ᠂ ᠪᠥᠬᠦ ᠵᠢᠯ  ᠳᠤ 4494 ᠲᠦᠮᠡᠨ ᠲᠣᠨ ᠨᠡᠭᠦᠷᠡᠰᠦ ᠦᠶᠯᠡᠳᠪᠦᠷᠢᠯᠡᠪᠡ᠃ ᠶᠢᠨ ᠮᠠᠨ ᠠᠭᠤᠷᠬᠠᠶ ᠶᠢᠨ ᠦᠶᠯᠡᠰ ᠤᠨ ᠺᠤᠮᠫᠠᠨᠢ ᠠᠵᠢᠯ ᠢᠶᠠᠨ ᠰᠡᠷᠭᠦᠭᠡᠵᠦ᠂ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠯ  ᠳᠤ 40 ᠲᠦᠮᠡᠨ ᠲᠣᠨ ᠨᠠᠷᠢᠯᠢᠭ ᠬᠦᠩᠭᠡᠨᠴᠠᠭᠠᠨ ᠤ ᠬᠠᠪᠲᠠᠰᠤ ᠦᠶᠯᠡᠳᠪᠦᠷᠢᠯᠡᠬᠦ ᠲᠥᠷᠥᠯ ᠵᠦᠶᠯ᠂ ᠶᠢᠨ ᠰᠢᠨ ᠠᠭᠤᠷᠬᠠᠶ ᠶᠢᠨ ᠦᠶᠯᠡᠰ ᠤᠨ ᠵᠡᠰ ᠲᠡᠮᠦᠷᠯᠢᠭ ᠤᠨ ᠠᠭᠤᠷᠬᠠᠶ ᠶᠢᠨ ᠭᠦᠨ ᠨᠡᠭᠡᠭᠡᠨ ᠮᠠᠯᠲᠠᠬᠤ ᠮᠡᠷᠭᠡᠵᠢᠯ ᠢ ᠦᠭᠡᠷᠡᠴᠢᠯᠡᠬᠦ ᠲᠥᠷᠥᠯ ᠵᠦᠶᠯ᠂ ᠢᠤᠢ ᠯᠦᠩ ᠠᠭᠤᠷᠬᠠᠶ ᠶᠢᠨ ᠦᠶᠯᠡᠰ ᠤᠨ ᠬᠤᠸᠠ ᠣᠪᠣᠭᠠᠲᠤ ᠶᠢᠨ ᠲᠤᠭᠤᠯᠭ᠎ᠠ  ᠶᠢᠨ ᠠᠭᠤᠷᠬᠠᠶ ᠶᠢᠨ ᠮᠡᠷᠭᠡᠵᠢᠯ ᠢ ᠦᠭᠡᠷᠡᠴᠢᠯᠡᠬᠦ ᠲᠥᠷᠥᠯ ᠵᠦᠶᠯ ᠭᠦᠨᠵᠡᠭᠡᠢ ᠠᠬᠢᠴᠠ ᠲᠠᠢ ᠪᠣᠯᠪᠠ᠃ ᠶᠢᠨ ᠲᠠᠢ ᠬᠤᠸᠠᠩ ᠶᠢᠨ ᠬᠤᠪᠢ ᠨᠡᠶᠢᠯᠡᠭᠦᠯᠦᠭᠰᠡᠨ ᠬᠢᠵᠠᠭᠠᠷᠲᠤ ᠺᠤᠮᠫᠠᠨᠢ ︵ᠢᠤᠢ ᠯᠦᠩ ᠠᠭᠤᠷᠬᠠᠶ ᠶᠢᠨ ᠦᠶᠯᠡᠰ︶ ᠨᠢ        ︽2020 ᠣᠨ ᠤ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ 100 ᠬᠦᠴᠦᠷᠬᠡᠭ ᠠᠵᠤ ᠠᠬᠤᠶᠢᠯᠠᠯ  ᠤᠨ ᠨᠡᠷᠡᠰ ᠤᠨ ᠵᠢᠭᠰᠠᠭᠠᠯᠲᠠ︾ ᠳᠤ ᠤᠷᠤᠪᠠ᠃     ᠦᠢᠯᠡᠴᠢᠯᠡᠭᠡᠨ ᠤ ᠦᠢᠯᠡᠰ ᠢ ᠲᠤᠭᠲᠠᠭᠤᠨ ᠢᠶᠠᠷ ᠬᠦᠭᠵᠢᠬᠦᠯᠪᠡ᠃ ᠪᠥᠬᠦ ᠵᠢᠯ ᠳᠤ ᠵᠢᠭᠤᠯᠴᠢᠯᠠᠯ ᠤᠨ ᠢᠵᠢ ᠪᠦᠷᠢᠳᠦᠭᠰᠡᠨ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 224 ᠲᠦᠮᠡᠨ ᠲᠥᠭᠦᠷᠢᠭ  ᠤᠨ ᠪᠠᠯᠠ ᠮᠥᠩᠭᠦ ᠵᠠᠷᠤᠴᠠᠭᠤᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠢ 40 ᠳᠦᠮᠡ ᠭᠠᠷᠤᠢ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 2.6 ᠳ᠋ᠦᠩᠰᠢᠭᠤᠷ ᠲᠥᠭᠦᠷᠢᠭ ᠢ ᠪᠡᠶᠡᠯᠡᠬᠦᠯᠪᠡ᠃ ᠠᠶᠠᠨᠴᠢᠳ ᠢ ᠨᠡᠶᠢᠲᠡ 96 ᠲᠦᠮᠡᠨ ᠬᠥᠮᠦᠨ ᠤᠳᠠᠭ᠎ᠠ ᠳᠡᠭᠡᠭᠡᠪᠦᠷᠢᠯᠡᠵᠦ᠂ ᠠᠶᠠᠨᠴᠢᠳ ᠢ ᠳᠡᠭᠡᠭᠡᠪᠦᠷᠢᠯᠡᠭᠰᠡᠨ ᠵᠠᠮ ᠤᠨ ᠤᠷᠳᠤ 2374 ᠲᠦᠮᠡᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ ᠲᠣᠰ ᠲᠣᠰ 8% ᠪᠠ 8.9% ᠪᠠᠷ ᠪᠠᠭᠤᠷᠠᠪᠠ᠃ ᠪᠠᠷᠠᠭ᠎ᠠ ᠶᠢ ᠳᠡᠭᠡᠭᠡᠪᠦᠷᠢᠯᠡᠭᠰᠡᠨ ᠬᠡᠮᠵᠢᠶ᠎ᠡ 3658.9 ᠲᠦᠮᠡᠨ ᠲᠣᠨ ᠪᠠᠶᠢᠵᠦ᠂ ᠪᠤᠳᠠᠰ ᠤᠨ ᠡᠷᠭᠢᠯᠲᠡ ᠶᠢᠨ ᠬᠡᠮᠵᠢᠶ᠎ᠡ 416584.8 ᠲᠦᠮᠡᠨ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 13.6% ᠪᠠ 16.7% ᠪᠠᠷ ᠪᠠᠭᠤᠷᠠᠪᠠ᠃ 2020 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠵᠦᠶᠯ ᠤᠨ ᠬᠠᠳᠠᠭᠠᠯᠠᠮᠵᠢ ᠶᠢᠨ ᠦᠯᠡᠳᠡᠪᠦᠷᠢ 66.1 ᠳ᠋ᠦᠩᠰᠢᠭᠤᠷ ᠲᠥᠭᠦᠷᠢᠭ ᠲᠤ ᠬᠦᠷᠴᠦ᠂ 8.9% ᠪᠠᠷ ᠨᠡᠮᠡᠭᠳᠡᠪᠡ᠃ ᠡᠯ᠎ᠡ ᠵᠦᠶᠯ ᠤᠨ ᠵᠢᠭᠡᠯᠡᠯᠭᠡ ᠶᠢᠨ ᠦᠯᠡᠳᠡᠪᠦᠷᠢ 70.44 ᠳ᠋ᠦᠩᠰᠢᠭᠤᠷ ᠲᠥᠭᠦᠷᠢᠭ ᠲᠤ ᠬᠦᠷᠴᠦ᠂ 9.4% ᠪᠠᠷ ᠨᠡᠮᠡᠭᠳᠡᠪᠡ᠃       ︵ᠲᠦᠷᠪᠡ︶ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠰᠢᠢᠳᠪᠤᠷᠢᠯᠡᠭᠴᠢ ᠴᠢᠨᠠᠷᠲᠠᠢ ᠦᠷ᠎ᠡ ᠪᠦᠳᠦᠮᠵᠢ ᠤᠯᠪᠠ᠃       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠠᠵᠢᠯ ᠪᠦᠬᠦ ᠲᠠᠯ᠎ᠠ ᠪᠠᠷ ᠢᠯᠠᠯᠲᠠ ᠤᠯᠪᠠ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠢ ᠪᠠᠳᠤᠯᠬᠠᠤ ᠵᠡᠷᠭᠡ ᠠᠵᠢᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠲᠠᠬᠢᠨ ᠪᠠᠶᠢᠴᠠᠭᠠᠯᠳᠠ︾ ᠪᠠ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠦᠭᠵᠢᠬᠦᠯᠵᠦ᠂ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠴᠦᠮ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ 56 ᠭᠠᠴᠠᠭᠠᠨ ᠤ ᠵᠢᠯ ᠤᠨ ᠣᠷᠣᠯᠭ᠎ᠠ 10 ᠲᠦᠮᠡᠨ ᠲᠥᠭᠦᠷᠢᠭ ᠠᠴᠠ ᠳᠡᠭᠡᠭᠰᠢ ᠳᠤ ᠬᠦᠷᠪᠡ᠃ ᠶᠠᠳᠠᠭᠤ ᠠᠴᠠ ᠠᠩᠭᠢᠵᠢᠷᠠᠭᠰᠠᠨ 217 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠦᠴᠢᠷᠳᠡᠯᠳᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠲᠠᠯᠪᠢᠨ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠪᠡ᠃ ᠪᠥᠬᠦ ᠵᠢᠯ ᠳᠤ ᠣᠷᠣᠨ ᠨᠤᠲᠤᠭ ᠠᠴᠠ ᠶᠠᠳᠠᠭᠤ ᠶᠢ ᠲᠡᠳᠬᠦᠬᠦ ᠳᠤ ᠨᠡᠶᠢᠲᠡ 320 ᠲᠦᠮᠡᠨ ᠲᠥᠭᠦᠷᠢᠭ ᠵᠠᠷᠤᠴᠠᠭᠤᠯᠵᠦ᠂ ᠶᠠᠳᠠᠭᠤ  ᠠᠴᠠ ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 22122 ᠲᠥᠭᠦᠷᠢᠭ ᠲᠤ ᠬᠥᠷᠪᠡ᠃        ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠪᠡ᠃ ᠴᠡᠯᠮᠡᠭ ᠤᠬᠳᠠᠷᠭᠤᠢ᠂ ᠴᠡᠩᠭᠡᠭ ᠤᠰᠤ᠂ ᠦᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠠᠵᠢᠯᠯᠠᠭ᠎ᠠ ᠶᠢᠨ ᠲᠥᠯᠥᠪᠯᠡᠭᠡ ᠶᠢ ᠡᠷᠡᠰ ᠨᠠᠶᠢᠳᠠᠪᠤᠷᠢᠵᠢᠭᠤᠯᠤᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠲᠣᠭᠲᠠᠭᠠᠯ ᠠᠴᠠ ᠵᠥᠷᠢᠴᠡᠭᠰᠡᠨ 2 ᠪᠠᠷᠢᠯᠭ᠎ᠠ ᠶᠢ ᠨᠤᠷᠠᠭᠠᠵᠤ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠤᠭᠰᠠᠨ ᠠᠰᠠᠭᠤᠳᠠᠯ ᠢ ᠵᠠᠰᠠᠬᠤ ᠨᠠᠷᠢᠨ ᠲᠠᠩᠰᠠ  ᠶᠢᠨ ᠳᠣᠲᠣᠷᠠᠬᠢ 12 ᠭᠤᠤᠯᠳᠠᠯᠭ᠎ᠠ ᠲᠠᠢ ᠠᠵᠤ ᠠᠬᠤᠶᠢᠯᠠᠯ ᠪᠤᠯᠤᠨ   ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ 20 ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢ ᠴᠡᠭᠴᠡᠯᠡᠨ ᠵᠠᠰᠠᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠠᠶᠢᠬᠤ ᠡᠳᠦᠷ ᠤᠨ ᠲᠤᠭ᠎ᠠ ᠶᠢᠨ ᠬᠠᠷᠢᠴᠠᠯ 99% ᠳᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ  ᠠᠴᠠ ᠰᠢᠯᠵᠢᠭᠦᠯᠦᠨ ᠲᠤᠰᠢᠶᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 51 ᠠᠰᠠᠭᠤᠳᠠᠯ ᠤᠨ 47 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠦᠯᠡᠳᠡᠭᠰᠡᠨ 4 ᠠᠰᠠᠭᠤᠳᠠᠯ ᠢ ᠶᠠᠭ ᠴᠡᠭᠴᠡᠯᠡᠨ ᠰᠠᠶᠢᠵᠢᠷᠠᠭᠤᠯᠵᠤ ᠪᠣᠶ᠃     ᠵᠠᠰᠠᠭ ᠤᠨ ᠣᠷᠳᠣᠨ ᠤ ᠥᠷᠢ ᠥᠭᠴᠡᠭᠡ ᠶᠢᠨ ᠳᠦᠭᠰᠢᠬᠦᠷᠢ ᠶᠢ ᠤᠯᠠᠮ ᠨᠢᠭᠡ ᠠᠯᠬᠤᠮ ᠪᠠᠭᠤᠷᠠᠭᠤᠯᠪᠠ᠃ ᠪᠥᠬᠦ ᠵᠢᠯ ᠳᠤ ᠨᠡᠶᠢᠲᠡ 3.92 ᠳ᠋ᠦᠩᠰᠢᠭᠤᠷ ᠲᠥᠭᠦᠷᠢᠭ ᠤᠨ ᠵᠠᠰᠠᠭ ᠤᠨ ᠤᠷᠳᠤᠨ ᠤ ᠥᠷᠢ ᠥᠭᠴᠡᠭᠡ ᠶᠢ ᠪᠤᠴᠠᠭᠠᠵᠤ᠂ ᠵᠢᠯ ᠤᠨ ᠡᠭᠦᠷᠭᠡ ᠪᠠᠨ 186.1% ᠪᠠᠷ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ 2.17 ᠳ᠋ᠦᠩᠰᠢᠭᠤᠷ ᠲᠥᠭᠦᠷᠢᠭ ᠤᠨ ᠥᠷᠢ ᠪᠠᠨ ᠪᠤᠴᠠᠭᠠᠵᠦ᠂ ᠵᠢᠯ ᠤᠨ ᠡᠭᠦᠷᠭᠡ ᠪᠠᠨ 111.8% ᠪᠠᠷ ᠪᠡᠶᠡᠯᠡᠭᠦᠯᠪᠡ᠃ 2.16 ᠳ᠋ᠦᠩᠰᠢᠭᠤᠷ ᠲᠥᠭᠦᠷᠢᠭ ᠤᠨ ᠡᠳ᠋ ᠤᠨ ᠵᠠᠰᠠᠭ ᠠᠴᠠ ᠲᠦᠷ ᠴᠠᠭ ᠲᠤᠬᠢᠷᠠᠭᠤᠯᠤᠨ ᠥᠭᠬᠦ ᠪᠡᠯᠡ ᠮᠦᠩᠭᠦ ᠶᠢ ᠪᠦᠬᠦᠨ ᠢ ᠥᠭᠴᠦ ᠳᠠᠭᠤᠰᠬᠠᠨ᠂ ᠵᠢᠯ ᠤᠨ ᠡᠭᠦᠷᠭᠡ ᠪᠠᠨ 108.1% ᠪᠠᠷ ᠪᠡᠶᠡᠯᠡᠭᠦᠯᠪᠡ᠃ ᠡᠭᠦᠨ ᠤ ᠬᠠᠮᠳᠤ᠂ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ ︽ᠭᠤᠷᠪᠠᠨ ᠠᠯᠪᠠᠨ ᠵᠠᠷᠤᠳᠠᠯ︾ 647.5 ᠳᠦᠮᠡᠨ ᠳᠦᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 27% ᠪᠠᠷ ᠪᠠᠭᠤᠷᠠᠪᠠ᠃    ︵ᠲᠠᠪᠤ︶ ᠬᠤᠲᠠ ᠬᠥᠳᠡᠭᠡ ᠶᠢᠨ ᠬᠥᠭᠵᠢᠯᠲᠡ ᠶᠢ ᠵᠣᠬᠢᠴᠠᠩᠭᠤᠢ ᠠᠬᠢᠭᠤᠯᠪᠠ᠃ ᠤᠯᠤᠰ ᠤᠨ ᠵᠠᠮ 306 ᠱᠤᠭᠤᠮ ᠤᠨ ᠳᠠᠰᠢᠭᠤᠷ ᠤᠨ ᠪᠤᠯᠠᠭ ᠠᠴᠠ ᠪᠠᠯᠭᠠᠷᠭᠤᠤᠯ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠵᠤ᠂ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ ᠶᠢᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠤᠭᠤᠮ ᠢ ᠠᠵᠢᠯ ᠡᠬᠢᠯᠡᠭᠦᠯᠪᠡ᠃ ᠪᠦᠬᠦ ᠵᠢᠯ ᠳᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠳᠤ 5982 ᠲᠦᠮᠡᠨ ᠲᠥᠭᠦᠷᠢᠭ ᠤᠨ ᠪᠡᠯᠡ ᠣᠷᠣᠭᠤᠯᠵᠤ᠂ 4.2 ᠺᠢᠯᠤᠮᠧᠲᠷ ᠲᠤᠤᠷ ᠬᠤᠭᠤᠯᠠᠢ ᠶᠢ ᠰᠢᠨ᠎ᠡ ᠪᠠᠷ ᠵᠠᠰᠠᠪᠠ᠃ ᠬᠠᠭᠤᠴᠢᠨ ᠰᠠᠭᠤᠭᠠᠯᠢ ᠲᠣᠭᠤᠷᠢᠭ ᠢ 2.5 ᠲᠦᠮᠡᠨ ᠲᠡᠭᠰᠢ ᠳᠥᠷᠪᠡᠯᠵᠢᠨ ᠮᠧᠲᠷ ᠦᠭᠡᠷᠡᠴᠢᠯᠡᠨ ᠵᠠᠰᠠᠵᠦ᠂ 8 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠯᠭ᠎ᠠ  ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 150 ᠰᠠᠤᠷᠢ ᠪᠠᠶᠢᠰᠢᠩ ᠭᠡᠷ ᠢ ᠦᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠯᠭᠠᠷᠭᠤᠤᠯ ᠪᠠᠯᠭᠠᠰᠤᠨ ᠳᠤ 5G ᠰᠠᠭᠤᠷᠢ ᠥᠷᠲᠡᠭᠡ 6 ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠮᠠᠯᠵᠢᠬᠤ ᠤᠷᠤᠨ ᠤ ᠦᠢᠯᠡᠳᠪᠤᠷᠢᠯᠡᠯ ᠤᠨ ᠨᠦᠬᠦᠴᠡᠯ ᠢ ᠶᠡᠬᠡᠪᠡᠷ ᠰᠠᠶᠢᠵᠢᠷᠠᠭᠤᠯᠵᠦ᠂ 18136 ᠲᠡᠭᠰᠢ ᠳᠥᠷᠪᠡᠯᠵᠢᠨ ᠮᠧᠲᠷ ᠪᠠᠷᠢᠮᠵᠢᠶᠠᠲᠤ ᠫᠧᠩ ᠬᠤᠷᠤᠭ᠎ᠠ᠂ 5600 ᠲᠡᠭᠰᠢ ᠳᠥᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ ᠢ ᠪᠦᠳᠦᠭᠡᠨ ᠪᠠᠶᠢᠭᠤᠯᠬᠤ ᠳᠤ ᠨᠦᠬᠦᠪᠦᠷᠢ ᠣᠯᠭᠤᠪᠠ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ 15 ᠭᠠᠴᠠᠭᠠᠨ ᠤ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠬᠡᠷᠡᠭᠯᠡᠭᠡᠨ ᠤ ᠴᠢᠨᠠᠷᠲᠠᠢ ᠲᠥᠯᠥᠪᠵᠢᠭᠦᠯᠭᠡ ᠶᠢ ᠨᠠᠶᠢᠷᠠᠭᠤᠯᠵᠦ ᠲᠠᠭᠤᠰᠬᠠᠪᠠ᠃ 48 ᠬᠤᠳᠳᠤᠭ᠂ 173 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ ᠮᠠᠯᠵᠢᠬᠤ ᠣᠷᠣᠨ ᠤ 809 ᠬᠥᠮᠦᠨ ᠤ ᠤᠤᠭᠤᠬᠤ ᠤᠰᠤᠨ ᠤ ᠠᠮᠦᠷ ᠳᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠪᠦᠬᠦ ᠵᠢᠯ ᠳᠤ 1019 ᠮᠠᠯᠵᠢᠬᠤ ᠡᠷᠦᠬᠡ ᠶᠢᠨ ᠵᠣᠷᠯᠣᠩ ᠢ ᠥᠭᠡᠷᠡᠴᠢᠯᠡᠵᠦ᠂ ᠵᠣᠷᠯᠤᠩ ᠢ ᠲᠦᠭᠡᠮᠡᠯᠵᠢᠭᠦᠯᠦᠭᠰᠡᠨ ᠨᠣᠷᠮ᠎ᠠ 30.7% ᠳᠤ ᠬᠦᠷᠪᠡ᠃ 5 ᠰᠤᠮᠤ ᠪᠠᠯᠭᠠᠰᠤᠨ ᠤ ᠬᠤᠭ ᠨᠣᠪᠰᠢ ᠶᠢ ᠵᠥᠭᠡᠭᠡᠪᠦᠷᠢᠯᠡᠬᠦ ᠥᠷᠲᠡᠭᠡ ᠶᠢ ᠡᠬᠢᠯᠡᠨ ᠪᠠᠶᠢᠭᠤᠯᠵᠤ᠂ 90% ᠶᠢᠨ ᠭᠠᠴᠠᠭᠠᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠵᠦᠭᠡᠭᠡᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 78% ᠳᠤ ᠬᠦᠷᠪᠡ᠃ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠶᠡᠷᠦᠩᠬᠡᠢ ᠤᠷᠲᠤ ᠨᠢ 77.9 ᠺᠢᠯᠤᠮᠧᠲᠷ ᠤᠨ 3 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠶᠡᠷᠦᠩᠬᠡᠢ ᠤᠷᠲᠤ ᠨᠢ 19.2 ᠺᠢᠯᠤᠮᠧᠲᠷ ᠤᠨ 4 ᠵᠤᠷᠪᠤᠰ ᠭᠠᠴᠠᠭᠠᠨ ᠤ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠪᠠ᠃      ︵ᠵᠢᠷᠭᠤᠭ᠎ᠠ︶ ᠡᠯ᠎ᠡ ᠵᠦᠶᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠬᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠢ ᠲᠥᠪᠯᠡᠷᠡᠭᠦᠯᠦᠨ ᠰᠢᠶᠳᠪᠦᠷᠢᠯᠡᠪᠡ᠃ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠡᠷᠭᠡ 6 ᠲᠥᠷᠥᠯ ᠵᠦᠢᠯ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠲᠠᠲᠠᠬᠤ ᠭᠤᠤᠯᠳᠠᠯᠭ᠎ᠠ ᠲᠠᠢ ᠲᠠᠨᠢᠯᠴᠠᠭᠤᠯᠭ᠎ᠠ ᠶᠢᠨ ᠲᠥᠷᠥᠯ ᠵᠦᠢᠯ ᠳᠤ ᠵᠢᠭᠰᠠᠭᠠᠭᠳᠠᠵᠤ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠦᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ᠂ ᠨᠤᠨᠲᠠᠭ ᠨᠡᠭᠦᠷᠡᠰᠦ ᠶᠢ ᠭᠠᠳᠠᠭᠰᠢ ᠵᠦᠭᠡᠭᠡᠪᠦᠷᠢᠯᠡᠬᠦ ᠵᠡᠷᠭᠡ ᠳᠦᠷᠦᠯ ᠵᠦᠢᠯ ᠤᠨ ᠲᠠᠯ᠎ᠠ ᠪᠠᠷ ᠠᠩᠬ᠎ᠠ ᠠᠯᠬᠤᠮ ᠬᠠᠮᠳᠤᠷᠠᠯᠴᠠᠭᠠᠨ ᠤ ᠭᠡᠷ᠎ᠡ ᠲᠣᠭᠲᠠᠪᠠ᠃ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠣᠹᠲ ᠢ ᠳᠡᠯᠭᠡᠷᠡᠭᠦᠯᠦᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠶᠢ 90% ᠠᠴᠠ ᠲᠡᠭᠡᠭᠰᠢ ᠳᠤ ᠬᠦᠷᠭᠡᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠴᠠᠭ ᠤᠨ ᠬᠢᠵᠠᠭᠠᠷ ᠢ 50% ᠰᠢᠬᠠᠮ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠵᠦ ᠭᠦᠶᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠤᠨ ᠳᠣᠲᠣᠷ᠎ᠠ ᠪᠤᠯᠭᠠᠨ ᠪᠣᠭᠤᠨᠢᠰᠬᠠᠵᠦ᠂ ᠠᠵᠤ ᠠᠬᠤᠶᠢᠯᠠᠯ ᠤᠨ ᠪᠠᠯᠠ ᠤᠷᠤᠭᠤᠯᠬᠤ ᠲᠥᠷᠥᠯ ᠵᠦᠶᠯ ᠢ ᠭᠦᠢᠴᠡᠳᠬᠡᠬᠦ ᠴᠠᠭ ᠤᠨ ᠬᠢᠵᠠᠭᠠᠷ ᠢ 1 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ᠃ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠡᠯᠧᠺᠲᠷᠣᠨᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠠᠴᠠ ︽ᠨᠢᠭᠡ ᠤᠳᠠᠭ᠎ᠠ ᠴᠤ ᠭᠦᠶᠦᠯᠭᠡᠬᠦ ᠥᠬᠡᠶ︾ ᠪᠣᠯᠬᠤ ᠶᠢ ᠪᠡᠶᠡᠯᠡᠭᠦᠯᠪᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡᠳᠦᠯᠲᠡᠶ ᠭᠥᠯᠢᠶᠡᠨ ᠠᠪᠴᠤ ᠰᠢᠶᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠴᠠᠭ ᠲᠤᠬᠠᠶ ᠳᠤᠨᠢ ᠰᠢᠯᠵᠢᠬᠦᠯᠦᠨ ᠥᠭᠬᠦ᠂ ᠴᠠᠭ ᠲᠤᠭᠲᠠᠭᠠᠨ ᠭᠦᠶᠴᠡᠳᠬᠡᠵᠦ ᠳᠠᠭᠤᠰᠬᠠᠬᠤ ︾ ᠶᠢ ᠬᠡᠷᠡᠭᠵᠢᠭᠦᠯᠪᠡ᠃ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠪᠠ᠃ ︽ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠠᠬᠢᠭᠤᠯᠵᠤ᠂ 7594 ᠣᠷᠣᠨ ᠰᠠᠭᠤᠴᠠ᠂ 110 ᠭᠡᠰᠡᠭ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠩᠰᠠᠯᠠᠨ ᠭᠡᠷᠡᠴᠢ ᠦᠨᠡᠮᠯᠡᠯ ᠤᠯᠭᠤᠬᠤ ᠠᠵᠢᠯ ᠢ ᠪᠡᠶᠡᠯᠡᠭᠦᠯᠪᠡ᠃    ︵ᠳᠤᠯᠤᠭ᠎ᠠ︶ ᠠᠷᠠᠳ ᠤᠨ ᠠᠮᠢᠳᠤᠷᠠᠯ ᠢ ᠨᠠᠩ ᠬᠦᠴᠦᠲᠡᠶ ᠪᠠᠲᠤᠯᠠᠪᠠ᠃     ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠪᠠ ᠰᠦᠢᠳᠬᠡᠯ ᠢ ᠨᠡᠶᠢᠲᠡ 5.77 ᠳ᠋ᠦᠩᠰᠢᠭᠤᠷ ᠲᠥᠭᠦᠷᠢᠭ ᠬᠡᠯᠲᠦᠷᠢᠭᠦᠯᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 1000 ᠭᠠᠷᠤᠶ ᠲᠦᠮᠡᠨ ᠲᠥᠭᠦᠷᠢᠭ ᠪᠠᠭᠤᠷᠠᠭᠤᠯᠤᠨ᠂ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠪᠠ ︽ᠠᠵᠢᠯᠯᠠᠭᠤᠯᠬᠤ ᠶᠢᠨ ᠳᠠᠭᠠᠤ ᠪᠤᠯᠪᠠᠰᠤᠷᠠᠯ ᠬᠦᠷᠳᠡᠭᠡᠬᠦ︾ ᠨᠦᠬᠦᠪᠦᠷᠢ 781 ᠲᠦᠮᠡᠨ ᠲᠥᠭᠦᠷᠢᠭ ᠣᠯᠭᠤᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 6583 ᠲᠦᠮᠡᠨ ᠲᠥᠭᠦᠷᠢᠭ ᠬᠡᠯᠲᠦᠷᠢᠭᠦᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠨ᠂ ᠠᠵᠤ ᠠᠬᠤᠶᠢᠯᠠᠯ ᠳᠤ 14.72 ᠳ᠋ᠦᠩᠰᠢᠭᠤᠷ ᠲᠥᠭᠦᠷᠢᠭ ᠤᠨ ᠵᠢᠭᠡᠯᠡᠯᠭᠡ ᠤᠯᠭᠤᠪᠠ᠃ 3350 ᠨᠡᠷ᠎ᠡ ᠠᠵᠢᠯ ᠤᠯᠬᠤ ᠳᠤ ᠬᠦᠴᠢᠷᠲᠡᠶ ᠬᠥᠮᠦᠰ ᠪᠠ ᠠᠵᠢᠯ ᠤᠨ ᠪᠠᠶᠢᠷᠢ ᠠᠴᠠ  ᠪᠠᠨ ᠪᠠᠭᠤᠵᠤ ᠠᠵᠢᠯ ᠠᠯᠳᠠᠭᠰᠠᠨ ᠠᠵᠢᠯᠲᠠᠨ ︵ᠲᠠᠪᠤ ᠲᠤᠯᠤᠭ᠎ᠠ ᠶᠢᠨ ᠠᠵᠢᠯᠳᠠᠨ ᠪᠠᠭᠲᠠᠨ᠎ᠠ︶ ᠳᠤ 1485.82 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠪᠠ᠃ ᠦᠢᠯᠡᠰ ᠪᠤᠰᠬᠠᠬᠤ ᠪᠠᠷ ᠠᠵᠢᠯ ᠣᠯᠭᠤᠬᠤ ᠶᠢ ᠠᠬᠢᠭᠤᠯᠵᠦ᠂ 2665 ᠳᠦᠮᠡᠨ ᠳᠦᠭᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠲᠠᠯᠪᠢᠪᠠ᠃ 2134 ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠥᠷᠢ ᠶᠢ ᠪᠦᠬᠦᠨ ᠢ ᠨᠦᠬᠦᠪᠦᠷᠢᠯᠡᠵᠦ ᠲᠠᠭᠤᠰᠬᠠᠪᠠ᠃ ᠪᠦᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 1574 ᠰᠢᠨ᠎ᠡ ᠪᠠᠷ ᠨᠡᠮᠡᠭᠳᠡᠵᠦ᠂ 15.6% ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ 1878 ᠬᠥᠮᠦᠨ᠂ ᠠᠵᠢᠯ ᠣᠯᠬᠤ ᠳᠤ ᠬᠦᠴᠢᠷᠲᠡᠢ 439 ᠬᠥᠮᠦᠨ ᠪᠤᠯᠤᠨ ᠮᠠᠯᠵᠢᠬᠤ ᠣᠷᠣᠨ ᠤ ᠬᠤᠳ᠋ᠨ ᠤᠷᠤᠭᠰᠠᠨ 4071 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.37% ᠶᠢᠨ ᠳᠣᠲᠣᠷ᠎ᠠ ᠬᠢᠵᠠᠭᠠᠷᠯᠠᠪᠠ᠃       ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 2506 ᠲᠦᠮᠡᠨ ᠲᠥᠭᠦᠷᠢᠭ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ 2205 ᠬᠥᠮᠦᠨ ᠰᠢᠨ᠎ᠡ ᠪᠠᠷ ᠳᠠᠭᠠᠳᠬᠠᠯ ᠳᠤ ᠤᠷᠤᠵᠦ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠭᠰᠠᠨ ᠨᠤᠷᠮ᠎ᠠ 95% ᠠᠴᠠ ᠳᠡᠭᠡᠭᠰᠢ ᠳᠤ ᠲᠤᠭᠳᠠᠪᠤᠷᠢᠵᠢᠪᠠ᠃ ᠪᠦᠬᠦ ᠵᠢᠯ ᠳᠤ 179 ᠬᠡᠷ ᠪᠠᠶᠢᠰᠢᠩ ᠭᠠᠵᠠᠷ ᠬᠥᠷᠥᠩᠭᠡ ᠶᠢᠨ ᠭᠡᠷᠡᠴᠢ ᠦᠨᠡᠮᠯᠡᠯ ᠤᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠵᠦ᠂ ᠨᠡᠶᠢᠲᠡ 1716 ᠭᠡᠷ ᠬᠦᠷᠦᠩᠭᠡ ᠶᠢᠨ ᠦᠨᠡᠮᠯᠡᠯ ᠢ ᠭᠦᠶᠴᠡᠳᠬᠡᠵᠦ ᠳᠠᠭᠤᠰᠬᠠᠨ᠂ ᠪᠦᠬᠦᠯᠢ ᠴᠣᠭᠴᠠ ᠪᠠᠷ ᠭᠦᠶᠴᠡᠳᠬᠡᠵᠦ ᠳᠠᠭᠤᠰᠬᠠᠭᠰᠠᠨ ᠨᠣᠷᠮ᠎ᠠ᠂ ᠣᠷᠣᠨ ᠰᠠᠭᠤᠴᠠ ᠶᠢᠨ ᠦᠨᠡᠮᠯᠡᠯ ᠢ ᠭᠦᠶᠴᠡᠳᠬᠡᠵᠦ ᠳᠠᠭᠤᠰᠬᠠᠭᠰᠠᠨ ᠨᠣᠷᠮ᠎ᠠ ᠲᠣᠰ ᠲᠣᠰ 89.1% ᠪᠠ 91% ᠳᠤ ᠬᠥᠷᠪᠡ᠃ ︽ᠬᠤᠶᠠᠷ ᠪᠡᠯᠡ ᠮᠥᠩᠭᠦ᠂ ᠭᠤᠷᠪᠠᠨ ᠳᠦᠷᠢᠮ︾ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠦ᠂ ᠬᠦᠯᠦᠰᠦᠨ ᠠᠵᠢᠯᠳᠠᠨ ᠳᠤ ᠴᠠᠯᠢᠩ ᠦᠷᠢᠳᠦᠬᠦ ᠠᠰᠠᠭᠤᠳᠠᠯ ᠢ ᠦᠨᠳᠦᠰᠦᠨ  ᠠᠴᠠ ᠨᠢ ᠬᠤᠷᠢᠭᠯᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠰᠤᠵᠢᠯ ᠤᠨ ᠳᠠᠭᠠᠳᠬᠠᠯ ᠢ ᠦᠷᠭᠦᠯᠵᠢᠯᠡᠨ ᠲᠤᠰᠢᠶᠠᠬᠤ ᠵᠢᠴᠢ ᠡᠯ᠎ᠡ ᠵᠦᠢᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠠᠷ ᠳᠠᠬᠢᠨᠲᠠ ᠦᠨᠡᠯᠡᠭᠳᠡᠪᠡ᠃ ᠰᠤᠷᠭᠠᠨ ᠬᠥᠮᠦᠵᠢᠯ ᠤᠨ ᠦᠢᠯᠡᠰ ᠤᠨ ᠲᠠᠯ᠎ᠠ ᠪᠠᠷ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ  ᠤᠨ ᠰᠤᠷᠭᠠᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ 3 ᠳᠤᠮᠳᠠᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾  ᠤᠨ ᠵᠢᠭᠠᠬᠤ ᠮᠠᠲ᠋ᠧᠷᠢᠶᠠᠯ ᠢ ᠬᠡᠷᠡᠭᠯᠡᠪᠡ᠃ 9112 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠰᠢᠭᠤ ᠮᠣᠩᠭᠤᠯ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ  ᠶᠢᠨ ᠲᠠᠮᠢᠷ ᠤᠨ ᠲᠠᠯᠠᠪᠠᠢ ᠵᠢᠴᠢ 5 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠰᠡᠯᠪᠢᠨ ᠵᠠᠰᠠᠬᠤ᠂ 5 ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠵᠡᠷᠭᠡ ᠳᠦᠷᠦᠯ ᠵᠦᠢᠯ ᠢ ᠪᠦᠳᠦᠭᠡᠨ ᠪᠠᠶᠢᠭᠤᠯᠪᠠ᠃ ︽ᠪᠦᠬᠦᠯᠢ ᠴᠣᠭᠴᠠ ᠶᠢ ᠠᠳᠬᠤᠬᠤ᠂ ᠬᠢᠴᠢᠶᠡᠯ ᠪᠡᠯᠡᠳᠬᠡᠬᠦ  ᠶᠢ ᠠᠳᠬᠤᠬᠤ᠂ ᠬᠢᠴᠢᠶᠡᠯ ᠤᠨ ᠲᠠᠩᠬᠢᠮ ᠢ ᠠᠳᠬᠤᠬᠤ᠂ ᠵᠢᠭᠠᠬᠤ ᠶᠢ ᠰᠤᠳᠤᠯᠬᠤ ᠶᠢ ᠠᠳᠬᠤᠬᠤ᠂ ᠬᠥᠲᠥᠯᠥᠨ ᠳᠠᠭᠠᠭᠤᠯᠬᠤ ᠶᠢ ᠠᠳᠬᠤᠬᠤ᠂ ᠬᠢᠴᠢᠶᠡᠯ ᠢ ᠠᠳᠬᠤᠬᠤ᠂ ᠲᠤᠷᠰᠢᠯᠲᠠ ᠶᠢ ᠠᠳᠬᠤᠬᠤ᠂ ᠳᠠᠰᠬᠠᠯ ᠢ ᠠᠳᠬᠤᠬᠤ᠂ ᠦᠨᠡᠯᠡᠯᠲᠡ ᠶᠢ ᠠᠳᠬᠤᠬᠤ᠂ ᠵᠣᠯᠭᠠᠯᠴᠠᠭ᠎ᠠ ᠶᠢ ᠠᠳᠬᠤᠬᠤ︾ ᠵᠡᠷᠭᠡ ᠠᠷᠪᠠᠨ ᠲᠠᠯ᠎ᠠ ᠠᠴᠠ ᠵᠢᠭᠠᠨ ᠰᠤᠷᠭᠠᠯᠲᠠ ᠶᠢᠨ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 100 % ᠳᠤ ᠬᠦᠷᠭᠡᠵᠦ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 7.5 ᠵᠠᠭᠤᠨ ᠤ ᠬᠤᠪᠢ ᠳᠡᠭᠡᠭᠰᠢᠯᠡᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 2 ᠢ ᠰᠢᠨ᠎ᠡ ᠪᠠᠷ ᠨᠡᠮᠡᠭᠳᠡᠬᠦᠯᠵᠦ᠂ ᠵᠢᠷ ᠤᠨ ᠭᠤᠣᠯ ᠬᠡᠦᠬᠡᠳ ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠥᠬᠡ ᠲᠡᠰ ᠤᠨ ᠬᠡᠦᠬᠡᠳ ᠤᠨ ᠴᠡᠴᠡᠷᠯᠢᠭ ᠢᠶᠠᠷ ᠦᠨᠡᠯᠡᠭᠳᠡᠪᠡ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠪᠠᠷ᠂ ᠬᠤᠰᠢᠭᠤ ᠡᠮᠨᠡᠯᠭᠡ ᠶᠢᠨ ᠬᠤᠷᠢᠶ᠎ᠡ᠂ ᠪᠠᠶᠠᠨᠬᠤᠸᠠ ᠠᠭᠤᠷᠬᠠᠢ ᠶᠢᠨ ᠳᠤᠭᠤᠷᠢᠭ ᠤᠨ ᠡᠮᠨᠡᠯᠭᠡ ᠶᠢᠨ ᠬᠤᠷᠢᠶ᠎ᠡ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠡᠮᠴᠢᠯᠡᠭᠡᠨ  ᠤ ᠪᠣᠬᠢᠷ ᠤᠰᠤ ᠶᠢ ᠰᠢᠶᠳᠪᠦᠷᠢᠯᠡᠬᠦ ᠰᠢᠰᠲ᠋ᠧᠮ ᠤᠨ ᠥᠭᠡᠷᠡᠴᠢᠯᠡᠯᠲᠡ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ ᠶᠢᠨ ᠥᠭᠡᠷᠡᠴᠢᠯᠡᠯᠲᠡ᠂ ᠦᠨᠳᠦᠰᠦᠨ ᠱᠠᠲᠤᠨ ᠤ 13 ᠡᠷᠡᠭᠦᠯ ᠬᠠᠮᠠᠭᠠᠯᠠᠯ ᠤᠨ ᠡᠮᠴᠢᠯᠡᠭᠡᠨ ᠤ ᠪᠠᠶᠢᠭᠤᠯᠤᠮᠵᠢ ᠶᠢ ᠪᠠᠷᠢᠮᠵᠢᠶ᠎ᠠ ᠳᠤ ᠬᠦᠷᠭᠡᠬᠦ ᠥᠭᠡᠷᠡᠴᠢᠯᠡᠯᠲᠡ ᠵᠡᠷᠭᠡ ᠲᠥᠷᠥᠯ ᠵᠦᠶᠯ ᠢ ᠪᠡᠶᠡᠯᠡᠭᠦᠯᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠬᠤ ᠢᠨᠵᠧᠨᠧᠷᠢᠩ ᠤᠨ ᠥᠭᠡᠷᠡᠴᠢᠯᠡᠯᠲᠡ ᠶᠢ ᠠᠬᠢᠭᠤᠯᠤᠨ᠂ ᠬᠤᠰᠢᠭᠤ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠲᠤ ᠡᠪᠡᠳᠴᠢᠨ ᠤ ᠲᠣᠭᠤᠷᠢᠭ ᠢ ᠰᠢᠨ᠎ᠡ ᠪᠠᠷ ᠪᠠᠶᠢᠭᠤᠯᠬᠤ ᠠᠵᠢᠯ ᠢ ᠡᠬᠢᠯᠡᠭᠦᠯᠪᠡ᠃ ᠮᠣᠩᠭᠤᠯ ᠡᠮ ᠨᠠᠶᠢᠷᠠᠬᠤ ᠲᠠᠰᠤᠭ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠨᠢ ︽ᠤᠯᠤᠰ ᠤᠨ ᠬᠤᠶᠠᠳᠤᠭᠠᠷ ᠳᠡᠰ  ᠤᠨ ᠬᠥᠬᠡ ᠵᠡᠷᠭᠡ ᠶᠢᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ︾ ᠶᠢᠨ ᠫᠠᠶᠢᠰᠠ ᠶᠢ ᠡᠯᠭᠦᠪᠡ᠃ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ 2 ᠰᠤᠮᠤ ᠪᠠᠯᠭᠠᠰᠤ ᠶᠢ ᠡᠭᠦᠳᠦᠨ ᠪᠠᠶᠢᠭᠤᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ︾ ᠶᠢᠨ ᠲᠠᠬᠢᠨ ᠪᠠᠶᠢᠴᠠᠭᠠᠯᠳᠠ ᠶᠢ ᠤᠷᠤᠭᠰᠢᠲᠠᠶ ᠥᠩᠭᠡᠷᠡᠭᠡᠪᠡ᠃    ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠠᠯ᠎ᠠ ᠪᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠪᠡ᠃ ᠬᠤᠰᠢᠭᠤ ᠤᠯᠠᠭᠠᠨᠮᠥ᠋ᠴᠢᠷ ᠨᠢ 40 ᠭᠠᠷᠤᠶ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 90 ᠭᠠᠷᠤᠶ ᠲᠠᠯᠠᠪᠠᠢ ᠥᠷᠨᠢᠭᠦᠯᠵᠦ᠂ ᠣᠯᠠᠨ ᠲᠦᠮᠡᠨ ᠳᠤ 3.2 ᠲᠦᠮᠡᠨ ᠬᠥᠮᠦᠨ ᠤᠳᠠᠭ᠎ᠠ ᠦᠶᠯᠡᠴᠢᠯᠡᠬᠦ ᠶᠢᠨ ᠬᠠᠮᠲᠤ ᠪᠥᠬᠦ ᠤᠯᠤᠰ  ᠤᠨ 15 ᠬᠤᠲᠠ ᠳᠤ ᠲᠣᠭᠤᠷᠢᠨ ᠲᠣᠭᠯᠠᠯᠲᠠ ᠭᠠᠷᠭᠠᠪᠠ᠃ ᠦᠵᠦᠮᠦᠴᠢᠨ ᠤᠷᠲᠤ ᠶᠢᠨ ᠳᠠᠭᠤᠤ ᠨᠢ ᠲᠠᠪᠤᠳᠤᠭᠠᠷ ᠪᠦᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ  ᠤᠨ ᠨᠡᠷᠡᠰ ᠲᠤ ᠵᠢᠭᠰᠠᠭᠠᠭᠳᠠᠪᠠ᠃ ᠬᠤᠰᠢᠭᠤ ᠷᠠᠳᠢᠣ᠋ ᠲᠧᠯᠸᠢᠰ ᠬᠤᠷᠢᠶ᠎ᠠ ᠨᠢ ︽ᠪᠦᠬᠦ ᠤᠯᠤᠰ ᠤᠨ ᠰᠣᠨᠢᠨ ᠮᠡᠳᠡᠭᠡ ᠷᠠᠳᠢᠣ᠋ ᠺᠢᠨᠣ᠋ ᠲᠧᠯᠸᠢᠰ ᠤᠨ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ︾ ᠶᠢᠨ ᠢᠷᠠᠭᠤ ᠠᠯᠳᠠᠷ ᠢ ᠬᠦᠷᠲᠡᠪᠡ᠃      ᠠᠶᠤᠯᠬᠦᠢ ᠦᠶᠯᠡᠳᠪᠦᠷᠢᠯᠡᠯ ᠤᠨ ᠲᠠᠯ᠎ᠠ ᠪᠠᠷ᠂ ᠠᠶᠤᠯᠬᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠪᠥᠬᠦ ᠠᠶᠢᠮᠠᠭ ᠤᠨ ᠠᠵᠤ ᠠᠬᠤᠶᠢᠯᠠᠯ  ᠤᠨ ᠠᠶᠤᠯᠬᠦᠢ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠠᠮᠵᠢᠯᠳᠠᠳᠠᠢ ᠡᠷᠬᠢᠯᠡᠨ᠂ ︽ᠣᠶᠤᠨᠴᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ︾ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠤᠨ ᠵᠠᠰᠠᠭ ᠤᠨ ᠤᠷᠳᠤᠨ ᠤ ᠪᠠᠶᠢᠭᠤᠯᠬᠤ ᠭᠡᠰᠡᠭ ᠢ ᠲᠠᠭᠤᠰᠬᠠᠵᠦ᠂ ᠪᠥᠬᠦ ᠵᠢᠯ ᠳᠤ ᠣᠨᠴᠠ ᠶᠡᠭᠡ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠥᠬᠡᠶ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠳᠠ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ 20 ᠨᠡᠷ᠎ᠡ ᠴᠡᠷᠢᠭ ᠤᠨ ᠠᠯᠪᠠᠨ ᠠᠴᠠ  ᠬᠠᠯᠠᠭᠳᠠᠭᠰᠠᠳ ᠢᠶᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠶ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠪᠠ᠃ ᠢᠳᠡᠭᠡᠨ ᠤ ᠵᠦᠶᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠢᠳᠡᠭᠡᠨ ᠪᠠ ᠡᠮ  ᠤᠨ ᠵᠦᠶᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠦᠴᠦᠲᠡᠶ ᠪᠠᠲᠤᠯᠠᠪᠠ᠃ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠵᠦ᠂ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃       ᠨᠡᠶᠢᠭᠡᠮ ᠤᠨ ᠵᠠᠰᠠᠯᠲᠠ ᠶᠢᠨ ᠲᠠᠯ᠎ᠠ ᠪᠠᠷ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠢᠯᠠᠯᠳᠠ ᠶᠢ ᠣᠯᠵᠦ᠂ ᠤᠯᠠᠨ ᠳᠦᠮᠡᠨ ᠤ ᠠᠮᠦᠷ ᠳᠦᠪᠰᠢᠨ ᠤ ᠳᠦᠷᠦᠭᠳᠡᠯ ᠢ ᠤᠯᠠᠮ ᠨᠡᠮᠡᠭᠳᠡᠬᠦᠯᠪᠡ᠃ ᠬᠤᠰᠢᠭᠤ ᠵᠥᠷᠢᠴᠡᠯ ᠵᠢᠭᠤᠷᠭᠠᠨ ᠢ ᠰᠢᠢᠳᠪᠦᠷᠢᠯᠡᠬᠦ ᠲᠥᠪ ᠢ ᠪᠠᠶᠢᠭᠤᠯᠵᠤ᠂ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠢ ᠲᠥᠷᠥᠯ ᠤᠨ ᠠᠵᠢᠯᠯᠠᠭᠠᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠤᠷᠢᠯᠡᠭᠰᠡᠨ ᠨᠣᠷᠮ᠎ᠠ 100% ᠳᠤ ᠬᠥᠷᠪᠡ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠠᠤᠯᠢ ᠬᠡᠷᠡᠭᠵᠢᠭᠦᠯᠤᠨ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ︽ᠠᠮᠦᠷ ᠠᠮᠤᠭᠤᠯᠠᠩ ᠪᠠᠷᠠᠭᠤᠨ ᠦᠵᠦᠮᠦᠴᠢᠨ︾ ᠳᠦᠷᠰᠦ ᠰᠢᠩᠭᠡᠭᠡᠯᠲᠡ ᠪᠠᠷ ᠬᠢᠨᠠᠨ ᠡᠵᠡᠮᠳᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢᠯᠡᠳᠲᠡ ᠦᠷ᠎ᠡ ᠪᠦᠳᠦᠮᠵᠢ ᠣᠯᠵᠦ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠢᠭᠡᠴᠡ︾ ᠶᠢᠨ ᠢᠷᠠᠭᠤ ᠠᠯᠳᠠᠷ ᠢ ᠭᠥᠷᠳᠡᠪᠡ᠃ ᠬᠤᠰᠢᠭᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ 2020 ᠣᠨ ᠳᠤ ᠪᠥᠬᠦ ᠤᠯᠤᠰ ᠤᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠡᠷᠢᠭᠦᠨ ᠤ ᠬᠠᠮᠲᠤ ᠨᠢᠭᠡᠴᠡ ᠪᠠᠷ ᠦᠨᠡᠯᠡᠭᠳᠡᠪᠡ᠃ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠠᠮᠵᠢᠯᠳᠠᠳᠠᠢ ᠪᠡᠶᠡᠯᠡᠭᠦᠯᠪᠡ᠃     ᠡᠭᠦᠨ ᠤ ᠬᠠᠮᠳᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃     ᠥᠩᠭᠡᠷᠡᠭᠰᠡᠨ ᠨᠢᠭᠡ ᠵᠢᠯ ᠳᠤ᠂ ᠬᠤᠰᠢᠭᠤ ᠵᠠᠰᠠᠭ ᠤᠨ ᠣᠷᠳᠣᠨ ᠨᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠦᠭᠦᠯᠡᠯ ᠪᠠ ᠨᠠᠮ ᠤᠨ ᠲᠥᠪ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ  ᠳᠤ ᠢᠯᠡᠷᠡᠭᠰᠡᠨ ᠠᠰᠠᠭᠤᠳᠠᠯ ᠢ ᠭᠦᠨᠵᠡᠭᠡᠶ ᠲᠤᠩᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠠᠮ ᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ︾ ᠪᠠᠷ ᠨᠡᠷᠡᠶᠢᠳᠦᠭᠳᠡᠪᠡ᠃ ᠪᠢᠳᠡ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠤᠨ ᠣᠷᠳᠣᠨ  ᠤ ᠬᠠᠤᠯᠢ ᠴᠠᠭᠠᠵᠠ ᠶᠢᠨ ᠵᠥᠪᠯᠡᠭᠴᠢ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠵᠡᠷᠭᠡ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠨ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ 16 ᠤᠳᠠᠭ᠎ᠠ ᠬᠤᠷᠠᠯᠳᠤᠭᠤᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠪᠡ᠃ ᠪᠢᠳᠡ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ᠂ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠦ᠂ ᠡᠳ᠋  ᠤᠨ ᠵᠠᠰᠠᠭ ᠤᠨ ᠪᠠᠯᠠ ᠮᠥᠩᠭᠦ᠂ ᠵᠠᠰᠠᠭ ᠤᠨ ᠣᠷᠳᠣᠨ ᠤ ᠲᠤᠰᠬᠠᠶ ᠥᠷᠢ ᠥᠭᠴᠡᠭᠡ ᠪᠣᠯᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠬᠢᠨᠠᠨ ᠪᠤᠳᠤᠯᠲᠠ ᠬᠢᠵᠦ᠂ ᠲᠣᠰ ᠱᠠᠲᠤᠨ ᠤ ᠵᠠᠰᠠᠭ ᠤᠨ ᠣᠷᠳᠣᠨ ᠤ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠳᠤ ᠦᠪᠡᠷᠳᠡᠭᠡᠨ ᠬᠢᠨᠠᠨ ᠪᠤᠳᠤᠯᠲᠠ ᠬᠢᠵᠦ ᠪᠠᠶᠢᠴᠠᠭᠠᠪᠠ᠃       ᠲᠥᠯᠥᠭᠡᠯᠡᠭᠴᠢᠳ ᠡ︕ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠴᠢᠨᠠᠷᠲᠠᠢ ᠱᠠᠲᠤ ᠦᠶ᠎ᠡ ᠪᠤᠯᠤᠨ᠎ᠠ᠂ ᠮᠦᠨᠴᠦ ᠮᠠᠨ ᠤ ᠬᠤᠰᠢᠭᠤᠨ ᠤ ᠬᠥᠭᠵᠢᠯᠲᠡ ᠶᠢᠨ ᠶᠠᠪᠤᠴᠠ ᠳᠤ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠲᠠᠪᠤᠨ ᠵᠢᠯ ᠪᠣᠯᠬᠤ ᠶᠤᠮ᠃ ᠲᠠᠪᠤᠨ ᠵᠢᠯ ᠤᠨ ᠲᠤᠷᠰᠢ᠂ ᠪᠢᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠤᠨ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠦᠴᠦᠯᠡᠨ ᠬᠤᠪᠢᠷᠠᠭᠤᠯᠵᠤ᠂ ᠠᠮᠢ ᠠᠬᠤᠢ ᠶᠢ ᠡᠩ ᠳᠡᠷᠢᠬᠦᠨ ᠳᠤ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠪᠡ᠃ ᠪᠦᠬᠦ ᠬᠤᠰᠢᠭᠤᠨ ᠤ ᠡᠯ᠎ᠡ ᠱᠠᠳᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ ᠠᠯᠢ ᠣᠯᠠᠨ ᠵᠥᠷᠢᠴᠡᠯ ᠮᠦᠷᠭᠦᠯᠳᠦᠭᠡᠨ᠂ ᠠᠶᠤᠯ ᠲᠦᠭᠰᠢᠭᠦᠷᠢ ᠪᠠ ᠥᠷᠢᠰᠥᠯᠳᠦᠭᠡᠨ ᠢ ᠢᠯᠠᠨ ᠳᠠᠪᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠤᠨ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠮᠵᠢᠯᠲᠠ ᠶᠢ ᠣᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠪᠠ᠃      ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 600 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠠᠶᠢᠮᠠᠭ  ᠲᠤ ᠬᠤᠶᠠᠳᠤᠭᠠᠷ ᠲᠤ ᠣᠷᠣᠪᠠ᠃ ᠬᠥᠮᠦᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 13 ᠲᠦᠮᠡᠨ ᠲᠥᠭᠦᠷᠢᠭ ᠢ ᠳᠠᠪᠠᠵᠤ᠂ ᠪᠦᠬᠦ ᠠᠶᠢᠮᠠᠭ ᠲᠤ ᠲᠡᠷᠢᠭᠦᠯᠡᠪᠡ᠃ ᠡᠩ ᠤᠨ ᠣᠯᠠᠨ ᠨᠡᠶᠢᠲᠡ  ᠶᠢᠨ ᠲᠥᠰᠦᠪ ᠤᠨ ᠣᠷᠣᠯᠭ᠎ᠠ ᠨᠡᠶᠢᠲᠡ 100 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠠᠶᠢᠮᠠᠭ ᠲᠤ ᠬᠤᠶᠠᠳᠤᠭᠠᠷ ᠲᠤ ᠣᠷᠣᠪᠠ᠃ 2017 ᠣᠨ — 2020 ᠣᠨ ᠳᠤ ᠵᠠᠯᠭᠠᠪᠠᠷ ︽ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠬᠤᠲᠠ︾ ᠪᠠᠷ ᠰᠣᠩᠭᠤᠭᠳᠠᠨ᠂ ᠭᠠᠵᠠᠷ ᠣᠷᠣᠨ ᠤ ᠨᠥᠯᠥᠭᠡᠯᠡᠬᠦ ᠬᠦᠴᠦᠨ ᠪᠠ ᠨᠡᠷ᠎ᠡ ᠠᠯᠳᠠᠷᠰᠢᠯ ᠢᠯᠡᠳᠲᠡ ᠳᠡᠭᠡᠭᠰᠢᠯᠡᠪᠡ᠃      ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠᠨ ᠠᠵᠤ ᠦᠢᠯᠡᠰ ᠤᠨ ᠡᠵᠡᠯᠡᠬᠦᠨ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠳᠤ 13.1᠄ 69.8᠄ 17.1 ᠪᠠᠶᠢᠭᠰᠠᠨ ᠠᠴᠠ 13.4᠄ 68.8᠄ 17.8 ᠪᠣᠯᠪᠠ᠃ ︽ᠬᠤᠨᠢ ᠶᠢ ᠴᠢᠨᠠᠷᠵᠢᠭᠤᠯᠵᠤ᠂ ᠦᠬᠡᠷ ᠢ ᠨᠡᠮᠡᠭᠳᠡᠭᠦᠯᠬᠦ︾ ᠠᠵᠢᠯ ᠢᠯᠡᠳᠲᠡ ᠦᠷ᠎ᠡ ᠪᠦᠲᠦᠮᠵᠢ ᠣᠯᠵᠦ᠂ ᠮᠢᠬᠠᠨ ᠤ ᠦᠬᠡᠷ ᠤᠨ ᠲᠤᠭ᠎ᠠ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ 65.8%  ᠪᠠᠷ ᠨᠡᠮᠡᠭᠳᠡᠪᠡ᠃ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠳᠤ 150 ᠲᠦᠮᠡᠨ ᠺᠢᠯᠣᠸᠠᠲ ᠴᠠᠭ ᠪᠠᠶᠢᠭᠰᠠᠨ ᠠᠴᠠ ᠨᠡᠮᠡᠭᠳᠡᠭᠡᠳ 414 ᠲᠦᠮᠡᠨ ᠺᠢᠯᠣᠸᠠᠲ ᠴᠠᠭ ᠪᠣᠯᠵᠣ᠂ ᠨᠡᠭᠦᠷᠡᠰᠦᠨ ᠤ ᠵᠢᠯ ᠤᠨ ᠳᠤᠮᠳᠠᠴᠢ ᠭᠠᠷᠤᠯᠲᠠ 4500 ᠲᠦᠮᠡᠨ ᠲᠣᠨ ᠣᠷᠴᠢᠮ ᠳᠤ ᠲᠣᠭᠲᠠᠪᠤᠷᠢᠵᠢᠪᠠ᠃ ᠵᠢᠭᠤᠯᠴᠢᠯᠠᠭᠰᠠᠳ ᠤᠨ ᠲᠤᠭ᠎ᠠ ᠪᠠ ᠵᠢᠭᠤᠯᠴᠢᠯᠠᠯ ᠤᠨ ᠦᠢᠯᠡᠰ  ᠤᠨ ᠣᠷᠣᠯᠭ᠎ᠠ ᠵᠢᠯ ᠳᠤᠮᠳᠠᠴᠢ ᠪᠠᠷ 21.38% ᠪᠠ 6.2% ᠢᠶᠠᠷ ᠨᠡᠮᠡᠭᠳᠡᠪᠡ᠃       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 3107.8 ᠲᠦᠮᠡᠨ ᠲᠥᠭᠦᠷᠢᠭ ᠵᠠᠷᠤᠴᠠᠭᠤᠯᠵᠦ᠂ ᠶᠠᠳᠠᠭᠤ ᠬᠦᠴᠢᠷᠳᠡᠯᠲᠡᠶ 370 ᠡᠷᠦᠬᠡ ᠶᠢᠨ 1124 ᠬᠥᠮᠦᠨ ᠢ ᠶᠠᠳᠠᠭᠤ ᠠᠴᠠ ᠠᠩᠭᠢᠵᠢᠷᠠᠭᠤᠯᠤᠨ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠦᠮᠦᠨ ᠠᠮᠠ ᠳᠤ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠳᠦᠷᠦᠯ ᠵᠦᠢᠯ ᠢ ᠨᠠᠶᠢᠳᠠᠪᠤᠷᠢᠵᠢᠭᠤᠯᠵᠦ᠂ 51 ᠡᠷᠦᠬᠡ ᠶᠢᠨ 123 ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠪᠠ᠃ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 2015 ᠣᠨ ᠳᠤ 4461.7 ᠲᠥᠭᠦᠷᠢᠭ ᠪᠠᠶᠢᠭᠰᠠᠨ  ᠠᠴᠠ ᠪᠠᠨ 2020 ᠣᠨ ᠪᠣᠯᠬᠤ ᠳᠤ 22122 ᠲᠥᠭᠦᠷᠢᠭ ᠪᠣᠯᠵᠣ ᠨᠡᠮᠡᠭᠳᠡᠨ᠂ ᠵᠢᠯ ᠳᠤᠮᠳᠠᠴᠢ ᠪᠠᠷ 37.7%  ᠪᠠᠷ ᠨᠡᠮᠡᠭᠳᠡᠪᠡ᠃      ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠨᠤᠲᠤᠭ ᠪᠡᠯᠴᠢᠭᠡᠷ ᠤᠨ ︽ᠬᠠᠪᠤᠷ ᠤᠨ ᠤᠯᠠᠷᠢᠯ ᠤᠨ ᠬᠠᠰᠢᠶᠠᠯᠠᠨ ᠮᠠᠯᠵᠢᠬᠤ᠂  ᠪᠡᠯᠴᠢᠬᠡᠷᠯᠡᠬᠦᠯᠬᠦ ᠶᠢ ᠵᠤᠭᠰᠤᠭᠠᠬᠤ᠂ ᠳᠤᠭᠤᠷᠢᠭ ᠬᠤᠪᠢᠶᠠᠨ ᠰᠡᠯᠬᠦᠨ ᠮᠠᠯᠵᠢᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠡᠶᠢᠲᠡ 5.73 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ 14.9 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 37.9 ᠲᠡᠭᠰᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠣᠷᠴᠢᠨ ᠲᠣᠭᠤᠷᠢᠨ ᠢ ᠵᠠᠰᠠᠵᠤ᠂ 61 ᠲᠡᠭᠰᠢ ᠳᠥᠷᠪᠡᠯᠵᠢᠨ ᠺᠢᠯᠣᠮᠧᠲᠷ ᠪᠠᠭ᠎ᠠ ᠤᠷᠤᠰᠬᠠᠯ ᠤᠨ ᠰᠠᠪᠠ ᠭᠠᠵᠠᠷ ᠢ ᠵᠠᠰᠠᠪᠠ᠃ ᠮᠠᠨ ᠤ ᠬᠤᠰᠢᠭᠤᠨ ᠤ 68.49% ᠶᠢᠨ ᠲᠠᠯᠠᠪᠠᠶ ᠶᠢ ᠠᠩᠬ᠎ᠠ ᠠᠯᠬᠤᠮ ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠳᠤ ᠣᠷᠣᠭᠤᠯᠪᠠ᠃ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ 62% ᠲᠤ ᠬᠦᠷᠪᠡ᠃ ᠠᠭᠠᠷ ᠮᠠᠨᠳᠠᠯ ᠤᠨ ᠶᠠᠰᠤ ᠴᠢᠨᠠᠷ ᠤᠨ 6 ᠵᠦᠶᠯ ᠤᠨ ᠭᠦᠶᠴᠡᠳᠬᠡᠯ ᠲᠤᠭ᠎ᠠ ᠤᠯᠤᠰ ᠤᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠨᠡᠶᠢᠴᠡᠵᠦ᠂ 8 ᠲᠥᠪᠯᠡᠷᠡᠩᠭᠦᠶ ᠮᠠᠶ᠋ᠢᠭ  ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠭᠤᠷᠪᠠᠳᠤᠭᠠᠷ ᠲᠥᠷᠥᠯ ᠠᠴᠠ ᠳᠡᠭᠡᠭᠰᠢ ᠳᠤ ᠬᠦᠷᠭᠡᠪᠡ᠃      ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠮᠡᠳᠡᠭᠡ ᠬᠤᠯᠪᠣᠭ᠎ᠠ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 25 ᠳ᠋ᠦᠩᠰᠢᠭᠤᠷ ᠲᠥᠭᠦᠷᠢᠭ ᠢ ᠳᠠᠪᠠᠪᠠ᠃ ᠬᠤᠸᠠ ᠷᠦᠨ ᠪᠦᠯᠦᠭᠯᠡᠯ ᠤᠨ ᠡᠦ ᠵᠢᠶᠠᠨ ᠹᠠᠩ ᠲᠡᠮᠦᠷ ᠵᠠᠮ ᠤᠨ ᠲᠤᠰᠬᠠᠢ ᠱᠤᠭᠤᠮ᠂ ᠪᠠᠶᠠᠨᠬᠤᠸᠠ ᠵᠡᠭᠦᠨ ᠥᠷᠲᠡᠭᠡ ᠠᠴᠠ ᠰᠠᠶᠢᠨ᠋ᠠᠦ᠋ᠨᠳᠦᠷ ᠬᠦᠷᠬᠦ ᠲᠡᠮᠦᠷ ᠵᠠᠮ ᠵᠡᠷᠭᠡ 2 ᠵᠤᠷᠪᠤᠰ ᠲᠡᠮᠦᠷ ᠵᠠᠮ ᠠᠰᠢᠭᠯᠠᠯᠲᠠ ᠳᠤ ᠣᠷᠣᠵᠤ᠂ ᠲᠡᠮᠦᠷ ᠵᠠᠮ ᠤᠨ ᠡᠵᠡᠩᠨᠡᠯᠲᠡ ᠶᠢᠨ ᠶᠡᠷᠦᠩᠬᠡᠢ ᠤᠷᠲᠤ 543 ᠺᠢᠯᠤᠮᠧᠲᠷ ᠲᠤ ᠬᠦᠷᠪᠡ᠃ 306 ᠤᠯᠤᠰ ᠤᠨ ᠳᠡᠰ ᠤᠨ ᠵᠠᠮ ᠤᠨ ᠳᠠᠰᠢᠭᠤᠷ ᠤᠨ ᠪᠤᠯᠠᠭ ᠠᠴᠠ ᠪᠠᠯᠭᠠᠷᠭᠤᠤᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠡᠷᠭᠡ ᠨᠡᠪᠲᠡᠷᠡᠪᠡ᠃ ᠮᠠᠯᠵᠢᠬᠤ ᠣᠷᠣᠨ ᠳᠤ ᠶᠡᠷᠦᠩᠬᠡᠢ ᠤᠷᠲᠤ ᠨᠢ 872.6 ᠺᠢᠯᠤᠮᠧᠲᠷ ᠤᠨ ᠵᠠᠰᠠᠮᠠᠯ ᠵᠠᠮ ᠵᠠᠰᠠᠵᠦ᠂ 130.9 ᠺᠢᠯᠤᠮᠧᠲᠷ ᠤᠨ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠪᠠ᠃ 737 ᠭᠠᠵᠠᠷ ᠤᠤᠭᠤᠬᠤ ᠤᠰᠤᠨ ᠤ ᠠᠮᠦᠷ ᠳᠦᠪᠰᠢᠨ ᠤ ᠢᠨᠵᠧᠨᠧᠷᠢᠩ ᠢ ᠪᠠᠶᠢᠭᠤᠯᠵᠤ᠂ 1.9 ᠲᠦᠮᠡᠨ ᠬᠥᠮᠦᠨ ᠤ ᠤᠤᠭᠤᠬᠤ ᠤᠰᠤᠨ ᠤ ᠠᠮᠦᠷ ᠳᠦᠪᠰᠢᠨ ᠤ ᠠᠰᠠᠭᠤᠳᠠᠯ ᠢ ᠰᠢᠢᠳᠪᠦᠷᠢᠯᠡᠪᠡ᠃ 1 ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠷᠭᠡᠳᠬᠡᠨ ᠪᠠᠶᠢᠭᠤᠯᠵᠤ᠂ 1253.6 ᠺᠢᠯᠤᠮᠧᠲᠷ ᠴᠠᠬᠢᠯᠭᠠᠨ ᠬᠠᠩᠭᠠᠬᠤ ᠱᠤᠭᠤᠮ ᠢ ᠥᠭᠡᠷᠡᠴᠢᠯᠡᠪᠡ᠃ 93 ᠭᠠᠴᠠᠭᠠᠨ ᠳᠤ ᠨᠡᠶᠢᠳᠡᠮ ᠪᠦᠷᠬᠦᠭᠦᠯᠬᠦ ᠲᠤᠤᠷ ᠰᠦᠯᠵᠢᠶ᠎ᠡ ᠶᠢ ᠴᠦᠮ ᠨᠡᠪᠲᠡᠷᠡᠭᠦᠯᠵᠦ᠂ 64 ᠭᠠᠴᠠᠭᠠᠨ ᠳᠤ 4G ᠰᠦᠯᠵᠢᠶ᠎ᠡ ᠶᠢ ᠪᠦᠷᠬᠦᠭᠦᠯᠪᠡ᠃        ᠬᠤᠲᠠ ᠬᠥᠳᠡᠭᠡ ᠶᠢᠨ ᠳᠦᠷᠢ ᠳᠦᠷᠬᠦ ᠭᠦᠨᠵᠡᠭᠡᠶ ᠬᠤᠪᠢᠷᠠᠯᠲᠠ ᠭᠠᠷᠪᠠ᠃ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠡᠶᠢᠲᠡ 4 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠪᠠ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠪᠠ᠃ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 60.25% ᠳᠤ ᠬᠦᠷᠭᠡᠪᠡ᠃ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠨᠣᠷᠮ᠎ᠠ᠂ ᠤᠰᠤ ᠬᠠᠩᠭᠠᠬᠤ ᠲᠦᠭᠡᠮᠡᠯᠵᠢᠯᠲᠡ ᠶᠢᠨ ᠨᠣᠷᠮ᠎ᠠ᠂ ᠪᠣᠬᠢᠷ ᠤᠰᠤ ᠶᠢ ᠰᠢᠶᠳᠪᠦᠷᠢᠯᠡᠭᠰᠡᠨ ᠨᠣᠷᠮ᠎ᠠ ᠲᠣᠰ ᠲᠣᠰ 38.3%᠂ 99.3% ᠪᠠ 97.4% ᠳᠤ ᠬᠥᠷᠪᠡ᠃ 33.5 ᠲᠦᠮᠡᠨ ᠲᠡᠭᠰᠢ ᠳᠥᠷᠪᠡᠯᠵᠢᠨ ᠮᠧᠲᠷ ᠲᠠᠸᠠᠷ ᠤᠨ ᠣᠷᠣᠨ ᠰᠠᠭᠤᠴᠠ ᠶᠢ ᠰᠢᠨ᠎ᠡ ᠪᠠᠷ ᠪᠠᠷᠢᠵᠦ᠂ 112 ᠬᠠᠭᠤᠴᠢᠨ ᠰᠠᠭᠤᠭᠠᠯᠢ ᠳᠤᠭᠤᠷᠢᠭ ᠤᠨ 137 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠥᠭᠡᠷᠡᠴᠢᠯᠡᠨ ᠰᠢᠨᠡᠳᠬᠡᠵᠦ᠂ 15.73 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠢᠵᠦ᠂ 2689 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠪᠠ᠃ 154 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠠᠶᠢᠵᠢᠷᠠᠭᠤᠯᠵᠦ᠂ 2559 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ᠃      ᠠᠷᠠᠳ ᠤᠨ ᠠᠮᠢᠳᠤᠷᠠᠯ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠦᠢᠯᠡᠰ ᠤᠨ ᠵᠠᠷᠤᠯᠭ᠎ᠠ ᠶᠢ ᠨᠡᠶᠢᠲᠡ 86.39 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 1.45 ᠳᠠᠬᠢᠨ ᠪᠣᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠢ ᠵᠠᠷᠤᠯᠭ᠎ᠠ ᠶᠢᠨ 76.7% ᠶᠢ ᠡᠵᠡᠯᠡᠪᠡ᠃ ᠬᠤᠲᠠ ᠪᠠᠯᠭᠠᠰᠤᠨ ᠤ 8969 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠣᠷᠣᠨ ᠤ ᠬᠤᠲᠠ ᠤᠷᠤᠭᠰᠠᠨ 4071 ᠬᠥᠳᠡᠯᠮᠦᠷᠢ ᠬᠦᠴᠦᠨ ᠳᠤ ᠠᠵᠢᠯ ᠣᠯᠭᠤᠪᠠ᠃ 3.04 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠪᠡᠯᠡ ᠮᠥᠩᠭᠦ᠂ 4.95 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ᠂ 1.5 ᠳ᠋ᠦᠩᠰᠢᠭᠤᠷ ᠲᠥᠭᠦᠷᠢᠭ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠲᠠᠷᠬᠠᠭᠠᠪᠠ᠃ 1 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 15 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠥᠭᠡᠷᠡᠴᠢᠯᠡᠨ ᠪᠠᠶᠢᠭᠤᠯᠵᠦ᠂ 252 ᠪᠠᠭᠰᠢ ᠨᠦᠬᠦᠪᠦᠷᠢᠯᠡᠨ ᠡᠯᠰᠡᠵᠦ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠳᠤ ᠣᠷᠣᠬᠤ ᠨᠣᠷᠮ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠶᠡᠭᠡ ᠳᠡᠭᠡᠳᠦ ᠰᠤᠷᠭᠠᠭᠤᠯᠢ ᠳᠤ ᠣᠷᠣᠬᠤ ᠨᠣᠷᠮ᠎ᠠ᠂ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠳᠠᠪᠰᠢᠬᠤ ᠨᠣᠷᠮ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠤ ᠰᠡᠭᠦᠯᠴᠢ ᠶᠢᠨ ᠦᠶ᠎ᠡ ᠶᠢᠨ ᠬᠢ ᠠᠴᠠ ᠲᠣᠰ ᠲᠣᠰ 6.4%᠂ 2%᠂ 3.3% ᠪᠠ 6.7% ᠪᠠᠷ ᠳᠡᠭᠡᠭᠰᠢᠯᠡᠪᠡ᠃ ᠪᠦᠬᠦ ᠬᠤᠰᠢᠭᠤᠨ ᠤ 7 ᠰᠤᠮᠤ ᠪᠠᠯᠭᠠᠰᠤᠨ ᠤ 93 ᠭᠠᠴᠠᠭ᠎ᠠ᠂ 6 ᠨᠡᠶᠢᠭᠡᠮ ᠲᠣᠭᠤᠷᠢᠭ ᠲᠤ ᠴᠦᠮ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠬᠤᠰᠢᠭᠤ ᠤᠯᠠᠭᠠᠨᠮᠥ᠋ᠴᠢᠷ ᠨᠢ ᠨᠠᠶᠮᠠᠳᠤᠭᠠᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ᠬᠠᠮᠳᠤ ᠨᠢᠭᠡᠴᠡ ᠶᠢᠨ ᠠᠯᠲᠠᠨ ᠮᠧᠳᠡᠯ︾ ᠢ ᠭᠥᠷᠳᠡᠵᠦ ᠂ ︽ᠪᠥᠬᠦ ᠣᠷᠣᠨ ᠤ ᠠᠷᠪᠠᠨ ᠰᠢᠯᠢᠳᠡᠭ ᠤᠯᠠᠭᠠᠨᠮᠥ᠋ᠴᠢᠷ︾ ᠢᠶᠠᠷ ᠦᠨᠡᠯᠡᠭᠳᠡᠪᠡ᠃ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠤᠨ ᠠᠮᠵᠢᠯᠲᠠ ᠨᠢ ᠲᠤᠶᠢᠯ ᠤᠨ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠦᠨ᠂ ᠮᠦᠨᠴᠦ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠦᠨ᠂ ᠮᠦᠨᠴᠦ ᠪᠥᠬᠦ ᠬᠤᠰᠢᠭᠤᠨ ᠤ ᠠᠷᠠᠳ ᠲᠦᠮᠡᠨ ᠤ ᠬᠦᠴᠢᠷ ᠪᠡᠷᠬᠡ ᠶᠢ ᠲᠤᠭᠤᠯᠤᠨ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠥᠬᠦᠳ ᠨᠠᠷ ᠲᠠᠭᠠᠨ ᠴᠢᠩ ᠰᠡᠳᠬᠢᠯ ᠤᠨ ᠪᠠᠶᠠᠷ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ᠂ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢ ᠥᠬᠡᠶ ᠪᠠᠶᠢᠳᠠᠯ ᠣᠷᠣᠰᠢᠵᠤ᠂ ᠠᠵᠤ ᠠᠬᠤᠶ ᠶᠢ ᠰᠡᠷᠭᠦᠭᠡᠬᠦ ᠰᠠᠭᠤᠷᠢ ᠮᠦᠨᠬᠦ ᠠᠨᠠᠢ ᠪᠠᠶᠢᠭᠰᠠᠭᠠᠷ᠃ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠳᠤᠪᠤᠶᠢᠮ᠎ᠠ ᠪᠠᠶᠢᠨ᠎ᠠ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠳᠤ ᠪᠠᠭᠤᠷᠠᠶ ᠭᠤᠭᠴᠤᠭ᠎ᠠ ᠣᠷᠣᠰᠢᠵᠤ᠂ ᠵᠠᠰᠠᠭ ᠤᠨ ᠣᠷᠳᠣᠨ ᠤ ᠦᠶᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠨᠡᠶᠢᠭᠡᠮ ᠤᠨ ᠠᠵᠢᠯ ᠦᠢᠯᠡᠰ ᠠᠷᠠᠳ ᠤᠨ ᠠᠮᠢᠳᠤᠷᠠᠯ ᠤᠨ  ᠬᠡᠪᠴᠢᠶᠡᠨ ᠳᠤ ᠲᠤᠲᠠᠭᠳᠠᠯ ᠣᠷᠣᠰᠢᠵᠤ ᠪᠠᠶᠢᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠨᠡᠯᠢᠶᠡᠳ ᠤᠯᠠᠨ ᠪᠠᠶᠢᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠡᠯᠢᠶᠡᠳ ᠶᠡᠭᠡ ᠳᠠᠷᠤᠯᠲᠠ ᠲᠤᠯᠭᠠᠷᠠᠵᠤ ᠪᠤᠢ᠃ ᠡᠭᠦᠨ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠦᠳᠦᠮᠵᠢᠳᠡᠢ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃      ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ ᠪᠢᠳᠡ ᠰᠢᠨ᠎ᠡ ᠬᠥᠭᠵᠢᠯᠲᠡ ᠶᠢᠨ ᠱᠠᠲᠤ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠰᠢ ᠶᠢᠨ ᠫᠢᠩ ᠶᠡᠷᠤᠩᠬᠡᠢ ᠱᠦᠵᠢ ᠪᠠ ᠨᠠᠮ ᠤᠨ ᠲᠥᠪ ᠬᠤᠷᠢᠶᠠᠨ ᠠᠴᠠ ᠦᠪᠦᠷ ᠮᠣᠩᠭᠤᠯ ᠳᠤ ᠲᠤᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠳᠠ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠰᠢᠯᠢ ᠶᠢᠨ ᠭᠤᠤᠯ ᠠᠶᠢᠮᠠᠭ ᠤᠨ ︽ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠂ ᠠᠷᠠᠳ ᠢ ᠪᠠᠶᠠᠵᠢᠭᠤᠯᠤᠨ ᠠᠶᠢᠮᠠᠭ ᠢᠶᠠᠨ ᠬᠦᠴᠦᠷᠬᠡᠭᠵᠢᠭᠦᠯᠬᠦ︾ ᠬᠠᠷᠠᠯᠲᠠ ᠡᠭᠦᠷᠭᠡ  ᠶᠢ ᠴᠢᠩᠭ᠎ᠠ ᠡᠵᠡᠮᠳᠡᠨ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠪᠠᠷᠠᠭᠤᠨ ᠦᠵᠦᠮᠦᠴᠢᠨ ᠬᠤᠰᠢᠭᠤᠨ ᠤ ᠦᠪᠡᠷᠮᠢᠴᠡ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠤᠷᠢᠳᠠᠪᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃      ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠬᠤᠰᠢᠭᠤ ᠨᠠᠮ  ᠤᠨ ᠬᠤᠷᠢᠶᠠᠨ ᠤ ᠰᠠᠨᠠᠭᠤᠯᠭ᠎ᠠ︾ ᠶᠢ ᠦᠨᠳᠦᠰᠦᠯᠡᠵᠦ᠂ ᠪᠢᠳᠡ ︽ᠪᠠᠷᠠᠭᠤᠨ ᠦᠵᠦᠮᠦᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠶ ᠶᠢᠨ ᠪᠣᠯᠪᠠᠰᠤᠨ᠂ ᠥᠭᠡᠷᠡᠴᠢᠯᠡᠯᠲᠡ ᠨᠡᠭᠡᠭᠡᠯᠲᠡ᠂ ᠨᠡᠶᠢᠭᠡᠮ ᠤᠨ ᠪᠣᠯᠪᠠᠰᠤᠨ᠂ ᠠᠷᠠᠳ ᠤᠨ ᠠᠮᠢᠳᠤᠷᠠᠯ ᠤᠨ ᠵᠣᠯ ᠵᠢᠷᠭᠠᠯ᠂ ᠵᠠᠰᠠᠯᠲᠠ  ᠶᠢᠨ ᠦᠷ᠎ᠡ ᠪᠦᠲᠦᠮᠵᠢ ᠵᠡᠷᠭᠡ ᠵᠢᠷᠭᠤᠭᠠᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠪᠥᠬᠦ ᠠᠭᠤᠯᠭ᠎ᠠ ᠶᠢ ᠶᠡᠭᠡ ᠬᠤᠷᠠᠯ ᠳᠤ ᠬᠢᠨᠠᠨ ᠵᠦᠪᠯᠡᠬᠦᠯᠬᠦ ᠪᠠᠷ ᠳᠡᠪᠰᠢᠭᠦᠯᠪᠡ᠂ ᠠᠳᠡ ᠬᠡᠳᠦᠨ ᠲᠠᠯ᠎ᠠ ᠶᠢ ᠬᠤᠷᠢᠶᠠᠩᠭᠤᠶᠢᠯᠠᠨ ᠳᠤᠷᠠᠳᠤᠶ᠎ᠠ᠃          — — ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠳᠠᠭᠠᠭᠤᠯᠤᠭᠴᠢ ᠬᠤᠰᠢᠭᠤ︾ ᠶᠢ ᠬᠦᠴᠦᠯᠡᠨ ᠪᠠᠶᠢᠭᠤᠯᠤᠨ᠎ᠠ᠃ ᠮᠠᠯ ᠠᠵᠤ ᠠᠬᠤᠢ ᠮᠠᠯᠵᠢᠬᠤ ᠣᠷᠣᠨ ᠤ ᠣᠳᠣᠬᠢᠴᠢᠯᠠᠯᠲᠠ ᠪᠠᠷ ᠰᠢᠪᠲᠤᠯᠤᠯᠲᠠ ᠶᠢᠨ ᠴᠢᠭ ᠪᠣᠯᠭᠠᠵᠤ᠂ ᠠᠵᠤ ᠦᠢᠯᠡᠰ ᠤᠨ ᠠᠭᠤᠰᠤᠯᠴᠠᠯ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠣᠶᠣᠯ ᠤᠨ ᠤᠯᠠᠮᠵᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠡᠵᠡᠩᠨᠡᠯᠲᠡ ᠶᠢᠨ ᠪᠠᠶᠢᠭᠤᠯᠤᠮᠵᠢ ᠶᠢ ᠰᠢᠨᠡᠴᠢᠯᠡᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠲᠠᠯ᠎ᠠ ᠨᠤᠲᠤᠭ ᠤᠨ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠤᠲᠠᠭᠳᠠᠯ ᠢ ᠬᠦᠴᠦᠯᠡᠨ ᠨᠥᠬᠦᠪᠥᠷᠢᠯᠡᠵᠦ᠂ ᠪᠠᠶᠢᠭᠤᠯᠤᠮᠵᠢ ᠲᠣᠭᠲᠠᠴᠠ ᠶᠢ ᠰᠢᠨᠡᠴᠢᠯᠡᠨ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠳᠠᠭᠠᠭᠤᠯᠤᠭᠴᠢ ᠬᠤᠰᠢᠭᠤ ᠶᠢ ᠴᠢᠷᠮᠠᠶᠢᠨ ᠪᠠᠶᠢᠭᠤᠯᠤᠨ᠎ᠠ᠃         — — ︽ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ︾ ᠶᠢ ᠬᠦᠴᠦᠯᠡᠨ ᠪᠠᠶᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠵᠦ᠂ ᠪᠦᠬᠦ ᠤᠷᠤᠨ ᠪᠦᠰᠡ ᠶᠢᠨ ᠵᠢᠭᠤᠯᠴᠢᠯᠠᠯ  ᠤᠨ ᠦᠵᠡᠮᠵᠢ ᠶᠢᠨ ᠣᠷᠣᠨ ᠢ ᠰᠢᠯᠢᠳᠡᠭᠵᠢᠭᠦᠯᠬᠦ᠂ ᠵᠢᠭᠤᠯᠴᠢᠯᠠᠯ ᠤᠨ ᠦᠶᠯᠡᠴᠢᠯᠡᠭᠡ ᠶᠢ ᠢᠵᠢ ᠪᠦᠷᠢᠳᠦᠬᠦᠯᠬᠦ᠂ ᠵᠢᠭᠤᠯᠴᠢᠯᠠᠯ ᠤᠨ ᠵᠠᠰᠠᠯᠲᠠ ᠶᠢ ᠪᠦᠷᠬᠦᠬᠦᠯᠬᠦ᠂ ᠵᠢᠭᠤᠯᠴᠢᠯᠠᠯ ᠤᠨ ᠠᠵᠤ ᠦᠶᠯᠡᠰ ᠢ ᠬᠤᠯᠪᠤᠯᠳᠤᠭᠤᠯᠬᠤ ᠪᠠ ᠵᠢᠭᠤᠯᠴᠢᠯᠠᠯ ᠤᠨ ᠦᠷ᠎ᠡ ᠪᠦᠲᠦᠭᠡᠯ ᠢ ᠪᠥᠬᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ ᠶᠢ ᠠᠬᠢᠭᠤᠯᠤᠨ᠂ ︽ᠲᠠᠯ᠎ᠠ ᠨᠤᠲᠤᠭ ᠤᠨ ᠠᠮᠢ ᠠᠬᠤᠶ + ᠵᠢᠭᠤᠯᠴᠢᠯᠠᠯ︾᠂ ︽ᠨᠡᠭᠦᠳᠡᠯ ᠮᠠᠯᠵᠢᠯ ᠤᠨ ᠰᠣᠶᠣᠯ + ᠵᠢᠭᠤᠯᠴᠢᠯᠠᠯ︾᠂ ︽ᠠᠵᠤ ᠦᠶᠯᠡᠳᠪᠦᠷᠢ ᠶᠢᠨ ᠬᠦᠭᠵᠢᠯᠲᠡ ᠶᠢ ᠳᠤᠭᠤᠷᠢᠨ ᠦᠵᠡᠬᠦ + ᠵᠢᠭᠤᠯᠴᠢᠯᠠᠯ︾᠂  ︽ᠪᠡᠶ᠎ᠡ ᠲᠠᠮᠢᠷ ᠡᠷᠡᠬᠦᠯ ᠮᠡᠨᠳᠤ + ᠵᠢᠭᠤᠯᠴᠢᠯᠠᠯ︾ ᠳᠤ ᠠᠩᠬᠠᠷᠤᠯ ᠢᠶᠠᠨ ᠲᠥᠪᠯᠡᠷᠡᠭᠦᠯᠤᠨ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠳᠤ ᠢᠳᠡᠪᠬᠢᠲᠡᠶ ᠠᠭᠤᠰᠤᠯᠴᠠᠵᠦ᠂ ᠪᠠᠷᠠᠭᠤᠨ ᠦᠵᠦᠮᠦᠴᠢᠨ ᠬᠤᠰᠢᠭᠤᠨ ᠤ 99 ᠺᠢᠯᠣᠮᠧᠲᠷ ᠤᠨ ᠲᠠᠯ᠎ᠠ ᠨᠤᠲᠤᠭ ᠤᠨ ᠨᠡᠭᠦᠳᠡᠯ ᠰᠣᠶᠣᠯ ᠤᠨ ᠦᠵᠡᠮᠵᠢ ᠶᠢᠨ ᠪᠦᠰᠡ ᠶᠢᠨ ᠲᠣᠭᠤᠷᠢᠨ ᠳᠤ ᠦᠵᠦᠮᠦᠴᠢᠨ ᠤ ᠲᠠᠯ᠎ᠠ ᠨᠤᠲᠤᠭ ᠤᠨ ᠦᠪᠡᠷᠮᠢᠴᠡ ᠤᠨᠴᠠᠯᠢᠭ᠂ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ  ᠢ ᠬᠠᠷᠠᠭᠤᠯᠤᠭᠰᠠᠨ ᠵᠢᠭᠤᠯᠴᠢᠯᠠᠯ ᠰᠡᠯᠡᠭᠦᠴᠡᠯ ᠤᠨ ᠠᠮᠠᠷᠠᠯᠲᠠ ᠶᠢᠨ ᠣᠷᠣᠨ ᠢ ᠪᠠᠶᠢᠭᠤᠯᠵᠦ᠂ ᠣᠳᠣ ᠦᠶ᠎ᠡ ᠶᠢᠨ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠤᠨ᠎ᠠ᠃        — — ︽ᠲᠠᠯ᠎ᠠ ᠨᠤᠲᠤᠭ ᠤᠨ ᠪᠣᠬᠢᠷᠲᠤᠯ ᠥᠬᠡᠶ ᠳᠡᠭᠡᠳᠦ ᠲᠡᠰ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ︾ ᠢ ᠪᠠᠶᠢᠭᠤᠯᠤᠨ᠎ᠠ᠃ᠣᠨᠴᠠᠯᠢᠬᠵᠢᠭᠰᠠᠨ᠂ ᠲᠤᠰᠬᠠᠶᠢᠵᠢᠭᠰᠠᠨ᠂ ᠪᠥᠬᠦ ᠠᠵᠤ ᠦᠶᠯᠡᠰ ᠤᠨ ᠬᠡᠯᠬᠢᠶᠡᠵᠢᠭᠰᠡᠨ ᠰᠡᠳᠬᠢᠮᠵᠢ ᠶᠣᠰᠣᠭᠠᠷ᠂ ᠳᠤᠯᠤᠭᠠᠶᠢᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠶᠯᠡᠳᠦᠯ ᠢ ᠪᠠᠳᠠᠷᠠᠭᠤᠯᠤᠨ᠂ ᠦᠵᠦᠮᠦᠴᠢᠨ ᠮᠢᠬᠠᠨ ᠤ ᠬᠤᠨᠢ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠶᠯᠡᠰ ᠤᠨ ᠬᠡᠯᠬᠢᠶᠡᠵᠢᠯ ᠢ ᠭᠤᠤᠯᠳᠠᠯᠭ᠎ᠠ ᠲᠠᠢ ᠪᠠᠶᠢᠭᠤᠯᠵᠦ᠂ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠮᠠᠯ ᠤᠨ ᠶᠠᠰᠤ᠂ ᠲᠤᠲᠤᠷ ᠡᠷᠬᠡᠲᠡᠨ ᠵᠡᠷᠭᠡ ᠳᠠᠭᠠᠯᠲᠠ ᠪᠦᠳᠦᠭᠡᠭᠳᠡᠬᠦᠨ ᠢ ᠶᠡᠷᠦᠩᠬᠡᠶᠢᠯᠡᠨ ᠨᠡᠭᠡᠭᠡᠨ ᠬᠥᠭᠵᠢᠭᠦᠯᠵᠦ᠂ ᠦᠶᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢ ᠨᠢᠭᠡ ᠴᠣᠠᠠᠴᠠᠵᠢᠭᠤᠯᠥᠠᠠᠰᠠᠨ ᠠᠵᠤ ᠦᠶᠯᠡᠰ ᠤᠨ ᠰᠢᠰᠲ᠋ᠧᠮ ᠢ ᠪᠠᠶᠢᠭᠤᠯᠤᠨ᠂ ᠣᠷᠣᠨ ᠪᠦᠰᠡ ᠶᠢᠨ ᠨᠥᠯᠥᠭᠡᠯᠡᠬᠦ ᠬᠦᠴᠦᠨ  ᠲᠠᠢ ᠲᠠᠯ᠎ᠠ ᠨᠤᠲᠤᠭ ᠤᠨ ᠤᠯᠠᠭᠠᠨ ᠢᠳᠡᠭᠡᠨ ᠤ ᠠᠵᠤ ᠦᠶᠯᠡᠰ ᠤᠨ ᠰᠦᠷᠦᠭᠵᠢᠯ ᠢ ᠪᠠᠶᠢᠭᠤᠯᠵᠦ᠂ ︽ᠰᠢᠯᠢ ᠶᠢᠨ ᠭᠤᠤᠯ︾ ᠣᠷᠣᠨ ᠪᠦᠰᠡ ᠶᠢᠨ ᠨᠠᠷᠠᠲᠤ ᠳᠡᠮᠳᠡᠭ ᠲᠤ ᠲᠦᠰᠢᠭᠯᠡᠨ᠂ ︽ᠦᠵᠦᠮᠦᠴᠢᠨ︾ ᠣᠷᠣᠨ ᠨᠤᠲᠤᠭ ᠤᠨ ᠨᠠᠷᠠᠲᠤ ᠳᠡᠮᠳᠡᠭ ᠢ ᠪᠣᠶ ᠪᠣᠯᠭᠠᠵᠤ᠂ ᠲᠠᠯ᠎ᠠ ᠨᠤᠲᠤᠭ ᠤᠨ ᠪᠣᠬᠢᠷᠲᠤᠯ ᠥᠬᠡᠶ ᠳᠡᠭᠡᠳᠦ ᠲᠠᠰ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃       — — ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠴᠠᠬᠢᠯᠭᠠᠨ ᠬᠠᠶᠢᠯᠤᠭᠤᠯᠤᠨ ᠪᠤᠯᠪᠠᠰᠤᠷᠠᠭᠤᠯᠬᠤ ᠴᠡᠪᠡᠷ ᠦᠶᠯᠡᠳᠪᠦᠷᠢᠯᠡᠯ ᠤᠨ ᠰᠠᠭᠤᠷᠢᠨ ᠭᠠᠵᠠᠷ︾ ᠢ ᠬᠦᠴᠦᠯᠡᠨ ᠪᠠᠶᠢᠭᠤᠯᠤᠨ᠎ᠠ᠃ ᠣᠲᠣ ᠶᠢᠨ ᠪᠠᠶᠢᠭ᠎ᠠ ᠠᠵᠤ ᠦᠶᠯᠡᠰ ᠤᠨ ᠰᠠᠭᠤᠷᠢ ᠳᠤ ᠪᠠᠨ ᠲᠦᠰᠢᠭᠯᠡᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠴᠢᠨᠠᠷᠯᠢᠭ ᠬᠥᠭᠵᠢᠭᠦᠯᠬᠦ ᠲᠠᠯ᠎ᠠ ᠳᠤ ᠬᠦᠴᠦ ᠲᠠᠯᠪᠢᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ ᠡᠵᠡᠮᠳᠡᠬᠦ ᠬᠠᠷᠠᠯᠲᠠ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ︽ᠬᠤᠶᠠᠷ ᠡᠵᠡᠮᠳᠡᠯ︾ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠡᠭᠦᠷᠡᠰᠦ — ᠴᠠᠬᠢᠯᠭᠠᠨ — ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ︾ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠵᠦ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ ᠪᠠ ᠠᠭᠤᠷᠬᠠᠶ ᠶᠢᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ︽ᠨᠡᠭᠦᠷᠡᠰᠦ — ᠴᠠᠬᠢᠯᠭᠠᠨ — ᠬᠥᠩᠭᠡᠨᠴᠠᠭᠠᠨ — ᠬᠥᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ︾ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠡᠰ ᠬᠠᠷ᠎ᠠ ᠲᠤᠭᠤᠯᠭ᠎ᠠ ᠴᠠᠶᠢᠷ ᠮᠠᠯᠲᠠᠵᠤ ᠰᠣᠩᠭᠤᠨ ᠬᠠᠶᠢᠯᠤᠭᠤᠯᠬᠤ ᠢᠵᠢ ᠪᠦᠷᠢᠳᠦᠭᠰᠡᠨ ᠠᠵᠤ ᠦᠢᠯᠡᠰ ᠤᠨ ᠬᠥᠭᠵᠢᠯᠲᠡ ᠶᠢ ᠵᠣᠬᠢᠬᠤ ᠬᠡᠮᠵᠢᠶ᠎ᠡ ᠪᠠᠷ ᠬᠥᠲᠥᠯᠥᠨ ᠵᠢᠯᠣᠭᠤᠳᠴᠤ᠂ ᠬᠢᠮᠢ ᠶᠢᠨ ᠠᠵᠤ ᠦᠢᠯᠡᠳᠪᠦᠷᠢ  ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠴᠠᠬᠢᠯᠭᠠᠨ ᠬᠠᠶᠢᠯᠤᠭᠤᠯᠤᠨ ᠡᠳ᠋ᠰᠢᠭᠦᠯᠬᠦ ᠴᠡᠪᠡᠷ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃        — — ︽ᠤᠯᠤᠰ ᠤᠨ ᠴᠡᠪᠡᠷ ᠡᠨᠧᠷᠭᠢ ᠶᠢ ᠭᠠᠳᠠᠭᠰᠢ ᠭᠠᠷᠭᠠᠬᠤ ᠴᠠᠬᠢᠯᠭᠠᠨ ᠤ ᠡᠬᠢ ᠰᠤᠷᠪᠤᠯᠵᠢ  ᠶᠢᠨ ᠰᠠᠭᠤᠷᠢᠨ ᠭᠠᠵᠠᠷ︾ ᠢ ᠬᠦᠴᠦᠯᠡᠨ ᠪᠠᠶᠢᠭᠤᠯᠤᠨ᠎ᠠ᠃ ᠮᠠᠨ ᠤ ᠬᠤᠰᠢᠭᠤ ᠨᠢ ᠤᠯᠤᠰ ᠤᠨ ᠴᠢᠬᠤᠯᠠ ᠨᠡᠭᠦᠷᠡᠰᠦᠨ ᠤ ᠰᠠᠭᠤᠷᠢᠨ ᠭᠠᠵᠠᠷ ᠪᠠ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠨᠢᠭᠡᠨᠲᠡ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠬᠤᠸᠠ ᠷᠦᠨ᠂ ᠵᠢᠩ ᠨᠧᠩ ᠵᠡᠷᠭᠡ ᠴᠠᠬᠢᠯᠭᠠᠨ ᠦᠢᠯᠡᠳᠪᠦᠷᠢ ᠳᠤ ᠰᠠᠭᠤᠷᠢᠯᠠᠨ᠂ ︽ᠰᠢᠯᠢ ᠶᠢᠨ ᠭᠤᠣᠯ ᠠᠶᠢᠮᠠᠭ — ᠱᠠᠨᠳᠦ᠋ᠩ ᠮᠤᠵᠢ᠂ ᠰᠢᠯᠢ ᠶᠢᠨ ᠭᠤᠣᠯ ᠠᠶᠢᠮᠠᠭ — ᠵᠢᠶᠠᠩᠰᠦ ᠮᠤᠵᠢ ᠶᠢᠨ ᠲᠠᠢ ᠵᠧᠦ ᠬᠤᠳᠠ︾ ᠬᠦᠷᠬᠦ ᠬᠤᠶᠠᠷ ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠳᠤ ᠲᠦᠰᠢᠭᠯᠡᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠠᠶᠠᠨᠬᠤᠸᠠ ᠳᠠᠬᠢ ᠴᠠᠬᠢᠯᠭᠠᠨ ᠦᠶᠯᠡᠳᠪᠦᠷᠢ ᠶᠢᠨ 500 ᠺᠢᠯᠣᠸᠠᠲ ᠴᠠᠬᠢᠯᠭᠠᠨ ᠭᠠᠷᠭᠠᠬᠤ ᠢᠨᠵᠧᠨᠧᠷᠢᠩ ᠢ ᠳᠦᠷᠭᠡᠳᠬᠡᠵᠦ᠂ ᠬᠤᠸᠠ ᠳ᠋ᠢᠶᠠᠨ ᠪᠦᠯᠦᠭᠯᠡᠯ ᠤᠨ ᠪᠠᠶᠠᠨᠬᠤᠸᠠ ᠳᠠᠬᠢ ᠬᠤᠶᠠᠳᠤᠭᠠᠷ ᠬᠤᠭᠤᠴᠠᠭᠠᠨ ᠤ ᠴᠠᠬᠢᠯᠭᠠᠨ ᠦᠢᠯᠡᠳᠪᠦᠷᠢ ᠪᠠ ᠳ᠋ᠠ ᠳᠠᠩ ᠪᠦᠯᠦᠭᠯᠡᠯ ᠤᠨ ᠡᠦ ᠵᠢᠶᠠᠨ ᠹᠠᠩ ᠴᠠᠬᠢᠯᠭᠠᠨ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠬᠦᠯᠤᠨ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠤᠨ᠎ᠠ᠃ ᠰᠠᠯᠬᠢ ᠭᠡᠷᠡᠯ ᠢᠯᠴᠢ ᠨᠥᠭᠡᠴᠡᠯᠡᠬᠦ‍ ᠨᠢᠭᠡ ᠶᠢ ᠴᠤᠭᠴᠠᠵᠢᠭᠤᠯᠤᠭᠰᠠᠨ ᠬᠦᠭᠵᠢᠯᠳᠡ ᠶᠢ ᠪᠠᠷᠢᠮᠲᠠᠯᠠᠨ᠂ ᠬᠤᠤᠯᠢᠨᠭᠤᠤᠯ — ᠪᠠᠶᠠᠨᠬᠤᠸᠠ ᠬᠦᠷᠬᠦ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠠᠬᠢᠯᠭᠠᠨ ᠬᠠᠩᠭᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠥᠨᠳᠥᠷ ᠬᠠᠷᠢᠴᠠᠯ ᠪᠦᠬᠦᠢ ᠳᠠᠬᠢᠨ ᠡᠭᠦᠰᠴᠦ ᠪᠣᠯᠬᠤ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠬᠦᠴᠦᠨ ᠢ ᠨᠡᠪᠳᠡᠷᠡᠬᠦᠯᠵᠦ᠂ ᠤᠯᠤᠰ ᠤᠨ ᠴᠡᠪᠡᠷ ᠡᠨᠧᠷᠭᠢ ᠶᠢ ᠭᠠᠳᠠᠭᠰᠢ ᠭᠠᠷᠭᠠᠬᠤ ᠴᠠᠬᠢᠯᠭᠠᠨ ᠤ ᠡᠬᠢ ᠰᠤᠷᠪᠤᠯᠵᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃       — — ︽ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠵᠠᠮ ᠱᠤᠭᠤᠮ︾ ᠢ ᠬᠦᠴᠦᠯᠡᠨ ᠪᠠᠶᠢᠭᠤᠯᠤᠨ᠎ᠠ᠃ ᠤᠯᠤᠰ ᠠᠴᠠ ᠦᠪᠦᠷ ᠮᠣᠩᠭᠤᠯ ᠳᠤ ᠲᠤᠰᠢᠶᠠᠭᠰᠠᠨ ︽ᠣᠷᠣᠰ ᠮᠣᠩᠭᠤᠯ ᠲᠠᠢ ᠨᠡᠪᠲᠡᠷᠡᠯᠴᠡᠭᠰᠡᠨ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ ᠶᠢ ᠪᠦᠲᠦᠭᠡᠨ ᠪᠠᠶᠢᠭᠤᠯᠬᠤ︾ ᠲᠤᠬᠠᠢ ᠴᠠᠭ ᠦᠶ᠎ᠡ ᠶᠢᠨ ᠡᠭᠦᠷᠭᠡ ᠲᠠᠢ ᠨᠢᠭᠲᠠ ᠤᠶᠠᠯᠳᠤᠭᠤᠯᠵᠦ᠂ ︽ᠬᠢᠯᠢ ᠳᠤ ᠨᠡᠪᠲᠡᠷᠡᠨ ᠳᠠᠯᠠᠢ ᠳᠤ ᠬᠦᠷᠬᠦ︾ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠨ᠂ ᠨᠡᠭᠦᠷᠡᠰᠦ ᠶᠢ ᠬᠤᠯᠢᠵᠦ ᠲᠤᠬᠢᠷᠠᠭᠤᠯᠬᠤ᠂ ᠶᠡᠭᠡ ᠬᠡᠮᠵᠢᠶᠡᠨ ᠤ ᠠᠭᠤᠷᠬᠠᠢ  ᠶᠢᠨ ᠪᠦᠲᠦᠭᠡᠭᠳᠡᠬᠦᠨ ᠢ ᠲᠡᠭᠡᠭᠡᠪᠦᠷᠢᠯᠡᠬᠦ ᠪᠠᠷ ᠭᠤᠣᠯ ᠪᠣᠯᠭᠠᠭᠰᠠᠨ ᠪᠠᠶᠠᠨᠬᠤᠸᠠ ᠪᠣᠳᠠᠰ ᠤᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠳᠦᠷᠭᠡᠳᠬᠡᠵᠦ᠂ ᠨᠡᠭᠦᠷᠡᠰᠦᠨ ᠤ ᠭᠦᠢᠯᠭᠡᠭᠡ ᠂ ᠠᠭᠤᠷᠬᠠᠶ ᠶᠢᠨ ᠴᠢᠬᠤᠯᠠ ᠡᠳ᠋ ᠪᠠᠷᠠᠭ᠎ᠠ ᠶᠢᠨ ᠭᠦᠶᠯᠭᠡᠭᠡ᠂ ᠠᠵᠤ ᠦᠢᠯᠡᠳᠪᠦᠷᠢ ᠶᠢᠨ ᠦᠢᠯᠡᠳᠬᠦᠨ ᠤ ᠰᠦᠷᠦᠭᠵᠢᠯ ᠤᠨ ᠪᠠᠷᠠᠭᠠᠨ ᠤ ᠭᠦᠢᠯᠭᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠶᠢ ᠭᠤᠤᠯᠳᠠᠯᠭ᠎ᠠ ᠲᠠᠢ ᠬᠦᠭᠵᠢᠬᠦᠯᠦᠨ᠂ ᠰᠢᠨ᠎ᠡ ᠪᠠᠷ ᠮᠠᠨᠳᠤᠭᠰᠠᠨ ᠡᠵᠡᠩᠨᠡᠯᠲᠡ  ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠦᠭᠵᠢᠬᠦᠯᠵᠦ᠂ ᠵᠡᠭᠦᠨ ᠬᠤᠶᠢᠲᠤ ᠶᠢᠨ ᠠᠵᠤ ᠠᠬᠤᠶ ᠶᠢᠨ ᠳᠤᠭᠤᠷᠢᠭ ᠲᠤ ᠠᠭᠤᠰᠤᠯᠴᠠᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠨᠡᠪᠲᠡᠷᠡᠭᠦᠯᠤᠨ᠂ ᠪᠡᠭᠡᠵᠢᠩ ᠲᠢᠶᠠᠨᠵᠢᠨ ᠾᠧᠪᠧᠶ᠂ ᠪᠦᠸᠧᠬᠠᠶ ᠲᠠᠩᠭᠢᠰ ᠳᠠᠭᠠᠤ ᠠᠵᠤ ᠠᠬᠤᠶ ᠶᠢᠨ ᠣᠷᠣᠨ ᠳᠤ ᠬᠠᠨᠳᠤᠭᠤᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠤ ᠦᠢᠯᠡᠴᠢᠯᠡᠨ᠂ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠵᠠᠮ ᠱᠤᠭᠤᠮ ᠢ ᠨᠡᠪᠳᠡᠷᠡᠬᠦᠯᠦᠨ᠎ᠡ᠃       ᠲᠥᠯᠥᠭᠡᠯᠡᠭᠴᠢᠳ ᠡ᠂ ᠪᠠᠷᠠᠭᠤᠨ ᠦᠵᠦᠮᠦᠴᠢᠨ ᠬᠤᠰᠢᠭᠤ ᠤᠳᠤ ᠨᠢᠭᠡᠨᠲᠡ ᠰᠢᠨ᠎ᠡ ᠨᠢᠭᠡᠨ ᠲᠡᠦᠬᠡ ᠶᠢᠨ ᠭᠠᠷᠤᠭ᠎ᠠ ᠳᠡᠭᠡᠷ᠎ᠡ ᠪᠠᠶᠢᠵᠦ᠂ ᠠᠯᠤᠰ ᠢᠷᠡᠭᠡᠳᠦᠢ ᠪᠠᠨ ᠪᠠᠷᠠᠯᠠᠬᠤᠶ᠎ᠠ ᠪᠢᠳᠡ ᠢᠲᠡᠭᠡᠯ ᠵᠣᠷᠢᠭ ᠲᠡᠭᠦᠯᠳᠡᠷ ᠪᠠᠶᠢᠨ᠎ᠠ᠃ 2035 ᠣᠨ ᠪᠣᠯᠬᠤ ᠳᠤ᠂ ᠮᠠᠨ ᠤ ᠬᠤᠰᠢᠭᠤ ᠨᠢ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠲᠠᠢ ᠬᠠᠮᠲᠤ  ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠤᠯᠤᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠬᠠᠳᠠᠨ ᠪᠠᠲᠤ ᠴᠤᠭᠴᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ  ᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ︕      ᠭᠤᠷᠪᠠ᠂ 2021 ᠣᠨ ᠤ ᠠᠵᠢᠯ ᠤᠨ ᠪᠠᠶᠢᠷᠢᠯᠠᠭᠤᠯᠤᠯᠳᠠ     ᠦᠨᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠬᠢᠯᠡᠯᠲᠡ ᠶᠢᠨ ᠵᠢᠯ᠂ ᠮᠥᠨᠴᠦ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠭᠦ ᠨᠢᠭᠡᠳᠦᠭᠡᠷ ᠵᠢᠯ ᠪᠤᠯᠤᠨ᠎ᠠ᠃ ᠬᠤᠰᠢᠭᠤ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ  ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ  ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠭᠢᠯᠲᠡ ᠶᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠠᠲᠤᠯᠠᠵᠤ᠂ ᠰᠢᠯᠢᠳᠡᠭ ᠠᠮᠵᠢᠯᠳᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃        ᠦᠨᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠤᠷᠴᠢᠮ ᠢᠶᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ ᠢᠶᠠᠷ ᠨᠡᠮᠡᠭᠳᠡᠭᠦᠯᠦᠨ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 6% ᠣᠷᠴᠢᠮ ᠢᠶᠠᠷ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠲᠤᠰᠪᠤᠷᠢ 5% ᠪᠠ 7% ᠤᠷᠴᠢᠮ ᠨᠡᠮᠡᠭᠳᠡᠬᠦᠯᠦᠨ᠎ᠡ᠃ ᠡᠨᠧᠷᠭᠢ ᠶᠢᠨ ᠬᠤᠷᠣᠭᠳᠠᠯ ᠤᠨ ᠨᠡᠮᠡᠭᠳᠡᠯ ᠬᠡᠮᠵᠢᠶ᠎ᠡ ᠶᠢ 5.5 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢᠨ ᠳᠣᠲᠣᠷ᠎ᠠ ᠬᠢᠵᠠᠭᠠᠷᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠯ ᠢ 3.2% ᠢᠶᠠᠷ ᠪᠠᠭᠤᠷᠠᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃       ᠦᠨᠦ ᠵᠢᠯ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄       ︵ᠨᠢᠭᠡ︶ ᠠᠵᠤ ᠠᠬᠤᠢ ᠶᠢᠨ ᠲᠤᠭᠳᠠᠭᠤᠨ ᠨᠡᠮᠡᠭᠳᠡᠯ ᠢ ᠪᠦᠭᠦ ᠭᠦᠴᠦᠨ ᠢᠶᠠᠷ ᠠᠬᠢᠭᠤᠯᠤᠨ᠎ᠠᠭᠤᠣᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠤᠨ᠎ᠠ᠃ ᠦᠨᠦ ᠵᠢᠯ 44 ᠭᠤᠤᠯᠳᠠᠯᠭ᠎ᠠ ᠲᠠᠢ ᠲᠥᠷᠥᠯ ᠵᠦᠢᠯ ᠢ ᠭᠡᠷᠡᠭᠵᠢᠭᠦᠯᠭᠦ ᠪᠠᠷ ᠲᠦᠯᠦᠪᠯᠡᠵᠤ᠂ ᠵᠢᠯ ᠤᠨ ᠲᠤᠳᠤᠷ᠎ᠠ 33.77 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠂ ᠡᠭᠦᠨ ᠳᠤ᠂ 9 ᠲᠥᠷᠥᠯ ᠵᠦᠢᠯ ᠢ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠤᠷᠤᠭᠤᠯᠤᠨ᠎ᠠ᠃ ᠪᠥᠬᠦ ᠠᠶᠢᠮᠠᠭ  ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭᠠᠨ ᠤ ᠲᠣᠬᠢᠶᠠᠯ ᠢ ᠠᠰᠢᠭᠯᠠᠨ᠂ ᠬᠢᠬᠦ ᠪᠠᠷ ᠲᠥᠯᠥᠪᠯᠡᠵᠦ ᠪᠠᠶᠢᠭ᠎ᠠ ᠲᠥᠷᠥᠯ ᠵᠦᠶᠯ ᠤᠨ ᠭᠠᠷ ᠭᠦᠢᠴᠡᠳᠬᠡᠯ ᠢ ᠲᠦᠷᠭᠡᠨ ᠭᠦᠶᠴᠡᠳᠬᠡᠵᠦ᠂ ᠭᠤᠤᠯᠳᠠᠯᠭ᠎ᠠ ᠲᠠᠢ ᠲᠥᠷᠥᠯ ᠵᠦᠶᠯ ᠨᠢ ᠴᠥᠮ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠪᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠲᠡᠢ ᠮᠦᠷᠳᠡᠭᠡᠨ ᠡᠷᠳᠡᠭᠡᠨ ᠠᠵᠢᠯ ᠡᠬᠢᠯᠡᠭᠦᠯᠵᠤ ᠪᠠᠶᠢᠭᠤᠯᠬᠤ ᠶᠢ ᠪᠠᠲᠤᠯᠠᠨ᠎ᠠ᠃ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠲᠠᠲᠠᠬᠤ ᠭᠤᠤᠯᠳᠠᠯᠭ᠎ᠠ ᠲᠠᠢ ᠲᠥᠷᠥᠯ ᠵᠦᠶᠯ ᠳᠤ ᠤᠷᠣᠬᠤ ᠶᠢ ᠡᠷᠡᠮᠡᠯᠵᠡᠯᠡᠨ᠂ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠶᠯᠡᠰ  ᠤᠨ ᠲᠥᠷᠥ ᠶᠢᠨ ᠪᠣᠳᠣᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠨᠢᠭᠡ ᠪᠦᠯᠦᠭ ᠲᠣᠮᠣ ᠲᠥᠷᠥᠯ ᠵᠦᠶᠯ᠂ ᠰᠢᠯᠢᠳᠡᠭ ᠲᠥᠷᠥᠯ ᠵᠦᠶᠯ ᠢ ᠦᠷᠭᠦᠯᠵᠢᠯᠡᠨ ᠲᠥᠯᠥᠪᠵᠢᠭᠦᠯᠵᠦ ᠨᠠᠶᠢᠷᠠᠭᠤᠯᠤᠨ ᠮᠡᠳᠡᠭᠦᠯᠵᠦ᠂ ︽ᠨᠢᠭᠡ ᠪᠦᠯᠦᠭ ᠢ ᠪᠠᠶᠢᠭᠤᠯᠵᠦ᠂ ᠨᠢᠭᠡ ᠪᠦᠯᠦᠭ ᠢ ᠠᠵᠢᠯ ᠡᠬᠢᠯᠡᠭᠦᠯᠦᠨ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠲᠥᠯᠥᠪᠯᠡᠬᠦ︾ ᠱᠠᠲᠤᠯᠢᠭ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠪᠤᠳᠠᠳᠠᠢ ᠬᠡᠷᠡᠭᠴᠡᠭᠡ ᠪᠠᠨ ᠦᠨᠳᠦᠰᠦᠯᠡᠨ᠂ ᠵᠠᠰᠠᠭ  ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠡᠷᠡᠮᠡᠯᠵᠡᠯᠡᠵᠦ᠂ ︽ᠵᠢᠭᠡᠯᠡᠬᠦ᠂ ᠬᠡᠷᠡᠭᠯᠡᠬᠦ᠂ ᠬᠠᠮᠢᠶᠠᠷᠬᠤ᠂ ᠪᠤᠴᠠᠭᠠᠬᠤ︾ ᠵᠡᠷᠭᠡ ᠪᠦᠬᠦ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠴᠢᠩᠭ᠎ᠠ ᠴᠠᠭᠠᠵᠠᠯᠠᠵᠤ᠂ ᠥᠷᠢ ᠦᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠦᠷᠭᠦᠯᠵᠢᠯᠠᠨ ᠴᠢᠩᠭᠠᠳᠬᠠᠵᠤ᠂ ᠪᠦᠭᠦ ᠵᠢᠯ ᠳᠤ 2.54 ᠳ᠋ᠦᠩᠰᠢᠭᠤᠷ ᠲᠦᠭᠦᠷᠢᠭ ᠤᠨ ᠦᠷᠢ ᠶᠢ ᠪᠤᠴᠠᠭᠠᠨ᠎ᠠ᠃ ᠲᠡᠤᠬᠡ ᠶᠢᠨ ᠦᠯᠡᠳᠡᠭᠳᠡᠯ ᠪᠤᠰᠤᠳ ᠥᠷᠢ ᠥᠭᠴᠡᠭᠡ ᠶᠢ ᠢᠯᠭᠠᠨ ᠳᠣᠲᠣᠯᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠰᠢᠶᠳᠪᠦᠷᠢᠯᠡᠬᠦ ᠶᠡᠷᠦᠩᠬᠡᠶ ᠲᠥᠰᠦᠯ ᠭᠠᠷᠭᠠᠬᠤ ᠶᠢᠨ ᠬᠠᠮᠲᠤ ᠥᠷᠢ ᠦᠭᠴᠡᠭᠡ ᠲᠥᠯᠥᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠎ᠠ᠃        ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠬᠤᠯᠪᠤᠭᠳᠠᠯ ᠪᠦᠭᠦᠢ ᠲᠦᠯᠦᠪᠵᠢᠭᠦᠯᠭᠡ ᠶᠤᠰᠤᠭᠠᠷ᠂  ︽ᠨᠢᠭᠡ ᠲᠤᠭᠤᠷᠢᠭ ᠭᠤᠷᠪᠠᠨ ᠭᠦᠷᠢᠶᠠᠯᠠᠩ︾ ᠤᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠤᠨ᠎ᠠ᠃ ᠵᠢᠯ ᠤᠨ ᠲᠤᠳᠤᠷ᠎ᠠ᠂ 1.08 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠪᠠᠯᠭᠠᠷᠭᠤᠤᠯ ᠪᠤᠳᠠᠰ ᠤᠨ ᠭᠦᠢᠯᠭᠡᠭᠡᠨ ᠤ ᠲᠣᠭᠤᠷᠢᠭ ︵ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠲᠤᠭᠤᠷᠢᠭ︶ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠳᠠᠯ ᠦᠢᠯᠡᠰ ᠴᠣᠭᠴᠠᠯᠠᠬᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ︵PPP︶᠂ ᠲᠤᠯᠠᠭᠠᠯᠭ᠎ᠠ ᠬᠠᠩᠭᠠᠬᠤ ᠢᠨᠵᠧᠨᠧᠷᠢᠩ ᠵᠡᠷᠭᠡ ᠲᠥᠷᠥᠯ ᠵᠦᠢᠯ ᠢ ᠪᠡᠶᠡᠯᠡᠭᠦᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠣᠷᠣᠨ ᠵᠠᠢ ᠶᠢ ᠤᠯᠠᠮ ᠨᠢᠭᠡ ᠠᠯᠬᠤᠮ ᠦᠷᠭᠡᠳᠭᠡᠨ᠂ ᠲᠥᠷᠥᠯ ᠵᠦᠢᠯ ᠢ ᠢᠵᠢ ᠪᠦᠷᠢᠳᠦᠭᠦᠯᠬᠦ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ᠃        ᠤᠷᠤᠨ ᠪᠦᠰᠠ ᠶᠢᠨ ᠵᠣᠬᠢᠴᠠᠩᠭᠤᠢ ᠭᠦᠭᠵᠢᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠪᠠᠶ᠋ᠬᠠᠠᠭᠤᠯᠠ ᠨᠢᠰᠬᠡᠯ ᠤᠨ ᠪᠠᠭᠤᠳᠠᠯ ᠵᠢᠴᠢ ᠬᠠᠮᠢᠶ᠎ᠠ ᠪᠦᠬᠦᠢ ᠲᠠᠭᠠᠯᠳᠠ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶ᠋ᠬᠠᠠᠭᠤᠯᠠ ᠠᠴᠠ ᠵᠡᠭᠦᠨ ᠬᠠᠲᠠᠪᠴᠢ ᠬᠦᠷᠬᠦ ᠲᠡᠮᠦᠷ ᠵᠠᠮ ᠤᠨ ᠲᠦᠷᠪᠡᠳᠦᠭᠡᠷ ᠬᠤᠭᠤᠴᠠᠭᠠᠨ ᠤ ᠲᠦᠷᠦᠯ ᠵᠤᠶᠢᠯ ᠢ ᠠᠬᠢᠭᠤᠯᠤᠨ᠂ ᠪᠠᠶᠠᠨᠬᠤᠸᠠ ᠠᠴᠠ ᠵᠡᠭᠦᠨ ᠬᠠᠳᠠᠪᠴᠢ ᠭᠦᠷᠭᠦ ᠲᠡᠮᠤᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠡᠷᠡᠭᠵᠢᠭᠦᠯᠵᠤ᠂ ︽ᠬᠢᠯᠢ ᠳᠤ ᠨᠡᠪᠲᠡᠷᠡᠨ ᠳᠠᠯᠠᠢ ᠳᠤ ᠬᠦᠷᠬᠦ︾ ᠰᠢᠨ᠎ᠡ ᠵᠠᠮ ᠱᠤᠭᠤᠮ ᠢ ᠨᠡᠪᠳᠡᠷᠡᠭᠦᠯᠦᠨ᠂ ᠭᠠᠳᠠᠭᠰᠢ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠶᠠᠨᠬᠤᠸᠠ ᠭᠦᠩᠭᠡᠨᠴᠠᠭᠠᠨ ᠴᠠᠬᠢᠯᠭᠠᠨ ᠤ ᠲᠦᠷᠦᠯ ᠵᠤᠶᠢᠯ ᠤᠨ ᠠᠮᠤᠷ ᠲᠦᠪᠰᠢᠨ ᠪᠤᠬᠢᠷᠳᠤᠯ ᠦᠭᠡᠢ ᠭᠦᠭᠵᠢᠯᠳᠠ ᠶᠢ ᠠᠬᠢᠭᠤᠯᠤᠨ᠂ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ ᠶᠢᠨ ᠦᠪᠡᠷᠳᠡᠭᠡᠨ ᠴᠠᠬᠢᠯᠭᠠᠨ ᠬᠠᠩᠭᠠᠬᠤ ᠦᠢᠯᠡᠳᠪᠦᠷᠢ ᠶᠢ ᠲᠦᠩᠯᠢᠶᠣᠤ ᠶᠢᠨ ᠵᠠᠬᠠᠨᠠᠭᠤᠷ ᠤᠨ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠵᠦ ᠰᠢᠯᠢᠳᠡᠭᠵᠢᠭᠦᠯᠭᠦ ᠵᠢᠱᠢᠶ᠎ᠡ ᠦᠵᠡᠭᠦᠯᠬᠦ ᠢᠨᠵᠧᠨᠧᠷᠢᠩ ᠲᠤ ᠣᠷᠣᠭᠤᠯᠬᠤ ᠶᠢ ᠠᠬᠢᠭᠤᠯᠤᠨ᠎ᠠ᠃       ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠭᠦᠭᠵᠢᠯᠳᠠ ᠶᠢ ᠠᠬᠢᠭᠤᠯᠤᠨ᠎ᠠ᠃ ᠵᠠᠩᠬᠢᠯᠠᠭ᠎ᠠ ᠶᠢᠨ ᠭᠦᠴᠦᠨ ᠵᠤᠶᠢᠯ ᠤᠨ ᠪᠠᠳᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ᠂ ᠭᠠᠵᠠᠷ ᠭᠡᠷᠡᠭᠯᠡᠭᠦ᠂ ᠠᠵᠢᠯᠳᠠᠨ ᠡᠯᠰᠡᠭᠦ᠂ ᠪᠤᠳᠠᠰ ᠤᠨ ᠭᠦᠢᠯᠭᠡᠭᠡ ᠵᠡᠷᠭᠡ ᠪᠤᠳᠠᠳᠤ ᠭᠦᠴᠢᠷᠳᠠᠯ ᠢ ᠰᠠᠶᠢᠳᠤᠷ ᠰᠢᠢᠳᠪᠤᠷᠢᠯᠠᠨ᠎ᠠ᠃ ᠲᠥᠷᠥ  ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠨ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠤᠬᠠᠭᠤᠯᠵᠤ᠂ ᠲᠥᠷᠥ  ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠮᠠᠷᠭᠤᠯᠳᠤᠭᠠᠨ ᠲᠠᠢ ᠲᠠᠩᠰᠨ ᠬᠠᠷ᠎ᠠ ᠶᠢ ᠴᠡᠪᠡᠷᠯᠡᠬᠦ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠠᠬᠢᠭᠤᠯᠤᠨ᠎ᠠ᠃ ᠤᠯᠤᠰ ᠤᠨ ᠬᠤᠯᠪᠤᠭᠳᠠᠯ ᠪᠦᠭᠦᠢ ᠲᠦᠷᠢᠮ ᠤᠨ ᠴᠢᠨᠠᠷᠳᠠᠢ ᠲᠦᠷᠦ  ᠶᠢᠨ ᠪᠤᠳᠤᠯᠭ᠎ᠠ ᠶᠢ ᠦᠷᠭᠦᠯᠵᠢᠯᠡᠨ ᠭᠡᠷᠡᠭᠵᠢᠭᠦᠯᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠰᠦᠶᠳᠬᠡᠯ ᠬᠤᠷᠢᠶᠠᠬᠤ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠳᠤᠷ᠎ᠠ  ᠪᠠᠷ ᠢᠶᠠᠨ ᠰᠦᠶᠳᠬᠡᠯ ᠬᠤᠷᠢᠶᠠᠬᠤ ᠶᠢ ᠡᠷᠡᠰ ᠬᠤᠷᠢᠭᠯᠠᠵᠤ᠂ ᠭᠠᠶᠢᠯᠢ ᠶᠢ ᠬᠠᠰᠤᠵᠤ ᠰᠦᠶᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠠᠰᠢᠭᠯᠠᠨ ᠠᠰᠢᠭ ᠣᠯᠵᠠᠪᠤᠷᠢ ᠣᠯᠬᠤ ᠦᠵᠡᠭᠳᠡᠯ ᠢ ᠡᠷᠡᠰ ᠴᠠᠭᠠᠵᠠᠯᠠᠨ᠎ᠠ᠃       ︵ᠬᠤᠶᠠᠷ︶ ᠠᠵᠤ ᠤᠶᠢᠯᠠᠰ ᠤᠨ ᠭᠡᠯᠪᠡᠷᠢ ᠶᠢ ᠬᠤᠪᠢᠷᠠᠭᠤᠯᠵᠤ ᠲᠡᠰᠵᠢᠭᠦᠯᠭᠦ ᠶᠢ ᠪᠦᠭᠦ ᠭᠦᠴᠦᠨ ᠢᠶᠠᠷ ᠠᠬᠢᠭᠤᠯᠤᠨ᠎ᠠ        ᠤᠳᠤᠬᠢᠴᠢᠯᠠᠭᠰᠠᠨ ᠮᠠᠯ ᠠᠵᠤ ᠠᠬᠤᠢ ᠶᠢᠨ ᠴᠢᠨᠠᠷᠯᠢᠭ ᠪᠦᠭᠡᠳ ᠦᠨᠳᠤᠷ ᠦᠷ᠎ᠡ ᠠᠰᠢᠭᠳᠤ ᠭᠦᠭᠵᠢᠯᠳᠠ  ᠶᠢ ᠠᠬᠢᠭᠤᠯᠤᠨ᠎ᠠ᠃ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠳᠭᠡᠵᠤ᠂ ︽ᠬᠤᠨᠢ ᠶᠢ ᠴᠢᠨᠠᠷᠵᠢᠭᠤᠯᠵᠤ᠂ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ  ᠶᠢ ᠪᠠᠬᠢᠵᠢᠭᠦᠯᠦᠨ᠂ ᠮᠢᠬᠠᠨ ᠤ ᠦᠬᠡᠷ᠂ ᠮᠢᠬᠠᠨ ᠤ ᠬᠤᠨᠢ ᠪᠠ ᠠᠳᠤᠭᠤᠨ ᠤ ᠠᠵᠤ ᠦᠶᠯᠡᠰ ᠢ ᠪᠤᠵᠠᠭᠠᠶᠢᠷᠠᠭᠤᠯᠤᠨ ᠭᠦᠴᠦᠷᠭᠡᠭᠵᠢᠭᠦᠯᠵᠤ᠂ ᠴᠢᠨᠠᠷᠯᠢᠭ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠠ ᠃ ᠬᠤᠰᠢᠭᠤ ᠱᠠᠳᠤᠨ ᠤ ᠰᠢᠯᠢᠳᠡᠭ ᠡᠭᠦᠯᠳᠡᠷ ᠤᠨ ᠮᠠᠯ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ ᠂ ᠪᠣᠳᠠᠲᠤ ᠬᠦᠴᠦᠨ ᠢᠶᠠᠷ ᠴᠢᠩᠭ᠎ᠠ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠺᠣᠮᠫᠠᠨᠢ + ᠰᠠᠭᠤᠷᠢᠨ ᠭᠠᠵᠠᠷ + ᠲᠡᠵᠢᠭᠡᠨ ᠦᠷᠡᠵᠢᠭᠦᠯᠬᠦ ᠡᠷᠦᠬᠡ︾ ᠶᠢᠨ ᠵᠠᠭᠪᠤᠷ ᠢᠶᠠᠷ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠳᠤ ᠵᠣᠬᠢᠴᠠᠭᠰᠠᠨ ᠡᠭᠦᠯᠳᠡᠷ ᠪᠣᠶᠢᠵᠢᠭᠤᠯᠬᠤ᠂ ᠥᠰᠬᠡᠨ ᠦᠷᠡᠵᠢᠭᠦᠯᠬᠦ᠂ ᠡᠭᠦᠯᠳᠡᠷ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠬᠦ ᠵᠡᠷᠭᠡ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠰᠢᠮᠧᠨ᠋ᠲᠷ᠂ ᠱᠠᠷᠦ᠋ᠯᠠᠢ᠂ ᠠᠩᠭᠧᠰ ᠵᠡᠷᠭᠡ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠰᠢᠨ᠎ᠡ ᠡᠭᠦᠯᠳᠡᠷ ᠤᠨ ᠰᠢᠰᠲ᠋ᠧᠮ ᠢ ᠪᠣᠶᠢᠵᠢᠭᠤᠯᠤᠨ᠂ 10.45 ᠲᠦᠮᠡᠨ ᠲᠤᠯᠤᠭᠠᠢ ᠦᠭᠡᠷ  ᠤᠨ ᠡᠭᠦᠯᠳᠡᠷ ᠢ ᠰᠠᠶᠢᠵᠢᠷᠠᠭᠤᠯᠵᠤ᠂ ᠠᠶᠢᠮᠠᠭ ᠤᠨ ᠭᠡᠪᠴᠢᠶᠠᠨ ᠠᠴᠠ ᠰᠢᠯᠢᠳᠡᠭ ᠡᠭᠦᠯᠳᠡᠷ ᠤᠨ ᠦᠭᠡᠷ ᠢ ᠤᠷᠤᠭᠤᠯᠬᠤ ᠠᠵᠢᠯ ᠢ ᠠᠬᠢᠭᠤᠯᠤᠨ᠎ᠠ᠃ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠵᠤ᠂ ᠮᠤᠩᠭᠤᠯ ᠠᠳᠤᠭᠤ  ᠶᠢ ᠬᠠᠮᠠᠭᠠᠯᠠᠨ᠂ 5000 ᠬᠤᠷᠠᠭᠠᠨ ᠬᠤᠴᠠ᠂ 50000 ᠦᠬᠢᠨ ᠲᠦᠯᠦᠭᠡ ᠰᠤᠩᠭᠤᠨ ᠦᠯᠡᠳᠡᠭᠡᠭᠦ ᠪᠠᠷ ᠲᠦᠯᠦᠪᠯᠡᠵᠤ᠂ ᠮᠤᠩᠭᠤᠯ ᠠᠳᠤᠭᠤ ᠶᠢ 4.5 ᠲᠦᠮᠡ ᠶᠢᠨ ᠤᠷᠴᠢᠮ ᠲᠤᠭᠳᠠᠪᠤᠷᠢᠵᠢᠭᠤᠯᠤᠨ᠎ᠠ᠃ 750 ᠲᠦᠮᠡᠨ ᠲᠦᠭᠦᠷᠢᠭ ᠤᠨ ᠪᠡᠯᠡ ᠵᠠᠷᠤᠴᠠᠭᠤᠯᠤᠨ᠂ ᠵᠢᠷ ᠤᠨ ᠭᠤᠤᠯ ᠪᠠᠯᠭᠠᠰᠤ ᠵᠡᠷᠭᠡ 6 ᠰᠤᠮᠤ ᠪᠠᠯᠭᠠᠰᠤᠨ ᠳᠤ ᠲᠡᠵᠢᠭᠡᠯ ᠡᠪᠡᠰᠦ ᠪᠤᠷᠳᠤᠭ᠎ᠠ ᠨᠦᠭᠡᠴᠡᠯᠡᠭᠦ ᠲᠦᠷᠦᠯ ᠵᠤᠶᠢᠯ ᠢ ᠪᠠᠶᠢᠭᠤᠯᠬᠤ ᠪᠠᠷ ᠲᠦᠯᠦᠪᠯᠡᠵᠤ᠂ ᠭᠠᠮᠰᠢᠭ ᠢ ᠡᠰᠡᠷᠭᠦᠴᠡᠭᠦ ᠴᠢᠳᠠᠪᠤᠷᠢ ᠶᠢ ᠨᠡᠮᠡᠭᠳᠡᠭᠦᠯᠦᠨ᠎ᠠ᠃ ᠠᠮᠢᠳᠠᠨ ᠤ ᠬᠢᠵᠢᠭ ᠢ ᠰᠡᠷᠭᠡᠶᠢᠯᠡᠭᠦ ᠠᠵᠢᠯ ᠢ ᠴᠢᠩᠭᠠᠳᠬᠠᠵᠤ᠂ ᠮᠠᠯ ᠠᠵᠤ ᠠᠬᠤᠢ  ᠶᠢᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠤᠨ ᠪᠦᠷᠬᠦᠴᠡ ᠶᠢ ᠨᠡᠮᠡᠭᠳᠡᠬᠦᠯᠦᠨ᠂ 500 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠡᠪᠡᠳᠴᠢᠨ ᠢᠶᠠᠷ ᠦᠭᠦᠭᠰᠡᠨ ᠮᠠᠯ ᠢ ᠪᠤᠬᠢᠷᠳᠤᠯ ᠦᠭᠡᠢ ᠰᠢᠢᠳᠪᠤᠷᠢᠯᠡᠭᠦ ᠤᠶᠢᠯᠠᠳᠪᠤᠷᠢ ᠶᠢ ᠪᠠᠶᠢᠭᠤᠯᠤᠨ᠎ᠠ᠃ ᠴᠠᠭᠠᠨ ᠢᠳᠡᠭᠡᠨ ᠤ ᠦᠢᠯᠡᠰ ᠤᠨ ᠬᠦᠭᠵᠢᠯᠳᠡ ᠶᠢ ᠭᠦᠨᠵᠡᠭᠡᠢ ᠠᠬᠢᠭᠤᠯᠤᠨ᠂ ᠴᠠᠭᠠᠨ ᠢᠳᠡᠭᠡᠨ ᠤ ᠦᠢᠯᠡᠰ ᠳᠤ ᠴᠢᠨᠠᠷ ᠴᠢᠨᠰᠠᠭ᠎ᠠ᠂ ᠦᠷ᠎ᠡ ᠠᠰᠢᠭ ᠢ ᠨᠡᠮᠡᠭᠳᠡᠭᠦᠯᠭᠦ ᠢᠨᠵᠧᠨᠧᠷᠢᠩ ᠢ ᠭᠡᠷᠡᠭᠵᠢᠭᠦᠯᠦᠨ᠎ᠠ᠃        ᠠᠵᠤ ᠤᠶᠢᠯᠠᠳᠪᠤᠷᠢ ᠶᠢᠨ ᠠᠵᠤ ᠠᠬᠤᠢ ᠶᠢᠨ ᠴᠢᠨᠠᠷᠯᠢᠭ ᠭᠦᠭᠵᠢᠯᠳᠠ ᠶᠢ ᠠᠬᠢᠭᠤᠯᠤᠨ᠎ᠠ᠃ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠶ᠂ ᠡᠦ ᠵᠢᠶᠠᠨ ᠹᠠᠩ ᠤᠨ ᠪᠠᠷᠠᠭᠤᠨ ᠨᠢᠭᠡᠳᠦᠭᠡᠷ ᠨᠡᠭᠦᠷᠡᠰᠦᠨ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠬᠦᠷᠡᠩ ᠨᠡᠭᠦᠷᠡᠰᠦᠨ ᠤ ᠭᠠᠷᠤᠯᠲᠠ ᠶᠢ 5145 ᠲᠦᠮᠡᠨ ᠲᠣᠨ ᠳᠤ ᠬᠦᠷᠭᠡᠬᠦ ᠪᠠᠷ ᠲᠦᠯᠦᠪᠯᠡᠵᠤ ᠪᠤᠢ᠃ ᠤᠯᠤᠰ ᠤᠨ ᠴᠠᠬᠢᠯᠭᠠᠨ ᠬᠦᠴᠦᠨ  ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠳᠠᠬᠢ ᠴᠠᠬᠢᠯᠭᠠᠨ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠠᠶᠠᠨᠬᠤᠸᠠ ᠥᠪᠡᠷ ᠤᠨ ᠬᠡᠷᠡᠭᠴᠡᠭᠡ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠬᠤᠸᠠ ᠳ᠋ᠢᠶᠠᠨ ᠪᠦᠯᠦᠭᠯᠡᠯ ᠤᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠠᠷ ᠬᠤᠭᠤᠴᠠᠭ᠎ᠠ᠂ ᠳ᠋ᠠ ᠲᠠᠩ ᠪᠦᠯᠦᠭᠯᠡᠯ ᠤᠨ ᠦ᠋ ᠵᠢᠶᠠᠨ ᠹᠠᠩ ᠴᠠᠬᠢᠯᠭᠠᠨ ᠦᠢᠯᠡᠳᠪᠦᠷᠢ ᠶᠢᠨ ᠪᠡᠯᠡᠳᠬᠡᠯ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠭᠡᠨ᠂ ᠪᠦᠬᠦ ᠵᠢᠯ ᠤᠨ ᠢᠯᠴᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢ 207 ᠳ᠋ᠦᠩᠰᠢᠭᠤᠷ ᠺᠢᠯᠣᠸᠠᠲ ᠴᠠᠭ ᠠᠴᠠ ᠳᠡᠭᠡᠭᠰᠢ ᠳᠤ ᠬᠦᠷᠭᠡᠬᠦ ᠶᠢ ᠪᠠᠲᠤᠯᠠᠨ᠎ᠠ᠃ ᠬᠢᠩᠭᠠᠨ ᠵᠠᠰ ᠴᠠᠶᠢᠷ ᠬᠠᠶᠢᠯᠤᠭᠤᠯᠬᠤ ᠦᠢᠯᠡᠳᠪᠦᠷᠢ᠂ ᠶᠢᠨ ᠰᠢᠨ ᠠᠭᠤᠷᠬᠠᠢ᠂ ᠢᠦᠢ ᠯᠥᠩ ᠠᠭᠤᠷᠬᠠᠢ ᠶᠢᠨ ᠮᠡᠷᠭᠡᠵᠢᠯ ᠢ ᠥᠭᠡᠷᠡᠴᠢᠯᠡᠬᠦ ᠲᠥᠷᠥᠯ ᠵᠦᠢᠯ ᠢ ᠲᠥᠯᠥᠪᠯᠡᠭᠡ ᠶᠣᠰᠣᠭᠠᠷ ᠨᠠᠶᠢᠳᠠᠪᠤᠷᠢᠵᠢᠭᠤᠯᠤᠨ᠂ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ ᠶᠢᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ  ᠶᠢ ᠪᠠᠲᠤᠯᠠᠨ᠎ᠠ᠃ ᠵᠢᠦᠢ ᠪᠣᠣ ᠶᠤᠸᠠᠨ ᠤᠯᠠᠭᠠᠨ ᠢᠳᠡᠭᠡᠨ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠶᠯ ᠢ ᠠᠵᠢᠯ ᠡᠬᠢᠯᠡᠭᠦᠯᠵᠤ᠂ ᠴᠢᠨ ᠯᠢᠦᠶ ᠤᠯᠠᠭᠠᠨ ᠢᠳᠡᠭᠡᠨ ᠡᠳ᠋ᠰᠢᠭᠦᠯᠬᠦ ᠲᠥᠷᠥᠯ ᠵᠦᠶᠯ ︵ᠥᠷᠭᠡᠳᠬᠡᠨ ᠪᠠᠶᠢᠭᠤᠯᠬᠤ︶ ᠤᠨ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠦᠨ᠎ᠠ᠃ ᠰᠢᠨ᠎ᠠ ᠡᠨᠧᠷᠭᠢ ᠪᠤᠯᠤᠨ ᠰᠢᠨ᠎ᠠ ᠮᠡᠷᠭᠡᠵᠢᠯ᠂ ᠠᠮᠢ ᠠᠬᠤᠢ ᠶᠢ ᠰᠡᠷᠭᠦᠭᠡᠭᠦ ᠶᠢ ᠠᠭᠤᠰᠤᠯᠴᠠᠭᠤᠯᠤᠨ ᠭᠦᠭᠵᠢᠭᠦᠯᠵᠤ᠂ ᠦᠢᠯᠡᠳᠪᠦᠷᠢᠯᠡᠯ ᠤᠨ ᠮᠡᠷᠭᠡᠵᠢᠯ ᠢᠶᠠᠷ ᠬᠠᠷᠢᠴᠠᠩᠭᠤᠢ ᠬᠤᠴᠣᠷᠤᠩᠭᠤᠢ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠬᠦᠳᠦᠯᠦᠨ ᠵᠢᠯᠣᠭᠤᠳᠴᠤ᠂ ᠨᠡᠭᠦᠷᠡᠰᠦᠨ ᠤ ᠡᠬᠢ ᠪᠠᠶᠠᠯᠢᠭ ᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠦᠵᠦᠮᠦᠴᠢᠨ ᠤ ᠡᠯᠡᠰᠦᠷᠬᠡᠭ ᠭᠠᠵᠠᠷ᠂ ᠵᠠᠳᠠᠭᠠᠶ ᠠᠭᠤᠷᠬᠠᠶ  ᠶᠢᠨ ᠰᠢᠷᠣᠶ ᠭᠠᠳᠠᠭᠰᠢᠯᠠᠭᠤᠯᠬᠤ ᠲᠠᠯᠠᠪᠤᠷ ᠤᠨ ᠵᠠᠰᠠᠯᠲᠠ ᠶᠢᠨ ᠠᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠬᠡᠷᠡᠯ ᠴᠡᠨᠡᠭ ᠤᠨ ᠲᠥᠷᠥᠯ ᠵᠦᠶᠯ ᠢ ᠲᠥᠯᠥᠪᠵᠢᠭᠦᠯᠵᠦ᠂ ᠳᠠᠬᠢᠨ ᠠᠰᠢᠭᠯᠠᠵᠤ ᠪᠣᠯᠬᠤ ᠡᠨᠧᠷᠭᠢ ᠪᠠ ᠨᠡᠭᠦᠷᠡᠰᠦ ᠪᠠᠷ ᠭᠠᠷᠭᠠᠭᠰᠠᠨ ᠴᠠᠬᠢᠯᠭᠠᠨ ᠢ ᠨᠡᠶᠢᠯᠡᠭᠦᠯᠦᠨ ᠭᠠᠳᠠᠭᠰᠢ ᠭᠠᠷᠭᠠᠬᠤ ᠶᠢ ᠪᠡᠶᠡᠯᠡᠭᠦᠯᠦᠨ᠎ᠠ᠃ ᠨᠡᠭᠦᠷᠡᠰᠦᠨ ᠤ ᠨᠤᠨᠳᠠᠭ ᠢ ᠠᠰᠢᠭᠯᠠᠬᠤ ᠠᠵᠤ ᠤᠶᠢᠯᠠᠰ ᠢ ᠲᠦᠷᠭᠡᠳᠭᠡᠨ ᠭᠦᠭᠵᠢᠭᠦᠯᠵᠤ᠂ ᠨᠡᠭᠦᠷᠡᠰᠦᠨ ᠤ ᠨᠤᠨᠳᠠᠭ᠂ ᠭᠦᠭᠦᠷ ᠦᠭᠡᠶᠢᠳᠡᠭᠦᠯᠦᠭᠰᠡᠨ ᠵᠤᠭᠠᠩ ᠢ ᠬᠤᠪᠢᠷᠠᠭᠤᠯᠤᠨ ᠦᠷᠳᠡᠭ ᠢ ᠨᠡᠮᠡᠭᠳᠡᠭᠦᠯᠭᠦ ᠪᠤᠯᠤᠨ ᠭᠡᠮᠵᠢᠶ᠎ᠠ ᠶᠢ ᠪᠠᠭᠠᠰᠬᠠᠬᠤ ᠪᠤᠳᠠᠳᠠᠢ ᠠᠷᠭ᠎ᠠ ᠠᠪᠴᠠᠯ ᠢ ᠲᠤᠭᠳᠠᠭᠠᠨ ᠨᠡᠶᠢᠳᠠᠯᠠᠵᠤ᠂ ᠲᠦᠷᠦᠯ ᠵᠤᠶᠢᠯ ᠢ ᠲᠦᠯᠦᠪᠯᠡᠭᠦ ᠪᠠ ᠪᠦᠳᠦᠭᠡᠨ ᠪᠠᠶᠢᠭᠤᠯᠬᠤ ᠠᠵᠢᠯ ᠢ ᠰᠠᠶᠢᠳᠤᠷ ᠠᠳᠬᠤᠨ᠂ ᠠᠵᠤ ᠤᠶᠢᠯᠠᠳᠪᠤᠷᠢ ᠶᠢᠨ ᠲᠤᠮᠤ ᠭᠡᠯᠪᠡᠷᠢ ᠶᠢᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠭᠠᠳᠠᠭᠰᠢ ᠵᠦᠭᠡᠭᠡᠪᠤᠷᠢᠯᠡᠭᠦ ᠲᠡᠮᠤᠷ ᠵᠠᠮ ᠢ ᠲᠦᠷᠭᠡᠨ ᠨᠡᠪᠳᠡᠷᠡᠭᠦᠯᠵᠤ᠂ ᠠᠵᠤ ᠤᠶᠢᠯᠠᠳᠪᠤᠷᠢ ᠶᠢᠨ ᠲᠤᠮᠤ ᠭᠡᠯᠪᠡᠷᠢ ᠶᠢᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠤᠨ᠎ᠠ᠃         ᠤᠳᠤᠬᠢᠴᠢᠯᠠᠭᠰᠠᠨ ᠦᠶᠯᠡᠴᠢᠯᠡᠭᠡᠨ ᠤ ᠦᠶᠯᠡᠰ ᠢ ᠲᠦᠷᠭᠡᠨ ᠭᠦᠭᠵᠢᠭᠦᠯᠦᠨ᠎ᠠ᠃ ᠨᠡᠭᠦᠳᠡᠯ ᠰᠤᠶᠤᠯ ᠤᠨ ᠬᠠᠮᠠᠭᠠᠯᠠᠯᠳᠠ ᠶᠢᠨ ᠤᠷᠤᠨ᠂ ᠴᠠᠭᠠᠨ ᠬᠤᠰᠤ ᠶᠢᠨ ᠤᠢ᠂ ᠶᠤᠯᠤ ᠬᠠᠶᠢᠷᠬᠠᠨ ᠦᠵᠡᠮᠵᠢ ᠶᠢᠨ ᠤᠷᠤᠨ ᠢ ᠳᠡᠰᠵᠢᠭᠦᠯᠦᠨ ᠥᠭᠡᠷᠡᠴᠢᠯᠡᠬᠦ ᠢᠨᠵᠧᠨᠧᠷᠢᠩ ᠢ ᠲᠦᠯᠦᠪᠯᠡᠨ ᠬᠡᠷᠡᠭᠵᠢᠭᠦᠯᠵᠦ᠂ ᠱᠠᠤᠳᠤ — ᠮᠤᠩᠭᠤᠯ ᠬᠠᠨ ᠬᠤᠳᠠ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠠᠶᠢᠭᠤᠯᠤᠯᠳᠠ ᠶᠢ ᠠᠵᠢᠯ ᠡᠬᠢᠯᠡᠭᠦᠯᠦᠨ᠂ ᠠᠵᠦ ᠦᠢᠯᠡᠰ ᠤᠨ ᠬᠡᠯᠬᠢᠶ᠎ᠡ ᠢᠵᠢ ᠪᠦᠷᠢᠳᠦᠭᠰᠡᠨ ᠵᠢᠭᠤᠯᠴᠢᠯᠠᠯ ᠢ ᠶᠡᠬᠡᠪᠡᠷ ᠭᠦᠭᠵᠢᠭᠦᠯᠦᠨ᠂  ᠵᠢᠭᠤᠯᠴᠢᠯᠠᠯ ᠢᠶᠠᠷ ᠬᠡᠷᠡᠭᠯᠡᠭᠡ ᠶᠢ ᠳᠠᠶᠢᠴᠢᠯᠠᠬᠤ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠬᠥᠲᠥᠯᠥᠨ ᠵᠢᠯᠣᠭᠤᠳᠴᠤ᠂ ᠰᠦᠯᠵᠢᠶᠡᠨ ᠳᠡᠭᠡᠷᠡᠬᠢ ᠬᠡᠷᠡᠭᠯᠡᠭᠡ ᠪᠠ ᠪᠤᠳᠠᠲᠦ ᠲᠡᠯᠭᠡᠭᠦᠷ ᠤᠨ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠨ᠂ ᠬᠡᠷᠡᠭᠯᠡᠭᠡ ᠶᠢᠨ ᠰᠢᠨ᠎ᠡ ᠵᠠᠭᠪᠤᠷ ᠢ ᠬᠥᠭᠵᠢᠭᠦᠯᠦᠨ᠎ᠡ᠃ ᠤᠯᠠᠮᠵᠢᠯᠠᠯᠲᠤ ᠦᠶᠯᠡᠴᠢᠯᠡᠭᠡᠨ ᠤ ᠠᠵᠢᠯ ᠲᠥᠷᠥᠯ ᠢ ᠳᠡᠰᠵᠢᠭᠦᠯᠵᠦ᠂ ᠡᠯᠧᠺᠲᠷᠤᠨ ᠬᠤᠳᠠᠯᠳᠤᠭ᠎ᠠ ᠶᠢ ᠮᠠᠯᠵᠢᠬᠤ ᠤᠷᠤᠨ ᠭᠦᠳᠡᠭᠡ ᠲᠤᠰᠬᠤᠨ ᠳᠤ ᠤᠷᠤᠭᠤᠯᠬᠤ ᠵᠢᠱᠢᠶ᠎ᠠ ᠦᠵᠡᠭᠦᠯᠭᠦ ᠲᠦᠷᠦᠯ ᠵᠤᠶᠢᠯ ᠢ ᠠᠬᠢᠭᠤᠯᠤᠨ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡ ᠪᠠ ᠲᠦᠷᠭᠡᠨ ᠭᠤᠪᠢᠭᠤᠯᠭ᠎ᠠ ᠶᠢᠨ ᠪᠤᠳᠠᠰ ᠤᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠰᠢᠨ᠎ᠡ ᠡᠵᠡᠩᠨᠡᠯᠲᠡ ᠶᠢᠨ ᠠᠵᠢᠯ ᠲᠥᠷᠥᠯ  ᠢ ᠵᠣᠷᠢᠭᠵᠢᠭᠤᠯᠤᠨ ᠬᠥᠭᠵᠢᠭᠦᠯᠦᠨ᠎ᠡ᠃         ︵ᠭᠤᠷᠪᠠ︶ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠢᠮᠠᠭᠳᠠ ᠳᠡᠷᠢᠬᠦᠨ ᠪᠠᠶᠢᠷᠢᠨ  ᠳᠤ ᠲᠠᠯᠪᠢᠬᠤ ᠶᠢ ᠪᠠᠷᠢᠮᠳᠠᠯᠠᠨ᠎ᠠ           ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠦᠴᠦᠯᠡᠴᠠ ᠪᠠᠨ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ︽ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠭᠲᠠᠭᠠᠯ︾ ᠵᠢᠴᠢ ᠮᠠᠨ ᠤ ᠬᠤᠰᠢᠭᠤᠨ ᠤ ᠬᠤᠯᠪᠤᠭᠳᠠᠯ ᠪᠦᠭᠦᠢ ᠬᠠᠷᠠᠭᠠᠯᠵᠠᠭᠰᠠᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠠᠩᠴᠡᠭᠦᠷᠢ ᠶᠢᠨ ᠲᠦᠷᠦ ᠶᠢᠨ ᠪᠤᠳᠤᠯᠭ᠎ᠠ ᠪᠠ ᠲᠠᠯ᠎ᠠ ᠨᠤᠳᠤᠭ ᠤᠨ ︽ᠬᠠᠪᠤᠷ ᠤᠨ ᠤᠯᠠᠷᠢᠯ ᠤᠨ ᠬᠠᠰᠢᠶᠠᠯᠠᠨ ᠮᠠᠯᠵᠢᠬᠤ᠂ ᠪᠡᠯᠴᠢᠬᠡᠷᠯᠡᠬᠦᠯᠬᠦ ᠶᠢ ᠵᠤᠭᠰᠤᠭᠠᠬᠤ᠂ ᠳᠤᠭᠤᠷᠢᠭ ᠬᠤᠪᠢᠶᠠᠨ ᠰᠡᠯᠬᠦᠨ ᠮᠠᠯᠵᠢᠬᠤ︾ ᠲᠦᠷᠢᠮ ᠢ ᠴᠢᠩᠭ᠎ᠠ ᠭᠡᠷᠡᠭᠵᠢᠭᠦᠯᠦᠨ᠂ ᠰᠢᠨ᠎ᠠ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠨᠦᠭᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠭᠦᠭᠵᠢᠭᠦᠯᠭᠦ ᠤᠳᠤᠷᠢᠳᠤᠮᠵᠢ ᠶᠢ ᠪᠦᠭᠦ ᠲᠠᠯ᠎ᠠ ᠪᠠᠷ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠵᠤ᠂ ᠤᠯᠤᠰ  ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢ ᠲᠤᠭᠳᠠᠭᠠᠨ ᠨᠠᠶᠢᠳᠠᠪᠤᠷᠢᠵᠢᠭᠤᠯᠵᠤ᠂ ︽ᠭᠤᠷᠪᠠᠨ ᠱᠤᠭᠤᠮ᠂ ᠨᠢᠭᠡ ᠲᠠᠩᠰᠠ︾ ᠵᠡᠷᠭᠡ ᠠᠮᠢ ᠠᠬᠤᠢ ᠶᠢᠨ ᠤᠷᠴᠢᠨ ᠲᠤᠭᠤᠷᠢᠨ ᠢ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠭᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠂ ᠭᠤᠤᠯ ᠴᠤᠭᠴᠠ ᠶᠢᠨ ᠴᠢᠳᠠᠪᠬᠢ ᠶᠢᠨ ᠤᠷᠤᠨ ᠲᠤᠭᠳᠠᠭᠠᠯᠳᠠ  ᠳᠤ ᠨᠡᠶᠢᠴᠡᠭᠦ ᠦᠭᠡᠢ ᠨᠡᠭᠡᠭᠡᠨ ᠭᠦᠭᠵᠢᠭᠦᠯᠭᠦ ᠠᠵᠢᠯᠯᠠᠭ᠎ᠠ ᠶᠢ ᠡᠷᠡᠰ ᠬᠤᠷᠢᠭᠯᠠᠨ᠎ᠠ᠃ ᠡᠨᠧᠷᠭᠢ ᠶᠢᠨ ᠬᠤᠷᠤᠭᠳᠠᠯ ᠶᠡᠭᠡᠳᠠᠢ ᠠᠵᠤ ᠤᠶᠢᠯᠠᠰ ᠢ ᠭᠦᠭᠵᠢᠭᠦᠯᠭᠦ ᠶᠢ ᠴᠢᠩᠭ᠎ᠠ ᠴᠠᠭᠠᠵᠠᠯᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠥᠬᠦ ᠲᠠᠯ᠎ᠠ ᠪᠠᠷ ᠭᠡᠷᠡᠭᠵᠢᠭᠦᠯᠦᠨ᠂ ᠪᠦᠭᠦ ᠵᠢᠯ ᠳᠤ ᠡᠨᠧᠷᠭᠢ ᠶᠢᠨ ᠬᠤᠷᠣᠭᠳᠠᠯ ᠤᠨ ᠨᠡᠮᠡᠭᠳᠡᠯ ᠬᠡᠮᠵᠢᠶ᠎ᠡ ᠶᠢ 5.5 ᠲᠦᠮᠡᠨ ᠲᠣᠨ ᠪᠠᠷᠢᠮᠵᠢᠶ᠎ᠠ ᠨᠡᠭᠦᠷᠡᠰᠦ ᠳᠣᠲᠣᠷ᠎ᠠ ᠬᠢᠵᠠᠭᠠᠷᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 3.2% ᠢᠶᠠᠷ ᠪᠠᠭᠤᠷᠠᠭᠤᠯᠬᠤ ᠬᠤᠣᠰ ᠡᠵᠡᠮᠳᠡᠯ ᠤᠨ ᠬᠠᠷᠠᠯᠲᠠ ᠶᠢ ᠪᠡᠶᠡᠯᠡᠬᠦᠯᠦᠨ᠎ᠡ᠃ ᠨᠤᠳᠤᠭ ᠪᠡᠯᠴᠢᠭᠡᠷ ᠤᠢ ᠰᠢᠭᠤᠢ ᠶᠢ ᠬᠠᠮᠠᠭᠠᠯᠠᠬᠤ  ᠬᠠᠤᠯᠢ ᠴᠠᠭᠠᠵᠠ ᠲᠦᠷᠢᠮ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠎ᠠ᠃        ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠶᠢ ᠰᠢᠰᠲ᠋ᠧᠮ ᠲᠠᠢ ᠵᠠᠰᠠᠨ᠎ᠠ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠪᠠ ᠪᠤᠬᠢᠷᠳᠤᠯ ᠦᠭᠡᠢ ᠠᠭᠤᠷᠬᠠᠢ ᠶᠢᠨ ᠤᠷᠤᠨ ᠤ ᠪᠠᠶᠢᠭᠤᠯᠤᠯᠳᠠ ᠶᠢ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠡᠬᠢᠯᠠᠯᠳᠠ ᠶᠢᠨ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠤᠯᠭᠠᠨ ᠠᠳᠬᠤᠵᠤ᠂ 8 ᠵᠠᠳᠠᠭᠠᠶ ᠨᠡᠭᠦᠷᠡᠰᠦᠨ ᠠᠭᠤᠷᠬᠠᠶ ᠪᠠ ᠲᠣᠮᠣ ᠬᠡᠯᠪᠡᠷᠢ ᠶᠢᠨ ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ ᠭᠤᠤᠯᠳᠠᠯᠭ᠎ᠠ ᠪᠤᠯᠭᠠᠨ᠂ ᠡᠯ᠎ᠡ ᠲᠥᠷᠥᠯ ᠤᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ᠂ ᠦᠶᠯᠡᠳᠪᠦᠷᠢ ᠶᠢᠨ ᠲᠣᠭᠤᠷᠢᠭ ᠵᠢᠴᠢ ᠤᠶᠢᠷ᠎ᠠ ᠬᠠᠪᠢ ᠶᠢᠨ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠠᠳᠬᠤᠨ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂  ᠲᠣᠭᠲᠠᠭᠰᠠᠨ ᠬᠤᠭᠤᠴᠠᠭᠠᠨ ᠳᠤ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠳᠤᠯᠠᠨ᠎ᠠ᠃ 1 ᠳ᠋ᠦᠩᠰᠢᠭᠤᠷ ᠲᠥᠭᠦᠷᠢᠭ ᠤᠨ ᠲᠡᠭᠡᠳᠦ ᠱᠠᠳᠤᠨ ᠤ ᠲᠤᠰᠬᠠᠢ ᠲᠦᠷᠦᠯ ᠤᠨ ᠪᠡᠯᠡ ᠮᠥᠩᠭᠦ ᠶᠢ ᠬᠡᠷᠡᠭᠯᠡᠨ᠂ ᠦᠯᠡᠳᠡᠵᠦ ᠪᠠᠶᠢᠭ᠎ᠠ ᠬᠠᠶᠠᠭᠳᠠᠮᠠᠯ ᠨᠦᠬᠡ᠂ ᠪᠠᠷᠢᠯᠭ᠎ᠠ ᠶᠢᠨ ᠮᠠᠲ᠋ᠧᠷᠢᠶᠠᠯ ᠠᠪᠤᠭᠰᠠᠨ ᠭᠠᠵᠠᠷ ᠢ ᠵᠠᠰᠠᠵᠤ᠂ ᠵᠠᠰᠠᠯᠳᠠ ᠶᠢᠨ ᠶᠡᠷᠦᠩᠭᠡᠢ ᠲᠠᠯᠠᠪᠠᠢ ᠶᠢ 17 ᠲᠡᠭᠰᠢ ᠲᠦᠷᠪᠡᠯᠵᠢᠨ ᠮᠧᠲᠷ ᠠᠴᠠ ᠲᠡᠭᠡᠭᠰᠢ ᠳᠤ ᠭᠦᠷᠭᠡᠭᠦ ᠪᠠᠷ ᠲᠦᠯᠦᠪᠯᠡᠵᠤ᠂ ᠪᠦᠬᠦ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠠᠬᠤᠢ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠬᠦ ᠪᠡᠯᠡᠳᠬᠡᠯ ᠠᠵᠢᠯ ᠢ ᠰᠠᠶᠢᠲᠤᠷ ᠬᠢᠨ᠎ᠡ᠃ ᠠᠮᠢ ᠠᠬᠤᠢ ᠶᠢ ᠰᠡᠷᠭᠦᠭᠡᠭᠦ ᠪᠠ ᠪᠠᠶᠢᠭᠤᠯᠬᠤ ᠢᠨᠵᠧᠨᠧᠷᠢᠩ ᠢ ᠰᠠᠶᠢᠳᠤᠷ ᠭᠡᠷᠡᠭᠵᠢᠭᠦᠯᠵᠤ᠂ 5000 ᠮᠤ᠋ ᠠᠭᠤᠯᠠ ︵ᠡᠯᠡᠰᠦ︶ ᠶᠢ ᠪᠢᠳᠡᠭᠦᠮᠵᠢᠯᠡᠨ ᠤᠶᠢᠵᠢᠭᠤᠯᠬᠤ᠂ 4 ᠲᠦᠮᠡᠨ ᠮᠤ᠋ ᠶᠢ ᠲᠤᠤᠷᠯᠠᠨ ᠤᠶᠢᠵᠢᠭᠤᠯᠬᠤ᠂ 25 ᠲᠡᠭᠰᠢ ᠲᠦᠷᠪᠡᠯᠵᠢᠨ ᠺᠢᠯᠤᠮᠧᠲᠷ ᠪᠠᠭ᠎ᠠ ᠤᠷᠤᠰᠬᠠᠯ ᠤᠨ ᠰᠠᠪᠠ ᠭᠠᠵᠠᠷ ᠢ ᠵᠠᠰᠠᠬᠤ ᠶᠢ ᠪᠡᠶᠡᠯᠡᠭᠦᠯᠭᠦ ᠪᠠᠷ ᠲᠦᠯᠦᠪᠯᠡᠵᠤ ᠪᠤᠢ᠃ ᠬᠠᠪᠴᠢᠭᠠᠢ ᠤᠯᠤᠰ ᠤᠨ ᠳᠠᠰ ᠤᠨ ᠡᠯᠡᠰᠦᠨ ᠴᠡᠴᠡᠷᠯᠢᠭ ᠤᠨ ᠨᠠᠷᠢᠨ ᠲᠦᠯᠦᠪᠵᠢᠭᠦᠯᠭᠡ ᠶᠢ ᠨᠠᠶᠢᠷᠠᠭᠤᠯᠵᠤ᠂ ᠰᠢᠨᠵᠢᠯᠡᠭᠦ ᠤᠬᠠᠭᠠᠨᠴᠢ ᠡᠮᠬᠢ ᠴᠡᠭᠴᠡ ᠲᠠᠢ ᠪᠠᠶᠢᠭᠤᠯᠬᠤ ᠪᠡᠯᠡᠳᠭᠡᠯ ᠠᠵᠢᠯ ᠢ ᠰᠠᠶᠢᠳᠤᠷ ᠬᠢᠨ᠎ᠠ᠃       ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠤᠨ᠎ᠠ᠃ ᠴᠢᠭᠯᠡᠯ ᠢᠶᠠᠨ ᠬᠤᠪᠢᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠴᠡᠯᠮᠡᠭ ᠤᠬᠳᠠᠷᠭᠤᠢ᠂ ᠴᠡᠩᠭᠡᠭ ᠤᠰᠤ᠂ ᠦᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠨ᠎ᠡ᠃ ᠠᠭᠠᠷ ᠮᠠᠨᠳᠠᠯ ᠤᠨ ᠶᠠᠰᠤ ᠴᠢᠨᠠᠷ ᠢ ᠲᠡᠭᠡᠭᠰᠢᠯᠡᠭᠦᠯᠭᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠢᠴᠢᠯ ᠮᠦᠭᠦᠯᠢᠭᠳᠦ ᠪᠤᠳᠠᠰ᠂ ᠠᠭᠤᠷᠰᠢᠬᠤ ᠴᠢᠨᠠᠷᠳᠠᠢ ᠤᠷᠭᠠᠨᠢᠭ ᠪᠤᠳᠠᠰ ᠢ ᠶᠡᠷᠦᠩᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠤᠷᠤᠰᠬᠠᠯ ᠤᠨ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠠᠳᠬᠤᠵᠤ᠂ ᠤᠰᠤᠨ ᠰᠤᠷᠪᠤᠯᠵᠢ ᠶᠢᠨ ᠡᠬᠢ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠪᠣᠬᠢᠷ ᠤᠰᠤ ᠰᠢᠶᠳᠪᠦᠷᠢᠯᠡᠬᠦ ᠪᠠ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠢᠨᠠᠨ ᠰᠢᠨᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃        ︵ᠲᠦᠷᠪᠡ︶ ᠭᠦᠳᠡᠭᠡ ᠲᠤᠰᠬᠤᠨ ᠮᠠᠯᠵᠢᠬᠤ ᠤᠷᠤᠨ ᠢ ᠭᠦᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ  ᠪᠠᠷ ᠠᠬᠢᠭᠤᠯᠤᠨ᠎ᠠ          ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠶᠢ ᠰᠢᠪᠲᠤᠯᠬᠤ ᠪᠠ ᠬᠥᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠤᠷᠤᠨ ᠨᠤᠳᠤᠭ ᠤᠨ ᠡᠳ᠋ ᠤᠨ ᠵᠠᠰᠠᠭ ᠠᠴᠠ ᠲᠡᠮᠵᠢᠭᠦ ᠲᠦᠷᠦ ᠶᠢᠨ ᠪᠤᠳᠤᠯᠭ᠎ᠠ ᠶᠢ ᠲᠤᠭᠳᠠᠪᠤᠷᠢᠵᠢᠭᠤᠯᠤᠨ᠂ ᠦᠨᠳᠤᠰᠦᠨ ᠡᠮ ᠡᠮᠨᠡᠯᠭᠡ᠂ ᠰᠤᠷᠭᠠᠨ ᠭᠦᠮᠦᠵᠢᠯ᠂ ᠤᠷᠤᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠭᠤᠤᠯᠳᠠᠯᠭᠠᠳᠠᠢ ᠬᠠᠪᠰᠤᠷᠤᠨ ᠲᠡᠳᠭᠦᠭᠦ ᠲᠦᠷᠦ ᠶᠢᠨ ᠪᠤᠳᠤᠯᠭ᠎ᠠ ᠶᠢ ᠲᠤᠭᠳᠠᠪᠤᠷᠢᠵᠢᠭᠤᠯᠤᠨ᠎ᠠ᠃ ᠲᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠠᠪᠰᠤᠷᠤᠨ ᠲᠡᠳᠬᠦᠬᠦ ᠪᠠ ᠬᠠᠷᠢᠯᠴᠠᠵᠤ ᠦᠢᠯᠡᠴᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠠᠵᠤ ᠤᠶᠢᠯᠠᠰ᠂ ᠠᠵᠢᠯ ᠤᠯᠭᠤᠯᠳᠠ᠂ ᠶᠡᠷᠦᠩᠭᠡᠶᠢᠯᠡᠭᠰᠡᠨ ᠪᠠᠳᠤᠯᠠᠭ᠎ᠠ᠂ ᠢᠲᠡᠭᠡᠯ ᠵᠣᠷᠢᠭ ᠪᠠ ᠤᠶᠤᠨ ᠤᠬᠠᠭᠠᠨ ᠢ ᠲᠡᠳᠬᠦᠬᠦ ᠵᠡᠷᠭᠡ ᠬᠠᠪᠰᠤᠷᠤᠨ ᠲᠡᠳᠭᠦᠭᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠬᠢᠵᠢᠷᠠᠭᠰᠠᠨ ᠭᠦᠮᠦᠨ ᠠᠮᠠ ᠪᠠ ᠲᠤᠤᠷ᠎ᠠ ᠤᠷᠤᠯᠭ᠎ᠠ ᠲᠠᠢ ᠭᠦᠮᠦᠨ ᠠᠮᠠ ᠶᠢᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠦᠨ᠎ᠠ᠃       ᠭᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠡᠬᠢᠯᠡᠨ ᠭᠡᠷᠡᠭᠵᠢᠭᠦᠯᠦᠨ᠎ᠠ᠃ ᠭᠠᠴᠠᠭᠠᠨ ᠤ ᠲᠦᠯᠦᠪᠵᠢᠭᠦᠯᠭᠡ᠂ ᠭᠠᠴᠠᠭ᠎ᠠ ᠶᠢ ᠲᠦᠷᠦᠯ ᠬᠤᠪᠢᠶᠠᠨ ᠪᠠᠶᠢᠷᠢᠰᠢᠭᠤᠯᠬᠤ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ  ᠢ ᠰᠠᠶᠢᠳᠤᠷ ᠬᠢᠵᠤ᠂ ᠲᠥᠪ ᠪᠠᠯᠭᠠᠰᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠦᠨ᠂ ᠰᠤᠮᠤ ᠪᠠᠯᠭᠠᠰᠤ ᠶᠢ ᠮᠠᠯᠴᠢᠨ ᠲᠠᠷᠢᠶᠠᠴᠢᠳ ᠲᠤ ᠦᠢᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠠᠶᠢᠭᠤᠯᠤᠨ᠎ᠠ᠃ ᠮᠠᠯᠵᠢᠬᠤ ᠤᠷᠤᠨ ᠤ ᠰᠠᠭᠤᠷᠢ ᠲᠦᠭᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ᠂ ᠮᠠᠯᠵᠢᠬᠤ ᠤᠷᠤᠨ ᠪᠤᠯᠤᠨ ᠬᠤᠳᠠ ᠪᠠᠯᠭᠠᠰᠤ ᠶᠢ ᠠᠭᠤᠰᠤᠯᠴᠠᠭᠤᠯᠤᠨ ᠭᠦᠭᠵᠢᠭᠦᠯᠦᠨ᠎ᠠ᠃ ᠮᠠᠯᠵᠢᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠵᠤ᠂ 137 ᠬᠤᠳᠳᠤᠭ᠂ 50 ᠤᠰᠤ ᠬᠠᠳᠠᠭᠠᠯᠠᠬᠤ ᠵᠤᠭᠤᠷᠢ ᠪᠠᠶᠢᠭᠤᠯᠬᠤ ᠪᠠᠷ ᠲᠦᠯᠦᠪᠯᠡᠵᠤ ᠪᠤᠢ᠃ ᠮᠠᠯᠵᠢᠬᠤ ᠤᠷᠤᠨ ᠤ ᠤᠶᠢᠯᠠᠳᠪᠤᠷᠢᠯᠠᠯ ᠤᠨ ᠨᠦᠭᠦᠴᠡᠯ ᠢ ᠰᠠᠶᠢᠵᠢᠷᠠᠭᠤᠯᠵᠤ᠂ 2 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠲᠤᠯᠠᠭᠠᠨ ᠫᠧᠩ᠂ 1000 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠡᠪᠡᠰᠤ ᠨᠦᠭᠡᠴᠡᠯᠡᠭᠦ ᠫᠧᠩ ᠢ ᠪᠠᠶᠢᠭᠤᠯᠤᠨ᠎ᠠ᠃ ᠮᠠᠯᠴᠢᠳ ᠤᠨ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠵᠤ᠂ ᠴᠠᠬᠢᠯᠭᠠᠨ ᠭᠦᠴᠦᠨ ᠤ ᠰᠠᠯᠠᠭ᠎ᠠ ᠮᠦᠴᠢᠷ ᠲᠠᠢ ᠬᠠᠷᠢᠯᠴᠠᠨ᠂ 285 ᠡᠷᠦᠭᠡ ᠳᠤ ᠴᠠᠬᠢᠯᠭᠠᠨ ᠨᠡᠪᠳᠡᠷᠡᠭᠦᠯᠭᠦ ᠪᠠᠷ ᠲᠦᠯᠦᠪᠯᠡᠵᠤ ᠪᠤᠢ᠃ ᠮᠠᠯᠵᠢᠬᠤ ᠤᠷᠤᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠢᠨᠠᠭᠤᠤᠯ  ᠠᠴᠠ ᠭᠤᠷᠤᠬᠠᠨ ᠭᠦᠷᠭᠦ᠂ ᠪᠠᠶᠠᠠᠭᠤᠤᠯ ᠠᠴᠠ ᠪᠠᠶᠠᠨᠬᠤᠩᠭᠤᠷ ᠭᠦᠷᠭᠦ ᠵᠡᠷᠭᠡ 5 ᠵᠤᠷᠪᠤᠰ ᠮᠠᠯᠵᠢᠬᠤ ᠤᠷᠤᠨ ᠤ ᠵᠠᠰᠠᠮᠠᠯ ᠵᠠᠮ ᠢ ᠰᠢᠨ᠎ᠠ ᠪᠠᠷ ᠵᠠᠰᠠᠬᠤ ᠪᠤᠶᠤ ᠰᠡᠯᠪᠢᠨ ᠵᠠᠰᠠᠨ᠎ᠠ᠃ ︽ᠤᠶᠤᠨᠴᠢ ᠷᠠᠳᠢᠤ᠋ ᠲᠧᠯᠸᠢᠰ︾ ᠲᠤᠤᠷ ᠰᠦᠯᠵᠢᠶᠡᠨ ᠤ ᠦᠷᠭᠡᠨ ᠪᠦᠰᠠ ᠶᠢ ᠪᠦᠷᠭᠦᠭᠦᠯᠭᠦ ᠪᠤᠯᠤᠨ ᠦᠢᠯᠡᠴᠢᠯᠡᠬᠦ ᠢᠨᠵᠧᠨᠧᠷᠢᠩ ᠢ ᠠᠬᠢᠭᠤᠯᠵᠤ᠂ ᠮᠠᠯᠵᠢᠬᠤ ᠤᠷᠤᠨ ᠤ 4G ᠰᠦᠯᠵᠢᠶᠠᠨ ᠤ ᠪᠦᠷᠭᠦᠴᠠ ᠶᠢᠨ ᠨᠤᠷᠮ᠎ᠠ ᠶᠢ ᠲᠡᠭᠡᠭᠰᠢᠯᠡᠭᠦᠯᠦᠨ᠎ᠠ᠃       ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠤᠨ᠎ᠠ᠃ ᠮᠠᠯᠵᠢᠬᠤ ᠤᠷᠤᠨ ᠤ ᠵᠤᠷᠯᠤᠩ ᠤᠨ ᠦᠭᠡᠷᠡᠴᠢᠯᠠᠯᠳᠠ ᠶᠢ ᠲᠦᠷᠦᠯ ᠬᠤᠪᠢᠶᠠᠨ ᠡᠮᠬᠢ ᠴᠡᠭᠴᠠ ᠲᠠᠢ ᠠᠬᠢᠭᠤᠯᠵᠤ᠂ 1000 ᠡᠷᠦᠭᠡ ᠶᠢᠨ ᠵᠤᠷᠯᠤᠩ ᠢ ᠦᠭᠡᠷᠡᠴᠢᠯᠡᠭᠦ ᠪᠠᠷ ᠲᠦᠯᠦᠪᠯᠡᠵᠤ ᠪᠤᠢ᠃ ᠮᠠᠯᠵᠢᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠵᠦᠭᠡᠭᠡᠪᠤᠷᠢᠯᠠᠨ ᠰᠢᠢᠳᠪᠤᠷᠢᠯᠡᠭᠦ ᠲᠤᠭᠳᠠᠴᠠ ᠶᠢ ᠪᠦᠷᠢᠨᠰᠢᠭᠦᠯᠵᠤ᠂ ᠡᠬᠢ ᠰᠤᠷᠪᠤᠯᠵᠢ ᠶᠢ ᠲᠦᠷᠦᠯ ᠬᠤᠪᠢᠶᠠᠨ ᠭᠡᠮᠵᠢᠶ᠎ᠠ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠰᠢᠢᠳᠪᠤᠷᠢᠯᠡᠨ ᠠᠰᠢᠭᠯᠠᠬᠤ ᠶᠢ ᠠᠬᠢᠭᠤᠯᠤᠨ᠎ᠠ᠃ ᠭᠠᠴᠠᠭ᠎ᠠ ᠲᠤᠰᠬᠤᠨ ᠤ ᠠᠷᠢᠭᠤᠨ ᠴᠡᠪᠡᠷ ᠪᠠ ᠤᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠷᠤᠰᠢᠨ ᠰᠠᠭᠤᠬᠤ ᠳᠤ ᠲᠠᠭᠠᠯᠠᠮᠵᠢᠳᠠᠢ ᠦᠵᠡᠰᠬᠦᠯᠡᠩᠲᠦ ᠰᠠᠶᠢᠬᠠᠨ ᠭᠠᠴᠠᠭ᠎ᠠ ᠪᠠ ᠭᠤᠶᠢᠳᠠ ᠰᠠᠶᠢᠬᠠᠨ ᠭᠡᠷ ᠭᠦᠷᠢᠶ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠦᠨ᠎ᠠ᠃ ᠮᠠᠯᠵᠢᠬᠤ ᠤᠷᠤᠨ  ᠤ ᠤᠷᠤᠰᠢᠨ ᠰᠠᠭᠤᠬᠤ ᠤᠷᠴᠢᠨ ᠲᠤᠭᠤᠷᠢᠨ ᠪᠠ ᠰᠠᠭᠤᠷᠢ ᠲᠦᠭᠦᠭᠡᠷᠦᠮᠵᠢ ᠶᠢ ᠬᠠᠮᠢᠶᠠᠷᠴᠦ ᠬᠠᠮᠠᠭᠠᠯᠠᠬᠤ ᠲᠤᠭᠳᠠᠴᠠ  ᠶᠢ ᠪᠦᠷᠢᠨᠰᠢᠭᠦᠯᠵᠤ᠂ ᠮᠠᠯᠵᠢᠯ ᠤᠨ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃    ︵ᠲᠠᠪᠤ︶ ᠰᠢᠨ᠎ᠠ ᠭᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠤᠨ᠎ᠠ    ᠬᠤᠳᠠ ᠪᠠᠯᠭᠠᠰᠤ ᠶᠢ ᠰᠢᠨᠡᠴᠢᠯᠡᠭᠦ ᠠᠵᠢᠯᠯᠠᠭ᠎ᠠ ᠶᠢ ᠭᠡᠷᠡᠭᠵᠢᠭᠦᠯᠦᠨ᠎ᠠ᠃ ᠪᠠᠯᠭᠠᠷᠭᠤᠤᠯ ᠪᠠᠯᠭᠠᠰᠤ ᠪᠠᠷ ᠭᠤᠣᠯᠳᠠᠯᠭ᠎ᠠ ᠪᠣᠯᠭᠠᠨ᠂ ᠤᠯᠤᠰ ᠤᠨ ᠲᠡᠰ ᠤᠨ ᠴᠡᠴᠡᠷᠯᠢᠭᠵᠢᠭᠰᠡᠨ ᠬᠤᠲᠠ ᠪᠠᠯᠭᠠᠰᠤ ᠶᠢ ᠴᠣᠭᠴᠠᠯᠠᠨ ᠪᠠᠶᠢᠭᠤᠯᠬᠤ  ᠪᠠᠷ ᠭᠠᠷᠳᠠᠴᠠ ᠪᠤᠯᠭᠠᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠪᠠᠯᠭᠠᠷᠭᠤᠤᠯ ᠪᠠᠯᠭᠠᠰᠤᠨ ᠤ ᠠᠮᠢ ᠠᠬᠤᠢ ᠶᠢᠨ ᠤᠷᠤᠰᠢᠨ ᠰᠠᠭᠤᠬᠤ ᠳᠤ ᠲᠣᠬᠢᠷᠠᠮᠵᠢᠲᠠᠢ ᠬᠤᠲᠠ ᠪᠠᠯᠭᠠᠰᠤ ᠶᠢ ᠲᠡᠰᠵᠢᠭᠦᠯᠭᠦ ᠲᠥᠷᠥᠯ ᠵᠦᠢᠯ ︵PPP︶ ᠢ ᠭᠦᠨᠵᠡᠭᠡᠢ ᠠᠬᠢᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠴᠢᠳᠠᠪᠬᠢ ᠪᠠ ᠲᠦᠷᠢ ᠲᠦᠷᠭᠦ ᠶᠢ ᠳᠡᠭᠡᠭᠰᠢᠯᠡᠭᠦᠯᠦᠨ᠎ᠡ᠃ 1.18 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠢᠨᠵᠧᠨᠧᠷᠢᠩ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠢᠨᠵᠧᠨᠧᠷᠢᠩ ᠢ ᠪᠠᠶᠢᠭᠤᠯᠬᠤ ᠪᠠᠷ ᠲᠦᠯᠦᠪᠯᠡᠵᠤ ᠪᠤᠢ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠵᠤ᠂ ᠴᠠᠬᠢᠯᠭᠠᠨ ᠬᠦᠴᠦᠨ ᠤ ᠰᠠᠭᠤᠭᠠᠯᠢ ᠲᠣᠭᠤᠷᠢᠭ ᠵᠡᠷᠭᠡ 13 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠵᠦ ᠪᠠᠶᠢᠨ᠎ᠠ᠃ 770 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠪᠠᠯᠭᠠᠷᠭᠤᠤᠯ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠲᠥᠷᠥᠯ ᠵᠦᠢᠯ ᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ 5G ᠰᠠᠭᠤᠷᠢ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠎ᠠ᠃ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠶᠤᠨᠴᠢ ᠬᠤᠲᠠ ᠶᠢ ᠲᠦᠷᠭᠡᠳᠬᠡᠨ ᠪᠠᠶᠢᠭᠤᠯᠵᠤ᠂ ᠬᠤᠲᠠ ᠪᠠᠯᠭᠠᠰᠤᠨ ᠤ ᠵᠠᠰᠠᠯᠲᠠ ᠶᠢᠨ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠶᠡᠷ ᠤᠰᠤᠳᠤᠯ ᠢ ᠰᠢᠢᠳᠪᠤᠷᠢᠯᠡᠭᠦ ᠴᠢᠳᠠᠪᠬᠢ ᠲᠠᠢ ᠬᠤᠲᠠ ᠶᠢ ᠲᠦᠷᠭᠡᠳᠬᠡᠨ ᠪᠠᠶᠢᠭᠤᠯᠵᠤ᠂ ᠦᠶᠡᠷ ᠢ ᠰᠡᠷᠭᠡᠶᠢᠯᠡᠵᠦ ᠦᠶᠡᠷ ᠤᠰᠤᠲᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠢ ᠭᠡᠷᠡᠭᠵᠢᠭᠦᠯᠦᠨ᠂ ᠬᠤᠲᠠ ᠶᠢᠨ ᠦᠶᠡᠷ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠪᠠᠯᠭᠠᠷᠭᠤᠤᠯ ᠪᠠᠯᠭᠠᠰᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠤᠨᠴᠠ ᠵᠦᠪᠰᠢᠶᠡᠷᠡᠭᠰᠡᠨ ᠡᠵᠡᠩᠨᠡᠯᠳᠠ ᠶᠢᠨ ᠤᠶᠢᠯᠠᠴᠢᠯᠡᠭᠡᠨ ᠤ ᠲᠦᠷᠦᠯ ᠵᠤᠶᠢᠯ ᠢ ᠦᠷᠭᠦᠯᠵᠢᠯᠠᠨ ᠠᠬᠢᠭᠤᠯᠵᠤ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ ᠰᠠᠶᠢᠵᠢᠷᠠᠭᠤᠯᠵᠦ᠂ ᠬᠤᠲᠠ ᠪᠠᠯᠭᠠᠰᠤ  ᠶᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ᠂ ᠠᠮᠢᠵᠢᠷᠠᠯ ᠤᠨ ᠬᠦᠴᠦᠨ ᠢᠶᠠᠷ ᠨᠠᠩ ᠴᠢᠩᠭ᠎ᠠ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠨ᠎ᠠ᠃      ︵ᠵᠢᠷᠭᠤᠭ᠎ᠠ︶ ᠦᠭᠡᠷᠡᠴᠢᠯᠠᠯᠳᠠ ᠬᠢᠵᠤ ᠴᠢᠯᠤᠭᠡᠳᠠᠢ ᠶᠠᠪᠤᠯᠴᠠᠬᠤ ᠶᠢ ᠤᠯᠠᠮ ᠭᠦᠨᠵᠡᠭᠡᠶᠢᠷᠡᠭᠦᠯᠦᠨ᠎ᠠ     ᠠᠷᠠᠯᠵᠢᠶ᠎ᠠ ᠡᠵᠡᠩᠨᠡᠭᠦ ᠤᠷᠴᠢᠨ ᠢ ᠪᠦᠭᠦ ᠭᠦᠴᠦᠨ ᠢᠶᠠᠷ ᠰᠠᠶᠢᠵᠢᠷᠠᠭᠤᠯᠤᠨ᠎ᠠ᠃ ᠪᠦᠭᠦ ᠠᠶᠢᠮᠠᠭ ᠤᠨ ᠠᠷᠠᠯᠵᠢᠶ᠎ᠠ ᠡᠵᠡᠩᠨᠡᠭᠦ ᠤᠷᠴᠢᠨ ᠢ ᠰᠢᠯᠢᠳᠡᠭᠵᠢᠭᠦᠯᠭᠦ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠤᠱᠯᠠᠭᠤᠯᠤᠨ᠂ ᠠᠷᠠᠯᠵᠢᠶ᠎ᠠ ᠡᠵᠡᠩᠨᠡᠭᠦ ᠤᠷᠴᠢᠨ ᠢ ᠰᠢᠯᠢᠳᠡᠭᠵᠢᠭᠦᠯᠭᠦ ᠠᠵᠢᠯ ᠢ ᠦᠨᠡᠨᠬᠦ ᠳᠤᠪᠤᠶᠢᠮ᠎ᠠ ᠪᠠᠶᠢᠷᠢᠨ ᠳᠤ ᠲᠠᠯᠪᠢᠬᠤ ᠶᠢᠨ ᠬᠠᠮᠳᠤ ᠤᠯᠤᠰ ᠲᠦᠷᠦ ᠶᠢᠨ ᠴᠢᠬᠤᠯᠠ ᠡᠭᠦᠷᠭᠡ ᠪᠤᠯᠭᠠᠨ ᠠᠳᠬᠤᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠯᠵᠢᠶ᠎ᠠ ᠡᠵᠡᠩᠨᠡᠭᠦ ᠤᠷᠴᠢᠨ ᠤ ᠲᠤᠰᠬᠠᠢ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠪᠠᠷ ᠲᠣᠬᠢᠶᠠᠯ ᠪᠤᠯᠭᠠᠨ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠵᠠᠬ᠎ᠠ ᠲᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠠᠷᠠᠯᠵᠢᠶ᠎ᠠ ᠡᠵᠡᠩᠨᠡᠭᠦ ᠤᠷᠴᠢᠨ ᠢ ᠡᠭᠦᠳᠦᠨ᠎ᠠ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠪᠠ ᠳᠡᠩᠰᠡᠯᠡᠨ ᠲᠡᠮᠳᠡᠭᠯᠡᠬᠦ ᠵᠦᠶᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ  ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠭᠡᠷᠡᠭᠵᠢᠭᠦᠯᠦᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠷᠭᠦᠭᠦᠯᠦᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠷᠴᠢᠨ ᠳᠤᠭᠤᠷᠢᠨ ᠢ ᠦᠷᠭᠦᠯᠵᠢᠯᠡᠨ ᠰᠢᠯᠢᠳᠡᠭᠵᠢᠬᠦᠯᠵᠦ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠬᠦᠯᠦᠨ᠎ᠡ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃      ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠲᠥᠰᠦᠪ  ᠤᠨ ᠬᠢᠵᠠᠭᠠᠷᠯᠠᠯ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠠ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ ᠬᠦᠴᠦᠨ  ᠤ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠤᠷᠢᠯᠡᠭᠦ ᠠᠵᠢᠯ ᠢ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠬᠦ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠮᠥᠩᠭᠦᠨ ᠭᠦᠶᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ᠂ ᠪᠤᠬᠢᠷᠳᠤᠯ ᠦᠭᠡᠢ ᠠᠵᠤ ᠤᠶᠢᠯᠠᠰ ᠲᠤ ᠭᠡᠷᠡᠭᠯᠡᠭᠦ ᠮᠥᠩᠭᠦᠨ ᠭᠦᠶᠯᠭᠡᠭᠡᠨ ᠢ ᠬᠥᠭᠵᠢᠭᠦᠯᠵᠦ᠂ ᠮᠠᠯᠵᠢᠬᠤ ᠣᠷᠣᠨ ᠤ ᠮᠥᠩᠭᠦᠨ ᠭᠦᠶᠯᠭᠡᠭᠡᠨ ᠤ ᠦᠶᠯᠡᠴᠢᠯᠡᠭᠡᠨ  ᠤ ᠰᠢᠰᠲ᠋ᠧᠮ ᠢ ᠪᠦᠷᠢᠨᠰᠢᠭᠦᠯᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃    ᠭᠤᠤᠯᠳᠠᠯᠭ᠎ᠠ ᠲᠠᠢ ᠭᠦᠷᠢᠶ᠎ᠠ ᠭᠡᠪᠴᠢᠶᠠᠨ ᠤ ᠦᠭᠡᠷᠡᠴᠢᠯᠠᠯᠳᠠ ᠶᠢ ᠦᠷᠭᠦᠯᠵᠢᠯᠠᠨ ᠭᠦᠨᠵᠡᠭᠡᠶᠢᠷᠡᠭᠦᠯᠦᠨ᠎ᠠ᠃ ᠮᠠᠯᠵᠢᠬᠤ ᠤᠷᠤᠨ ᠤ ᠬᠠᠮᠳᠤ ᠶᠢᠨ ᠦᠮᠴᠢᠯᠠᠯ ᠤᠨ ᠡᠷᠭᠡ ᠶᠢᠨ ᠦᠭᠡᠷᠡᠴᠢᠯᠠᠯᠳᠠ ᠶᠢᠨ ᠱᠠᠳᠤᠴᠢ ᠴᠢᠨᠠᠷᠳᠠᠢ ᠡᠭᠦᠷᠭᠡ  ᠶᠢ ᠪᠡᠶᠡᠯᠡᠭᠦᠯᠵᠤ᠂ ᠨᠤᠳᠤᠭ ᠪᠡᠯᠴᠢᠭᠡᠷ ᠤᠨ ᠡᠵᠡᠩᠨᠡᠯᠳᠠ ᠶᠢᠨ ᠡᠷᠭᠡ ᠶᠢ ᠰᠢᠯᠵᠢᠭᠦᠯᠦᠨ ᠭᠡᠷᠡᠭᠯᠡᠭᠦ ᠤᠶᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠠ᠃ ᠬᠠᠮᠳᠤ ᠶᠢᠨ ᠠᠵᠤ ᠠᠬᠤᠢ ᠶᠢ ᠭᠦᠭᠵᠢᠭᠦᠯᠦᠨ ᠪᠤᠵᠠᠭᠠᠶᠢᠷᠠᠭᠤᠯᠵᠤ᠂ ᠰᠢᠨ᠎ᠠ ᠭᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠠ ᠶᠢᠨ ᠭᠤᠤᠯ ᠴᠤᠭᠴᠠ ᠪᠠ ᠤᠶᠢᠯᠡᠴᠢᠯᠡᠭᠡᠨ ᠤ ᠭᠤᠤᠯ ᠴᠤᠭᠴᠠ  ᠶᠢ ᠪᠤᠶᠢᠵᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠨᠢᠬᠳᠠ ᠠᠩᠬᠠᠷᠴᠦ᠂ ᠠᠵᠤ ᠦᠢᠯᠡᠰ  ᠤᠨ ᠰᠢᠯᠵᠢᠯᠲᠡ ᠶᠢᠨ ᠠᠵᠠ ᠲᠣᠬᠢᠶᠠᠯ ᠢ ᠰᠠᠶᠢᠳᠤᠷ ᠠᠳᠬᠤᠨ᠂ ᠭᠡᠷ᠎ᠡ ᠲᠣᠭᠲᠠᠨ ᠠᠷᠠᠯᠵᠢᠶᠠᠴᠢᠨ ᠤᠷᠢᠬᠤ ᠺᠣᠮᠫᠠᠨᠢ  ᠶᠢᠨ ᠦᠢᠯᠡᠳᠦᠯ ᠢ ᠪᠠᠳᠠᠷᠠᠭᠤᠯᠵᠤ᠂ ᠭᠦᠩᠭᠡᠨᠴᠠᠭᠠᠨ ᠢ ᠨᠠᠷᠢᠯᠢᠭ ᠡᠳ᠋ᠰᠢᠭᠦᠯᠭᠦ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠵᠤ ᠦᠢᠯᠡᠰ ᠤᠨ ᠬᠡᠯᠬᠢᠶᠡᠰᠦ ᠪᠠᠷ ᠠᠷᠠᠯᠵᠢᠶᠠᠴᠢᠨ ᠤᠷᠢᠬᠤ ᠶᠢ ᠠᠬᠢᠭᠤᠯᠤᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃      ︵ᠲᠤᠯᠤᠭ᠎ᠠ︶ ᠠᠷᠠᠳ ᠤᠨ ᠦᠨᠳᠤᠰᠤᠨ ᠠᠮᠢᠳᠤᠷᠠᠯ ᠢ ᠦᠨᠡᠨᠬᠦ ᠪᠠᠳᠤᠯᠠᠨ᠎ᠠ     ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠳᠦᠷᠦ ᠶᠢᠨ ᠪᠤᠳᠤᠯᠭ᠎ᠠ ᠶᠢ ᠴᠢᠩᠭᠠᠳᠬᠠᠨ᠎ᠠ᠃ ᠬᠤᠲᠠ ᠪᠠᠯᠭᠠᠰᠤᠨ ᠤ ᠰᠤᠯᠠ ᠠᠵᠢᠯ ᠬᠢᠭᠰᠡᠳ ᠤᠨ ᠠᠵᠢᠯ ᠤᠯᠬᠤ ᠠᠰᠠᠭᠤᠳᠠᠯ ᠢ ᠦᠷᠭᠦᠯᠵᠢᠯᠡᠨ ᠠᠩᠬᠠᠷᠴᠤ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠵᠢᠴᠢ ᠠᠵᠢᠯ ᠲᠦᠷᠦᠯ ᠡᠷᠬᠢᠯᠡᠭᠴᠢᠳ ᠤᠨ ᠠᠵᠢᠯ ᠣᠯᠭᠤᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠦᠴᠢᠷᠳᠡᠯ ᠢ ᠰᠢᠶᠳᠪᠦᠷᠢᠯᠡᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠤᠯᠬᠤ ᠪᠠ ᠠᠳᠠᠯ ᠦᠢᠯᠡᠰ ᠪᠤᠰᠬᠠᠬᠤ ᠶᠢ ᠠᠬᠢᠭᠤᠯᠬᠤ᠂ ᠠᠵᠢᠯ ᠤᠯᠬᠤ ᠳᠤ ᠬᠦᠴᠢᠷᠲᠡᠢ ᠬᠥᠮᠦᠰ ᠢ ᠨᠠᠷᠢᠯᠢᠭ ᠤᠨᠤᠪᠴᠢᠳᠠᠢ  ᠪᠠᠷ ᠬᠠᠪᠰᠤᠷᠤᠨ ᠲᠡᠳᠬᠦᠬᠦ᠂ ᠬᠤᠳᠠ ᠤᠷᠤᠭᠰᠠᠨ ᠮᠠᠯᠴᠢᠨ ᠲᠠᠷᠢᠶᠠᠴᠢᠨ ᠳᠤ ᠠᠵᠢᠯ ᠣᠯᠭᠤᠬᠤ ᠦᠢᠯᠡᠴᠢᠯᠡᠭᠡ ᠬᠠᠩᠭᠠᠬᠤ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠤᠯᠬᠤ ᠶᠢ ᠬᠠᠪᠰᠤᠷᠤᠨ ᠲᠡᠳᠬᠦᠬᠦ ᠵᠡᠷᠭᠡ ᠲᠤᠰᠬᠠᠢ ᠠᠵᠢᠯᠯᠠᠭ᠎ᠠ ᠶᠢ ᠲᠦᠷᠦᠯ ᠬᠤᠪᠢᠶᠠᠨ ᠰᠠᠶᠢᠲᠤᠷ ᠬᠡᠷᠡᠭᠵᠢᠭᠦᠯᠵᠦ᠂ ᠭᠤᠣᠯᠳᠠᠯᠭ᠎ᠠ ᠲᠠᠢ ᠤᠯᠠᠨ ᠲᠦᠮᠡᠨ ᠤ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠭᠦᠯᠭᠦ ᠠᠵᠢᠯᠯᠠᠭ᠎ᠠ  ᠶᠢ ᠭᠡᠷᠡᠭᠵᠢᠭᠦᠯᠵᠤ᠂ ᠠᠵᠢᠯ ᠠᠯᠳᠠᠬᠤ ᠶᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ ᠲᠤᠭᠳᠠᠴᠠ ᠶᠢ ᠲᠡᠭᠦᠯᠳᠡᠷᠵᠢᠭᠦᠯᠦᠨ᠂ ᠠᠵᠢᠯ ᠠᠯᠳᠠᠬᠤ ᠲᠦᠭᠰᠢᠭᠦᠷᠢ ᠶᠢ ᠪᠦᠳᠦᠮᠵᠢᠳᠠᠢ ᠠᠷᠭᠠᠴᠠᠭᠠᠨ᠎ᠠ᠃   ᠦᠨᠳᠦᠰᠦᠨ ᠪᠠᠳᠤᠯᠠᠭ᠎ᠠ ᠶᠢᠨ ᠴᠢᠳᠠᠪᠤᠷᠢ ᠶᠢ ᠪᠠᠬᠢᠵᠢᠭᠦᠯᠦᠨ᠎ᠠ᠃ ᠨᠡᠶᠢᠭᠡᠮ ᠤᠨ ᠲᠠᠭᠠᠳᠬᠠᠯ ᠢ ᠪᠦᠷᠭᠦᠭᠦᠯᠭᠦ ᠠᠵᠢᠯ ᠢ ᠦᠷᠭᠦᠯᠵᠢᠯᠠᠨ ᠦᠷᠭᠡᠳᠭᠡᠵᠤ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠮᠵᠢ᠂ ᠨᠡᠶᠢᠭᠡᠮ  ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠵᠣᠬᠢᠰᠲᠠᠶ ᠲᠡᠭᠦᠯᠳᠡᠷᠵᠢᠭᠦᠯᠦᠨ᠂ ᠠᠮᠢᠳᠤᠷᠠᠯ ᠭᠦᠴᠢᠷᠳᠠᠯᠳᠠᠢ ᠠᠵᠢᠯ ᠠᠯᠳᠠᠭᠰᠠᠳ ᠵᠢᠴᠢ ᠳᠡᠲᠡᠨ ᠤ ᠭᠡᠷ ᠪᠦᠯᠢ ᠶᠢ ᠲᠠᠷᠤᠶᠢᠬᠠᠨ ᠠᠮᠢᠳᠤᠷᠠᠯ ᠤᠨ ᠨᠠᠭᠠᠳᠤ ᠵᠠᠬ᠎ᠠ  ᠶᠢᠨ ᠪᠠᠳᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠮᠵᠢ ᠵᠡᠷᠭᠡ ᠭᠦᠷᠢᠶ᠎ᠠ ᠭᠡᠪᠴᠢᠶᠠᠨ ᠳᠤ ᠤᠷᠤᠭᠤᠯᠤᠨ᠎ᠠ᠃ ᠭᠦᠨᠳᠤ ᠡᠪᠡᠳᠴᠢᠳᠠᠨ ᠤ ᠡᠮᠨᠡᠯᠭᠡ ᠶᠢᠨ ᠲᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠤ᠂ ᠤᠨᠳᠤᠤ ᠭᠠᠵᠠᠷ ᠡᠮᠨᠡᠭᠦᠯᠭᠦ ᠳᠤ ᠰᠢᠭᠤᠳ ᠴᠠᠶᠢᠷᠠᠭᠤᠯᠬᠤ ᠶᠢ ᠨᠠᠶᠢᠳᠠᠪᠤᠷᠢᠵᠢᠭᠤᠯᠤᠨ᠎ᠠ᠃ ᠬᠥᠮᠦᠨ ᠠᠮᠠ ᠶᠢᠨ ᠨᠠᠰᠤᠵᠢᠯ ᠤᠨ ᠠᠰᠠᠭᠤᠳᠠᠯ ᠢ ᠢᠳᠡᠪᠬᠢᠲᠡᠢ ᠠᠷᠭᠠᠴᠠᠭᠠᠵᠤ᠂ ᠨᠠᠰᠤᠲᠠᠨ ᠢ ᠠᠰᠠᠷᠠᠬᠤ ᠬᠡᠦᠬᠡᠳ ᠬᠠᠷᠠᠬᠤ ᠤᠶᠢᠯᠡᠴᠢᠯᠡᠭᠡ ᠶᠢ ᠭᠦᠭᠵᠢᠭᠦᠯᠵᠤ᠂ ᠰᠢᠨ᠎ᠡ ᠪᠠᠷ ᠪᠠᠶᠢᠭᠤᠯᠬᠤ ᠨᠠᠰᠤᠳᠠᠨ ᠤ ᠠᠰᠠᠷᠠᠮᠵᠢ ᠶᠢᠨ ᠬᠦᠷᠢᠶᠡᠯᠡᠩ ᠤᠨ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃   ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠳᠤᠪᠤᠶᠢᠯᠭᠠᠨ ᠠᠳᠬᠤᠨ᠎ᠠ᠃ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠠᠶᠢᠳᠠᠮ ᠭᠡᠷᠡᠭᠯᠡᠭᠦ ᠦᠭᠡ ᠭᠡᠯᠡ ᠦᠰᠦᠭ ᠪᠢᠴᠢᠭ ᠤᠨ ᠰᠤᠷᠭᠠᠨ ᠭᠦᠮᠦᠵᠢᠯ ᠪᠠ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠭᠦ ᠠᠵᠢᠯ ᠢ ᠰᠠᠶᠢᠳᠤᠷ  ᠬᠢᠨ᠎ᠠ᠃ ᠦᠪᠡᠷᠳᠡᠭᠡᠨ ᠵᠠᠰᠠᠬᠤ ᠤᠷᠤᠨ ᠤ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ ᠦᠨᠦ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ᠂ ᠬᠤᠶᠠᠳᠤᠭᠠᠷ ᠤᠨ ᠳᠤ ᠨᠢᠭᠡᠳᠦᠯᠳᠠᠢ ᠨᠠᠶᠢᠷᠠᠭᠤᠯᠤᠭᠰᠠᠨ ︽ᠶᠤᠰᠤ ᠰᠤᠷᠳᠠᠬᠤᠨ ᠪᠠ ᠬᠠᠤᠯᠢ ᠪᠠᠷ ᠵᠠᠰᠠᠬᠤᠢ︾᠂ ︽ᠭᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠭᠡᠷᠡᠭᠯᠡᠵᠤ᠂ ᠠᠩᠬ᠎ᠠ ᠨᠢᠭᠡ᠂ ᠬᠤᠶᠠᠳᠤᠭᠠᠷ ᠤᠨ ᠳᠤ ︽ᠶᠤᠰᠤ ᠰᠤᠷᠳᠠᠬᠤᠨ ᠪᠠ ᠬᠠᠤᠯᠢ ᠪᠠᠷ ᠵᠠᠰᠠᠬᠤᠢ︾᠂ ︽ᠭᠡᠯᠡ ᠪᠢᠴᠢᠭ︾᠂ ︽ᠲᠡᠤᠭᠡ︾ ᠵᠡᠷᠭᠡ ᠵᠢᠭᠠᠬᠤ ᠮᠠᠲ᠋ᠧᠷᠢᠶᠠᠯ ᠢ ᠭᠡᠷᠡᠭᠯᠡᠭᠦ ᠶᠢᠨ ᠬᠠᠮᠳᠤ ᠴᠦᠮ ᠤᠯᠤᠰ ᠤᠨ ᠨᠡᠶᠢᠳᠡᠮ ᠭᠡᠷᠡᠭᠯᠡᠭᠦ ᠦᠭᠡ ᠭᠡᠯᠡ ᠦᠰᠦᠭ ᠪᠢᠴᠢᠭ ᠢᠶᠠᠷ ᠬᠢᠴᠢᠶᠠᠯᠯᠠᠨ᠎ᠠ᠃ ᠦᠨᠳᠤᠰᠦᠳᠠᠨ ᠤ ᠦᠭᠡ ᠭᠡᠯᠡ ᠪᠠᠷ ᠭᠢᠴᠢᠶᠠᠯᠯᠠᠵᠤ ᠪᠠᠶᠢᠭ᠎ᠠ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ  ᠢᠶᠠᠷ ᠠᠰᠠᠷᠠᠯ ᠭᠦᠮᠦᠵᠢᠯ ᠤᠨ ᠬᠢᠴᠢᠶᠠᠯ ᠣᠷᠤᠬᠤ ᠶᠢ ᠳᠦᠯᠬᠢᠨ ᠠᠬᠢᠭᠤᠯᠤᠨ᠎ᠠ᠃ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠬᠡᠷᠡᠭᠯᠡᠬᠦ ᠠᠵᠢᠯ ᠢ ᠰᠠᠶᠢᠳᠤᠷ ᠨᠠᠶᠢᠳᠠᠪᠤᠷᠢᠵᠢᠭᠤᠯᠬᠤ ᠶᠢᠨ ᠲᠤᠯᠠᠳᠠ᠂ ᠦᠨᠦ ᠵᠢᠯ ᠤᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠤ᠂ ᠦᠨᠳᠤᠰᠦᠳᠠᠨ ᠤ ᠦᠭᠡ ᠭᠡᠯᠡ ᠪᠠᠷ ᠬᠢᠴᠢᠶᠠᠯᠯᠠᠵᠤ ᠪᠠᠶᠢᠭ᠎ᠠ ᠲᠤᠮᠳᠠ ᠪᠠᠭ᠎ᠠ ᠰᠤᠷᠭᠠᠭᠤᠯᠢ᠂ ᠭᠡᠤᠭᠡᠳ ᠤᠨ ᠴᠡᠴᠡᠷᠯᠢᠭ ᠲᠤ ᠵᠤᠬᠢᠴᠠᠬᠤ ᠴᠢᠨᠠᠷᠳᠠᠢ ᠵᠢᠭᠠᠨ ᠰᠤᠷᠭᠠᠯᠳᠠ ᠶᠢ ᠦᠷᠨᠢᠭᠦᠯᠭᠦ ᠪᠠᠷ ᠲᠦᠯᠦᠪᠯᠡᠭᠦ ᠶᠢᠨ ᠬᠠᠮᠳᠤ᠂ ᠲᠤᠮᠳᠠ ᠪᠠᠭ᠎ᠠ ᠰᠤᠷᠭᠠᠭᠤᠯᠢ ᠶᠢᠨ ᠭᠤᠷᠪᠠᠨ ᠲᠦᠷᠦᠯ ᠤᠨ ᠨᠢᠭᠡᠳᠦᠯᠳᠠᠢ ᠨᠠᠶᠢᠷᠠᠭᠤᠯᠤᠭᠰᠠᠨ ᠬᠢᠴᠢᠶᠠᠯ ᠲᠦᠷᠦᠯ ᠤᠨ ᠪᠠᠭᠰᠢ ᠶᠢ ᠨᠦᠭᠦᠵᠤ ᠡᠯᠰᠡᠨ᠎ᠠ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠠᠵᠢᠯ ᠢ ᠴᠢᠩᠭᠠᠳᠬᠠᠵᠤ᠂ ᠡᠬᠡ ᠣᠷᠣᠨᠴᠢ ᠦᠵᠡᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢᠶᠠᠷ ᠭᠤᠣᠯᠳᠠᠯᠭ᠎ᠠ ᠪᠣᠯᠭᠠᠭᠰᠠᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠴᠢᠩᠭᠠᠳᠬᠠᠨ᠂ ᠥᠷᠭᠡᠨ ᠤᠯᠠᠨ ᠪᠠᠭᠰᠢ ᠰᠤᠷᠤᠭᠴᠢᠳ ᠤᠨ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠠᠶᠢᠲᠤᠷ ᠠᠳᠬᠤᠨ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠭᠡᠷᠡᠭᠵᠢᠭᠦᠯᠦᠨ᠎ᠠ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠴᠢᠩᠭᠠᠳᠬᠠᠨ᠎ᠠ᠃ ᠮᠤᠩᠭᠤᠯ ᠦᠨᠳᠤᠰᠦᠳᠠᠨ ᠤ ᠲᠤᠮᠳᠠᠳᠤ ᠰᠤᠷᠭᠠᠭᠤᠯᠢ ᠶᠢᠨ ᠰᠢᠨ᠎ᠠ ᠪᠠᠷ ᠪᠠᠶᠢᠭᠤᠯᠬᠤ ᠵᠢᠭᠠᠨ ᠰᠤᠷᠭᠠᠯᠳᠠ ᠶᠢᠨ ᠠᠰᠠᠷ ᠤᠨ ᠲᠦᠷᠦᠯ ᠵᠤᠶᠢᠯ ᠢ ᠭᠡᠷᠡᠭᠵᠢᠭᠦᠯᠵᠤ᠂ ᠰᠢᠨ᠎ᠠ ᠪᠠᠷ ᠪᠠᠶᠢᠭᠤᠯᠬᠤ ᠭᠡᠤᠭᠡᠳ ᠤᠨ ᠴᠡᠴᠡᠷᠯᠢᠭ ᠵᠡᠷᠭᠡ ᠲᠦᠷᠦᠯ ᠵᠤᠶᠢᠯ ᠤᠨ ᠪᠡᠯᠡᠳᠭᠡᠯ ᠬᠤᠭᠤᠴᠠᠭᠠᠨ ᠤ ᠠᠵᠢᠯ ᠢ ᠡᠬᠢᠯᠡᠭᠦᠯᠦᠨ᠎ᠠ᠃    ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠲᠡᠭᠦᠯᠳᠡᠷᠵᠢᠭᠦᠯᠦᠨ᠎ᠠ᠃ ᠡᠮᠨᠡᠬᠦ ᠪᠠ ᠰᠡᠷᠭᠡᠶᠢᠯᠡᠬᠦ ᠶᠢ ᠵᠤᠬᠢᠴᠠᠭᠤᠯᠬᠤ ᠲᠤᠭᠳᠠᠴᠠ ᠶᠢ ᠰᠢᠨᠡᠴᠢᠯᠠᠨ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠢᠶᠠᠷ ᠭᠤᠤᠯ ᠴᠣᠭᠴᠠ ᠪᠣᠯᠭᠠᠭᠰᠠᠨ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠭᠡᠨᠡᠳᠳᠠ ᠡᠭᠦᠰᠭᠦ ᠤᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠭᠦᠯᠦᠨ᠎ᠠ᠃ ᠣᠲᠣ ᠦᠶ᠎ᠡ  ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠭᠦ ᠠᠵᠢᠯ ᠢ ᠠᠬᠢᠭᠤᠯᠵᠤ᠂ ᠪᠦᠭᠦ ᠠᠶᠢᠮᠠᠭ ᠤᠨ ᠶᠡᠷᠦᠩᠭᠡᠶᠢᠯᠡᠭᠰᠡᠨ ᠡᠮᠴᠢᠯᠡᠭᠡᠨ ᠤ ᠲᠤᠭᠲᠠᠴᠠ ᠶᠢᠨ ᠦᠭᠡᠷᠡᠴᠢᠯᠠᠯᠳᠠ ᠶᠢᠨ ᠲᠤᠷᠰᠢᠯᠳᠠ ᠶᠢᠨ ᠴᠢᠭ ᠤᠨ ᠠᠵᠢᠯ ᠢ ᠦᠷᠨᠢᠭᠦᠯᠦᠨ᠎ᠠ᠃ ᠬᠢᠳᠠᠳ ᠮᠤᠩᠭᠤᠯ ᠡᠮ ᠡᠮᠨᠡᠯᠭᠡ ᠶᠢ ᠤᠯᠠᠮᠵᠢᠯᠠᠨ ᠰᠢᠨᠡᠴᠢᠯᠡᠭᠦ ᠠᠵᠢᠯ ᠢ ᠠᠬᠢᠭᠤᠯᠤᠨ᠎ᠠ᠃ ᠡᠭᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ ᠪᠠᠲᠤᠲᠠᠢ ᠠᠬᠢᠭᠤᠯᠤᠨ᠎ᠠ᠃     ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ  ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠨ᠂ ᠡᠬᠡ ᠣᠷᠣᠨᠴᠢ ᠦᠵᠡᠯ ᠤᠨ ᠬᠥᠮᠦᠵᠢᠯ ᠪᠣᠯᠤᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠭᠤᠴᠢᠨ ᠬᠡᠪ ᠵᠠᠩᠰᠢᠯ ᠢ ᠥᠭᠡᠷᠡᠴᠢᠯᠡᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠦᠬᠦ ᠨᠡᠶᠢᠭᠡᠮ ᠤᠨ ᠪᠣᠯᠪᠠᠰᠤᠨ  ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠶᠤᠯ ᠢᠶᠠᠷ ᠠᠷᠠᠳ ᠲᠤ ᠠᠰᠢᠭ ᠭᠦᠷᠳᠡᠭᠡᠭᠦ ᠢᠨᠵᠧᠨᠧᠷᠢᠩ ᠢ ᠭᠦᠨᠵᠡᠭᠡᠢ ᠭᠡᠷᠡᠭᠵᠢᠭᠦᠯᠦᠨ᠂ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢ ᠲᠡᠮᠵᠢᠵᠤ᠂ ᠤᠯᠠᠭᠠᠨᠮᠥ᠋ᠴᠢᠷ ᠤᠨ ᠤᠷᠠᠯᠢᠭ  ᠤᠨ ᠲᠦᠪ ᠢ ᠡᠬᠢᠯᠡᠨ ᠪᠠᠶᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠤᠳᠬ᠎ᠠ ᠤᠷᠠᠯᠢᠭ ᠤᠨ ᠲᠤᠭᠯᠠᠯᠳᠠ ᠥᠷᠨᠢᠭᠦᠯᠬᠦ ᠶᠢ ᠳᠡᠮᠵᠢᠨ᠎ᠡ᠃ ᠪᠦᠭᠦ ᠠᠷᠠᠳ ᠢᠶᠠᠷ ᠪᠡᠶ᠎ᠡ ᠴᠢᠬᠢᠷᠠᠭᠵᠢᠭᠤᠯᠬᠤ ᠪᠤᠯᠤᠨ ᠪᠦᠭᠦ ᠠᠷᠠᠳ ᠤᠨ ᠡᠷᠡᠭᠦᠯ ᠮᠠᠨᠳᠤ ᠶᠢ ᠠᠭᠤᠰᠤᠯᠴᠠᠭᠤᠯᠤᠨ ᠭᠦᠭᠵᠢᠭᠦᠯᠵᠤ᠂ ᠬᠤᠰᠢᠭᠤ ᠪᠡᠶ᠎ᠡ ᠲᠠᠮᠢᠷ ᠤᠨ ᠲᠠᠯᠠᠪᠠᠢ ᠶᠢ ᠤᠯᠠᠨ ᠲᠦᠮᠡᠨ  ᠳᠤ ᠨᠡᠭᠡᠭᠡᠯᠲᠡ ᠲᠠᠢ ᠪᠤᠯᠭᠠᠨ᠂ ᠲᠡᠤᠭᠡ ᠶᠢᠨ ᠲᠤᠷᠠᠰᠬᠠᠯᠳᠤ ᠵᠤᠶᠢᠯᠠᠰ ᠢ ᠬᠠᠮᠠᠭᠠᠯᠠᠨ ᠠᠰᠢᠭᠯᠠᠬᠤ ᠪᠠ ᠰᠡᠯᠪᠢᠨ ᠵᠠᠰᠠᠬᠤ ᠠᠵᠢᠯ ᠢ ᠴᠢᠩᠭᠠᠳᠬᠠᠨ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠦ᠂ ᠬᠥᠮᠦᠰ ᠲᠤ ᠡᠬᠡ ᠪᠠᠶᠢᠭᠠᠯᠢ ᠶᠢᠨ ᠭᠤᠸ᠎ᠠ ᠰᠠᠶᠢᠬᠠᠨ ᠢ ᠰᠤᠨᠢᠷᠬᠠᠭᠤᠯᠬᠤ ᠳᠤᠮᠳᠠ ᠰᠣᠶᠣᠯ ᠢ ᠤᠶᠢᠯᠠᠭᠠᠭᠤᠯᠤᠨ᠎ᠠ᠃     ︵ᠨᠠᠢᠮᠠ︶ ᠨᠡᠶᠢᠭᠡᠮ ᠤᠨ ᠠᠮᠤᠷ ᠲᠦᠪᠰᠢᠨ ᠲᠤᠭᠳᠠᠭᠤᠨ ᠢ ᠪᠦᠭᠦ ᠭᠦᠴᠦᠨ ᠢᠶᠠᠷ ᠪᠠᠳᠤᠯᠠᠨ᠎ᠠ     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠢ ᠠᠳᠬᠤᠨ᠎ᠠ᠃ ︽ᠳᠥᠷᠪᠡᠨ ᠲᠠᠯ᠎ᠠ  ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠤᠨ᠂ ᠪᠠᠶᠢᠩᠭᠤ ᠶᠢᠨ ᠨᠠᠷᠢᠯᠢᠭ ᠤᠨᠤᠪᠴᠢᠳᠠᠢ ᠰᠡᠷᠭᠡᠶᠢᠯᠡᠨ ᠡᠵᠡᠮᠳᠡᠭᠦ ᠪᠠ ᠬᠡᠰᠡᠭ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠳᠠᠯᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠲᠠᠷᠬᠠᠨ ᠲᠡᠯᠭᠡᠷᠡᠭᠦ ᠶᠢ ᠰᠡᠷᠭᠡᠶᠢᠯᠡᠬᠦ︾ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂   ︽ᠳᠥᠷᠪᠡᠨ ᠡᠷᠲᠡ︾᠂ ︽ᠳᠥᠷᠪᠡ ᠶᠢ ᠲᠥᠪᠯᠡᠷᠡᠭᠦᠯᠬᠦ︾᠂ ︽ᠲᠠᠪᠤ ᠪᠠᠶᠢᠬᠤ᠂ ᠨᠢᠭᠡ ᠲᠤᠤᠷ︾ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠯᠢ ᠪᠠᠷ ᠣᠷᠣᠵᠤ ᠢᠷᠡᠬᠦ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠦᠨᠳᠤᠷ ᠲᠦᠭᠰᠢᠭᠦᠷᠢᠳᠠᠢ ᠠᠵᠢᠯ ᠲᠦᠷᠦᠯ ᠡᠷᠭᠢᠯᠡᠭᠰᠡᠳ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠯᠭ᠎ᠠ ᠬᠢᠬᠦ ᠠᠵᠢᠯ ᠢ ᠯᠠᠪᠳᠠᠭᠤᠨ ᠬᠢᠨᠠᠮᠠᠭᠠᠢ᠂ ᠠᠮᠤᠷ ᠲᠦᠪᠰᠢᠨ ᠦᠷᠨᠢᠭᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ  ᠤᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠦᠨ᠎ᠠ᠃      ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠭᠦᠯᠡᠯ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠬᠦ ᠪᠠᠷ ᠠᠴᠢᠶᠠᠯᠠᠪᠤᠷᠢ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠵᠦ ᠪᠠᠷ ᠭᠤᠤᠯᠳᠠᠯᠭ᠎ᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠦᠮᠦᠵᠢᠯ ᠢ ᠭᠦᠨᠵᠡᠭᠡᠢ ᠦᠷᠨᠢᠬᠦᠯᠵᠦ᠂ ᠦᠨᠳᠤᠰᠦᠳᠠᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠲᠤᠮᠳᠠᠳᠤ ᠶᠢᠨ ᠦᠨᠳᠤᠰᠦᠳᠠᠨ᠂ ᠲᠤᠮᠳᠠᠳᠤ ᠶᠢᠨ ᠰᠤᠶᠤᠯ᠂ ᠲᠤᠮᠳᠠᠳᠤ ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠦᠵᠡᠯ ᠤᠨ ᠲᠤᠬᠠᠢ ︽ᠲᠠᠪᠤᠨ ᠮᠡᠳᠡᠷᠡᠭᠦᠢ︾ ᠶᠢ ᠲᠠᠰᠤᠷᠠᠯᠳᠠ ᠦᠭᠡᠢ ᠴᠢᠩᠭᠠᠳᠬᠠᠨ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠦᠨᠳᠦᠰᠦᠲᠡᠨ ᠤ ᠠᠵᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠴᠠᠭᠠᠵᠠ ᠶᠢᠨ ᠬᠦᠷᠢᠶ᠎ᠡ ᠬᠡᠪᠴᠢᠶ᠎ᠡ ᠪᠠ ᠬᠠᠤᠯᠢ ᠪᠠᠷ ᠵᠠᠰᠠᠬᠤ ᠠᠷᠭ᠎ᠠ ᠵᠠᠮ ᠢᠶᠠᠷ ᠰᠢᠶᠳᠪᠦᠷᠢᠯᠡᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠡᠯ᠎ᠡ ᠦᠨᠳᠦᠰᠦᠲᠡᠨ ᠬᠠᠮᠲᠤ ᠪᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠦᠵᠡᠰᠭᠦᠯᠡᠩᠳᠤ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃     ᠠᠶᠤᠯᠭᠦᠶ ᠦᠶᠯᠡᠳᠪᠦᠷᠢᠯᠡᠯ ᠢ ᠴᠢᠩᠭᠠᠳᠬᠠᠨ ᠲᠡᠭᠡᠭᠰᠢᠯᠡᠭᠦᠯᠦᠨ᠎ᠠ᠃ ᠵᠦᠪ ᠤᠨᠤᠪᠴᠢᠳᠠᠢ ᠠᠮᠤᠷ ᠲᠦᠪᠰᠢᠨ ᠤ ᠦᠵᠡᠯᠳᠠ᠂ ᠭᠦᠭᠵᠢᠯᠳᠠ ᠶᠢᠨ ᠦᠵᠡᠯᠳᠠ ᠶᠢ ᠪᠠᠳᠤᠳᠬᠠᠨ᠂ ᠠᠮᠦᠷ ᠳᠦᠪᠰᠢᠨ ᠢ ᠪᠤᠳᠤᠯᠬᠢᠯᠠᠬᠤ ᠦᠭᠡᠢ ᠪᠠᠷ GDP ᠶᠢ ᠬᠦᠭᠡᠭᠡᠴᠡᠯᠳᠦᠬᠦ ᠶᠢ ᠡᠷᠡᠰ ᠬᠤᠷᠢᠭᠯᠠᠨ᠎ᠠ᠃ ᠵᠠᠰᠠᠭ ᠤᠨ ᠣᠷᠳᠣᠨ ᠤ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠭᠳᠠᠴᠠ ᠶᠢᠨ ᠪᠠᠶᠢᠭᠤᠯᠤᠯᠳᠠ ᠶᠢ ᠠᠬᠢᠭᠤᠯᠵᠤ᠂ ᠭᠠᠮᠰᠢᠭ  ᠢ ᠰᠡᠷᠭᠡᠶᠢᠯᠡᠭᠦ᠂ ᠬᠤᠬᠢᠷᠠᠯ ᠢ ᠪᠠᠭᠠᠰᠬᠠᠬᠤ᠂ ᠭᠠᠮᠰᠢᠭ ᠲᠠᠢ ᠲᠡᠮᠡᠴᠡᠭᠦ᠂ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠦᠨ᠎ᠠ᠃ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠤᠯᠤᠰ ᠤᠨ ᠨᠠᠶᠢᠳᠠᠮ ᠪᠠᠶᠢᠴᠠᠭᠠᠯᠳᠠ  ᠶᠢᠨ ᠲᠤᠷᠰᠢᠯᠳᠠ ᠶᠢᠨ ᠴᠢᠭ ᠤᠨ ᠠᠵᠢᠯ ᠢ ᠪᠡᠶᠡᠯᠡᠭᠦᠯᠦᠨ᠎ᠠ᠃ ︽ᠣᠶᠤᠨᠴᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ︾ ᠵᠡᠷᠭᠡ ᠲᠠᠪᠴᠠᠩ ᠢ ᠲᠦᠭᠡᠮᠡᠯᠵᠢᠭᠦᠯᠦᠨ ᠭᠡᠷᠡᠭᠯᠡᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ  ᠶᠢᠨ ᠮᠡᠳᠡᠭᠡ ᠵᠠᠩᠬᠢᠴᠢᠯᠠᠯᠳᠠ᠂ ᠣᠳᠣᠬᠢᠴᠢᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠠᠶᠤᠯᠭᠦᠢ ᠤᠶᠢᠯᠠᠳᠪᠤᠷᠢᠯᠡᠯ ᠤᠨ ᠬᠠᠤᠯᠢ ᠭᠡᠷᠡᠭᠵᠢᠭᠦᠯᠭᠦ ᠭᠦᠴᠦᠯᠡᠴᠠ ᠶᠢ ᠴᠢᠩᠭᠠᠳᠬᠠᠨ᠂ ᠠᠳᠡᠯ ᠡᠭᠦᠰᠦᠭᠰᠡᠨ ᠪᠠ ᠭᠦᠨᠳᠤ ᠶᠡᠭᠡ ᠲᠠᠯᠳᠠ ᠭᠡᠮ ᠰᠤᠭᠤᠭ ᠢ ᠰᠠᠶᠢᠳᠤᠷ ᠵᠠᠰᠠᠨ ᠴᠡᠭᠴᠡᠯᠡᠭᠰᠡᠨ ᠦᠭᠡᠢ ᠠᠵᠤ ᠠᠬᠤᠶᠢᠯᠠᠯ ᠳᠤ ︽ᠦᠴᠦᠭᠡᠨ ᠴᠦ ᠢᠯᠳᠠᠷ ᠬᠠᠶᠠᠬᠤ ᠦᠭᠡᠢ︾ ᠠᠷᠭ᠎ᠠ ᠠᠪᠴᠠᠯ ᠢ ᠭᠡᠷᠡᠭᠵᠢᠭᠦᠯᠵᠤ᠂ ᠪᠦᠭᠦᠨ ᠢ ᠤᠷᠢᠳᠠᠪᠠᠷ ᠬᠠᠭᠠᠵᠤ ᠲᠠᠬᠢᠨ ᠵᠠᠰᠠᠨ ᠴᠡᠭᠴᠡᠯᠡᠵᠤ᠂ ᠬᠤᠯᠪᠤᠭᠳᠠᠯ ᠪᠦᠭᠦᠢ ᠬᠠᠷᠢᠭᠤᠴᠠᠯᠭᠠᠳᠠᠨ ᠠᠴᠠ ᠬᠠᠤᠯᠢ ᠶᠤᠰᠤᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠠᠨ᠎ᠠ᠃     ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠠᠨ᠎ᠠ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ  ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠡᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠭᠤᠷᠪᠠᠨ ᠵᠢᠯ ᠤᠨ ᠪᠤᠭᠤᠮᠳᠠ ᠰᠢᠪᠳᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠤᠷᠢᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠶᠢᠰᠤᠩᠨᠠᠭᠴᠢ ᠬᠦᠴᠦᠨ ᠤ ᠲᠠᠭᠠᠷᠢᠯᠳᠠ᠂ ᠡᠪᠳᠡᠯᠭᠡ ᠨᠤᠷᠠᠭᠠᠯᠲᠠ ᠶᠢᠨ ᠠᠵᠢᠯᠯᠠᠭ᠎ᠠ ᠶᠢ ᠴᠢᠩᠭ᠎ᠠ ᠰᠡᠷᠭᠡᠶᠢᠯᠡᠭᠦ ᠶᠢᠨ ᠬᠠᠮᠳᠤ ᠴᠢᠩᠭ᠎ᠠ ᠴᠣᠬᠢᠯᠲᠠ ᠥᠭᠭᠦᠨ᠎ᠡ᠃ ︽ᠨᠠᠶᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠠᠮᠤᠭᠤᠯᠠᠩ ᠪᠠᠷᠠᠭᠤᠨ ᠦᠵᠦᠮᠦᠴᠢᠨ᠂ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠨᠠᠮ ᠤᠨ ᠱᠠᠰᠢᠨ ᠰᠤᠷᠳᠠᠬᠤᠨ ᠤ ᠠᠵᠢᠯ ᠤᠨ ᠦᠨᠳᠤᠰᠦᠨ ᠴᠢᠭᠯᠡᠯᠳᠠ ᠶᠢ ᠪᠦᠭᠦ ᠲᠠᠯ᠎ᠠ ᠪᠠᠷ ᠲᠤᠤᠱᠯᠠᠭᠤᠯᠤᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ  ᠶᠢᠨ ᠤᠳᠤᠬᠢᠴᠢᠯᠠᠭᠰᠠᠨ ᠪᠠᠶᠢᠭᠤᠯᠤᠯᠳᠠ ᠶᠢ ᠲᠡᠮᠵᠢᠨ᠎ᠠ᠃ ᠡᠮᠡᠭᠳᠡᠶᠢᠴᠤᠳ᠂ ᠭᠡᠤᠭᠡᠳ᠂ ᠨᠠᠰᠤᠳᠠᠶᠢᠴᠤᠳ᠂ ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠨ᠎ᠠ᠃      ᠲᠦᠷᠪᠡ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ      ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠳᠠᠢ ᠣᠶᠢᠯᠠᠭᠠᠵᠤ ᠪᠣᠳᠠᠲᠠᠶ ᠬᠢᠵᠦ᠂ ᠨᠠᠮ ᠤᠨ ᠲᠡᠤᠭᠡ ᠶᠢ ᠪᠦᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ  ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠳᠤᠯᠠᠨ᠎ᠠ᠃ ᠢᠮᠠᠭᠲᠠ ︽ᠤᠯᠤᠰ ᠭᠦᠷᠦᠨ ᠤ ᠶᠡᠭᠡ ᠲᠠᠯ᠎ᠠ ᠶᠢ ᠪᠤᠳᠤᠯᠬᠢᠯᠠᠬᠤ︾ ᠰᠡᠳᠬᠢᠯᠭᠡ ᠶᠢ ᠡᠪᠦᠷᠯᠡᠨ᠂ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢ ᠤᠶᠢᠯᠠᠭᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃     ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ ᠲᠤᠭᠳᠠᠭᠠᠯ ᠶᠣᠰᠣᠭᠠᠷ ᠵᠠᠰᠠᠭ ᠶᠠᠪᠤᠭᠤᠯᠵᠤ᠂ ᠵᠠᠰᠠᠭ ᠤᠨ ᠣᠷᠳᠣᠨ ᠤ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ  ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠭᠦᠯᠢᠶᠠᠨ᠂ ᠤᠯᠤᠰ ᠲᠥᠷᠦ  ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠳᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠨᠠᠩ ᠢᠯᠡ ᠲᠣᠳᠣ ᠪᠣᠯᠭᠠᠨ᠎ᠠ᠃    ᠦᠷ᠎ᠡ ᠪᠦᠳᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠪᠣᠯᠤᠨ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠠᠵᠢᠯ ᠢ ᠴᠢᠩᠭ᠎ᠠ ᠠᠳᠬᠤᠵᠤ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠪᠣᠯᠤᠨ ᠭᠤᠤᠯᠳᠠᠯᠭ᠎ᠠ ᠲᠠᠢ ᠠᠵᠢᠯ ᠢ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠶᠢ ᠴᠠᠭ ᠲᠤᠬᠠᠶ ᠳᠤᠨᠢ ᠱᠠᠭᠠᠷᠳᠠᠨ ᠪᠠᠶᠢᠴᠠᠭᠠᠵᠦ᠂ ᠠᠷᠠᠳ ᠣᠯᠠᠨ ᠤ ᠭᠦᠷᠳᠡᠭᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ  ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ  ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠰᠠᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠡᠰᠡᠷᠭᠦᠴᠠᠨ᠎ᠠ᠃ ᠠᠷᠪᠢᠴᠢ ᠭᠠᠮᠳᠠᠢ ᠠᠵᠢᠯᠯᠠᠵᠦ ᠠᠮᠢᠳᠤᠷᠠᠬᠤ ᠶᠢ ᠪᠠᠷᠢᠮᠳᠠᠯᠠᠨ ᠰᠤᠷᠳᠠᠯᠴᠢᠯᠠᠵᠤ᠂ ᠪᠦᠷᠢᠯᠭᠡᠨ ᠰᠦᠢᠳᠬᠡᠬᠦ ᠶᠢ ᠴᠢᠩᠭ᠎ᠠ ᠡᠰᠡᠷᠭᠦᠴᠡᠨ᠎ᠠ᠃ ᠬᠢᠨᠠᠨ ᠪᠤᠳᠤᠯᠳᠠ ᠬᠢᠵᠦ ᠬᠢᠨᠠᠯᠲᠠ ᠲᠠᠯᠪᠢᠬᠤ ᠶᠢ ᠨᠡᠶᠢᠳᠡᠮ ᠪᠦᠷᠭᠦᠭᠦᠯᠦᠨ᠎ᠠ᠃ ᠬᠠᠩᠭᠠᠨ ᠪᠣᠷᠣᠯᠠᠭᠤᠯᠬᠤ ᠬᠤᠷᠰᠢᠶᠠᠨ  ᠤ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ  ᠢᠶᠠᠷ ᠳᠥᠯᠭᠢᠨ ᠠᠬᠢᠭᠤᠯᠤᠨ᠎ᠠ᠃   ᠲᠥᠯᠥᠭᠡᠯᠡᠭᠴᠢᠳ ᠡ︕ ᠰᠢᠨ᠎ᠠ ᠠᠶᠠᠯᠠᠯ ᠡᠬᠢᠯᠡᠵᠤ ᠪᠠᠶᠢᠨ᠎ᠠ᠂ ᠪᠢᠳᠡ ᠭᠠᠭᠴᠠᠬᠦ ᠴᠢᠷᠮᠠᠶᠢᠨ ᠲᠡᠮᠡᠴᠡᠪᠡᠰᠦ ᠰᠠᠶ᠋ᠢ ᠬᠠᠷᠠᠯᠲᠠ ᠵᠣᠷᠢᠯᠲᠠ ᠪᠠᠨ ᠪᠡᠶᠡᠯᠡᠬᠦᠯᠵᠦ ᠳᠡᠶᠢᠯᠦᠨ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠤᠷᠢᠭᠳᠠᠢ ᠪᠠᠷ ᠤᠷᠤᠭᠰᠢᠯᠠᠨ ᠲᠠᠪᠰᠢᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠶᠢ ᠰᠠᠶᠢᠳᠤᠷ ᠡᠬᠢᠯᠡᠭᠦᠯᠭᠦ ᠶᠢ ᠪᠠᠳᠤᠯᠠᠨ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷᠯᠢᠭ ᠭᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠵᠤ᠂ ᠰᠢᠨ᠎ᠡ ᠴᠠᠭ ᠦᠶ᠎ᠡ ᠳᠤ  ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠳᠤᠯᠠᠬᠤ ᠳᠤ ᠰᠢᠨ᠎ᠡ ᠬᠤᠪᠢ ᠨᠡᠮᠡᠷᠢ ᠪᠠᠨ ᠦᠵᠡᠬᠦᠯᠦᠨ᠂ ᠰᠢᠯᠢᠳᠡᠭ ᠬᠢᠷᠢ ᠪᠦᠲᠦᠮᠵᠢ  ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠶ᠎ᠠ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号