︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠭᠤᠤᠯᠳᠠᠯᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠨᠢᠭᠡ᠂ ᠶᠠᠭᠤᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠲᠣᠭᠲᠠᠭᠠᠬᠤ | ᠬᠡᠷᠡᠭᠲᠡᠶ ᠪᠣᠶ︖ | ᠣᠶᠢᠷ᠎ᠠ ᠶᠢᠨ ᠵᠢᠯ ᠤᠳ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯ ᠢᠶᠠᠷ | ᠨᠢᠭᠡᠴᠢ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ | ᠲᠠᠷᠬᠠᠭᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠶᠢᠨ | ᠦᠨᠳᠦᠷᠴᠡ ᠠᠴᠠ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠲᠤᠭᠲᠠᠭᠠᠪᠠ | ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ | ᠪᠥᠬᠦ ᠵᠢᠯ ᠤᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ ᠪᠣᠳᠠᠲᠠᠶ | ᠭᠠᠷᠳᠠᠴᠠ ᠪᠠᠶᠢᠵᠤ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠡᠨᠡ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠨᠢ ᠶᠠᠮᠠᠷ ᠶᠠᠮᠠᠷ | ᠠᠵᠢᠯ ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠣᠶ︖ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠠᠵᠤ ᠠᠬᠤᠢ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ | ᠲᠥᠯᠥᠪᠵᠢᠭᠦᠯᠭᠡ᠂ ᠲᠤᠰᠬᠠᠢ ᠵᠦᠢᠯ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠲᠥᠯᠥᠪᠵᠢᠭᠦᠯᠭᠡ ᠶᠢ ᠢᠯᠡ | ᠪᠣᠯᠭᠠᠬᠤ ᠡᠷᠴᠢᠮ ᠢ ᠴᠢᠩᠭᠠᠳᠬᠠᠵᠤ᠂ ᠲᠡᠦᠬᠡ ᠶᠢᠨ ᠲᠥᠯᠥᠪᠵᠢᠭᠦᠯᠭᠡ ︵ᠲᠥᠯᠥᠪᠯᠡᠭᠡ︶ ᠶᠢ ᠲᠥᠪᠯᠡᠷᠡᠭᠦᠯᠦᠨ | ᠨᠢᠭᠡᠳᠦᠯᠲᠡᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠢ ᠭᠡᠵᠦ ᠳᠤᠳᠤᠷᠬᠠᠶᠢᠯᠠᠪᠠ︔ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠭᠠᠵᠠᠷ ᠰᠢᠷᠣᠶ ᠲᠠᠲᠠᠪᠤᠷᠢᠯᠠᠬᠤ᠂ ᠣᠯᠠᠨ | ᠨᠡᠶᠢᠲᠡ ᠶᠢᠨ ᠰᠣᠶᠣᠯ ᠵᠡᠷᠭᠡ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠳᠤᠪᠤᠶᠢᠯᠭᠠᠨ ᠰᠠᠶᠢᠲᠤᠷ | ᠬᠢᠵᠦ᠂ ᠨᠡᠶᠢᠭᠡᠮ ᠤᠨ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠴᠢᠬᠤᠯᠠ ᠬᠠᠯᠠᠮᠰᠢᠯ | ᠠᠰᠠᠭᠤᠳᠠᠯ ᠳᠤ ᠭᠤᠤᠯᠳᠠᠯᠭ᠎ᠠ ᠲᠠᠢ ᠪᠠᠷ ᠰᠠᠶᠢᠳᠤᠷ ᠬᠠᠷᠢᠭᠤ ᠲᠤᠰᠬᠠᠬᠤ ᠬᠡᠷᠡᠭᠲᠡᠶ ᠭᠡᠵᠦ ᠲᠣᠳᠣᠷᠬᠠᠶᠢᠯᠠᠪᠠ︔ ᠪᠥᠬᠦ | ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠣᠨᠣᠪᠴᠢᠲᠠᠶ ᠲᠤᠭᠤᠰᠢᠯᠠᠭᠤᠯᠵᠦ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ | ᠢᠯᠡ ᠪᠣᠯᠭᠠᠬᠤ ᠶᠢ ᠨᠠᠷᠢᠯᠢᠭᠵᠢᠭᠤᠯᠤᠨ᠂ ︽ᠳᠦᠷᠪᠡ ᠶᠢ ᠬᠦᠢᠴᠡᠳᠭᠡᠬᠦ︾ ᠠᠵᠢᠯ ︵︽ᠮᠥᠩᠬᠡ ᠰᠤᠪᠠᠭ · ᠨᠢᠭᠡ | ᠰᠦᠯᠵᠢᠶ᠎ᠡ ᠪᠠᠷ ᠬᠦᠢᠴᠡᠳᠬᠡᠬᠦ︾᠂ ︽ᠮᠥᠩᠬᠡ ᠰᠤᠪᠠᠭ · ᠠᠯᠠᠭᠠᠨ ᠳᠡᠭᠡᠷ᠎ᠡ ᠪᠠᠨ ᠬᠦᠢᠴᠡᠳᠬᠡᠬᠦ︾᠂ ︽ᠮᠥᠩᠬᠡ | ᠰᠤᠪᠠᠭ · ᠨᠢᠭᠡ ᠯᠠ ᠤᠳᠠᠭ᠎ᠠ ᠪᠠᠷ ᠬᠦᠢᠴᠡᠳᠬᠡᠬᠦ︾ ︽ᠮᠥᠩᠬᠡ ᠰᠤᠪᠠᠭ · ᠲᠠᠨ ᠳᠤ ᠬᠠᠪᠰᠤᠷᠤᠨ ᠬᠦᠢᠴᠡᠳᠬᠡᠬᠦ︾ | ︶ ᠢ ᠠᠬᠢᠭᠤᠯᠬᠤ ᠶᠢᠨ ᠲᠣᠭᠤᠷᠢᠨ ᠳᠤ᠂ ︽12345︾ ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠭᠠᠵᠠᠷ ᠪᠠ ᠵᠠᠰᠠᠭ ᠤᠨ ᠣᠷᠳᠣᠨ ᠤ ᠰᠦᠯᠵᠢᠶ᠎ᠡ ᠳᠤ ᠲᠦᠰᠢᠭᠯᠡᠨ᠂ ᠠᠵᠤ ᠠᠬᠤᠶᠢᠯᠠᠯ ᠪᠠ ᠣᠯᠠᠨ | ᠲᠦᠮᠡᠨ ᠳᠤ ︽ᠨᠢᠭᠡ ᠦᠷᠲᠡᠭᠡ ᠮᠠᠶ᠋ᠢᠭ︾ ᠤᠨ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠬᠠᠩᠭᠠᠬᠤ | ᠬᠡᠷᠡᠭᠲᠡᠶ ᠭᠡᠵᠦ ᠲᠣᠳᠣᠷᠬᠠᠶᠢᠯᠠᠪᠠ︔ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ | ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ | ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠵᠢᠴᠢ ᠰᠢᠭᠤᠳ ᠬᠦᠷᠭᠡᠬᠦ ᠪᠡᠯᠡ ᠮᠥᠩᠭᠦ ᠶᠢᠨ ᠬᠢᠨᠠᠨ | ᠬᠠᠮᠢᠶᠠᠷᠤᠯᠲᠠ ᠶᠢᠨ ᠲᠤᠬᠠᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠳᠡᠢ ᠭᠡᠵᠦ ᠲᠣᠳᠣᠷᠬᠠᠶᠢᠯᠠᠪᠠ︔ | ᠪᠠᠶᠢᠩᠭᠤᠴᠢᠯᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠲᠤᠴᠢ ᠴᠢᠨᠠᠷᠲᠠᠶ ᠣᠨᠴᠠᠯᠢᠭ ᠪᠠ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠬᠥᠮᠦᠨ︾᠂ ︽ᠪᠣᠳᠠᠰ︾ ᠢ ᠵᠡᠷᠭᠡ ᠪᠠᠷ ᠰᠡᠷᠭᠡᠶᠢᠯᠡᠬᠦ ᠶᠢ | ᠪᠠᠷᠢᠮᠲᠠᠯᠠᠨ᠂ ᠬᠢᠵᠢᠭ ᠤᠨ ᠪᠠᠶᠢᠳᠠᠯ ᠤᠨ ᠳᠡᠯᠭᠡᠷᠡᠨ ᠲᠠᠷᠬᠠᠬᠤ᠂ ᠲᠤᠰᠠᠭᠠᠷᠯᠠᠨ ᠰᠠᠯᠭᠠᠵᠦ ᠬᠠᠮᠢᠶᠠᠷᠤᠨ ᠡᠵᠡᠮᠳᠡᠬᠦ᠂ | ᠬᠢᠵᠢᠭ ᠬᠠᠯᠳᠠᠪᠤᠷᠢᠯᠠᠭᠴᠢ ᠶᠢ ᠮᠦᠷᠳᠡᠨ ᠤᠬᠤᠴᠢᠯᠠᠬᠤ᠂ ᠤᠨᠤᠪᠴᠢᠲᠠᠢ ᠰᠡᠷᠭᠡᠶᠢᠯᠡᠨ ᠡᠵᠡᠮᠳᠡᠬᠦ᠂ ᠬᠦᠢᠲᠡᠨ | ᠬᠦᠯᠳᠡᠭᠦᠦ ᠪᠠᠷᠠᠭᠠᠨ ᠤ ᠭᠦᠢᠯᠭᠡᠭᠡ᠂ ᠠᠮᠠᠷᠠᠯᠲᠠ ᠶᠢᠨ ᠬᠤᠭᠤᠴᠠᠭᠠᠨ ᠤ ᠬᠥᠮᠦᠰ ᠤᠨ ᠨᠡᠭᠦᠳᠠᠯ ᠵᠡᠷᠭᠡ ᠲᠠᠯ᠎ᠠ ᠶᠢᠨ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ | ᠮᠡᠳᠡᠭᠡ ᠵᠠᠩᠭᠢ ᠶᠢ ᠢᠯᠡ ᠪᠣᠯᠭᠠᠬᠤ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶᠢᠯᠠᠪᠠ᠃ ᠲᠠᠶᠢᠯᠤᠮᠵᠢ ᠬᠢᠵᠦ ᠬᠠᠷᠢᠭᠤ ᠲᠤᠰᠬᠠᠬᠤ ᠲᠠᠯ᠎ᠠ ᠪᠠᠷ᠂ | ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠲᠤᠬᠠᠶ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠴᠢᠬᠤᠯᠠ ᠶᠡᠭᠡ ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠲᠠᠶᠢᠯᠤᠮᠵᠢ ᠬᠢᠵᠦ ᠬᠠᠷᠢᠭᠤ ᠲᠤᠰᠬᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠦ | ᠳᠤᠳᠤᠷᠬᠠᠶᠢᠯᠠᠪᠠ︔ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠢᠯᠡ ᠲᠣᠳᠣ ᠲᠠᠶᠢᠯᠪᠤᠷᠢᠯᠠᠵᠤ᠂ | ᠳᠡᠯᠭᠡᠷᠡᠭᠦᠯᠦᠨ ᠤᠬᠠᠭᠤᠯᠬᠤ ᠳᠤ ᠲᠥᠬᠦᠮ ᠦᠵᠡᠬᠦᠯᠬᠦ ᠪᠠᠷ ᠵᠠᠷᠴᠢᠮ ᠪᠣᠯᠭᠠᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ | ᠂ ᠲᠥᠷᠥ ᠶᠢᠨ ᠪᠣᠳᠣᠯᠭ᠎ᠠ ᠶᠢᠨ ᠵᠤᠷᠰᠢᠯᠲᠤ ᠬᠤᠷᠠᠯ᠂ ᠵᠢᠷᠤᠭ ᠢᠶᠠᠷ ᠦᠵᠡᠬᠦᠯᠵᠦ ᠵᠢᠷᠤᠭ ᠢᠶᠠᠷ ᠲᠠᠶᠢᠯᠪᠤᠷᠢ ᠬᠢᠬᠦ᠂ | ᠠᠬᠤᠶ ᠲᠠᠯᠠᠪᠠᠶ ᠶᠢᠨ ᠦᠵᠡᠭᠦᠯᠭᠡ᠂ ᠺᠠᠷᠲ᠋ᠣᠨ᠂ ᠲᠤᠰᠬᠠᠶ ᠮᠡᠷᠭᠡᠵᠢᠯᠲᠡᠨ ᠤ ᠰᠤᠷᠪᠤᠯᠵᠢᠯᠠᠭ᠎ᠠ᠂ ᠣᠬᠤᠷ ᠸᠢᠳᠢᠣ᠋ ᠵᠡᠷᠭᠡ | ᠣᠯᠠᠨ ᠡᠰᠢᠵᠢᠭᠰᠡᠨ ᠲᠠᠶᠢᠯᠤᠮᠵᠢ ᠶᠢᠨ ᠬᠡᠯᠪᠡᠷᠢ ᠶᠢ ᠶᠡᠷᠦᠩᠬᠡᠶᠢᠯᠡᠨ ᠰᠣᠩᠭᠤᠨ ᠬᠡᠷᠡᠭᠯᠡᠵᠦ᠂ ᠲᠥᠷᠥ ᠶᠢᠨ | ᠪᠣᠳᠣᠯᠭ᠎ᠠ ᠶᠢ ᠤᠯᠠᠮᠵᠢᠯᠠᠨ ᠳᠡᠯᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠳᠣᠷᠬᠠᠶᠢᠯᠠᠪᠠ᠃ | ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠡᠭᠦᠰᠦᠭᠰᠡᠨ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠳᠤ ᠴᠢᠭᠯᠡᠭᠦᠯᠦᠨ᠂ ᠬᠤᠶᠠᠳᠠᠬᠢ ᠤᠳᠠᠭ᠎ᠠ ᠲᠠᠶᠢᠯᠤᠮᠵᠢ ᠬᠢᠬᠦ᠂ ᠮᠥᠷᠳᠡᠨ ᠲᠠᠶᠢᠯᠤᠮᠵᠢ ᠬᠢᠬᠦ ᠶᠢ | ᠥᠷᠨᠢᠭᠦᠯᠵᠦ᠂ ᠪᠢᠴᠢᠭ ᠮᠠᠲ᠋ᠧᠷᠢᠶᠠᠯ ᠨᠠᠶᠢᠷᠠᠭᠤᠯᠤᠨ ᠲᠤᠭᠤᠷᠪᠢᠬᠤ ᠨᠢᠭᠡᠴᠢ ᠶᠢᠨ ᠲᠠᠶᠢᠯᠤᠮᠵᠢ ᠬᠢᠬᠦ ᠪᠠᠶᠢᠭᠤᠯᠤᠮᠵᠢ᠂ | ᠲᠠᠶᠢᠯᠦᠮᠵᠢ ᠬᠢᠭᠴᠢ᠂ ᠬᠠᠷᠢᠯᠴᠠᠬᠤ ᠤᠲᠠᠰᠤ ᠵᠡᠷᠭᠡ ᠶᠢ ᠢᠵᠢᠯ ᠠᠯᠬᠤᠮ ᠢᠶᠠᠷ ᠢᠯᠡ ᠪᠣᠯᠭᠠᠬᠤ ᠶᠢ ᠵᠣᠷᠢᠭᠵᠢᠭᠤᠯᠵᠤ᠂ | ᠲᠠᠶᠢᠯᠦᠮᠵᠢ ᠬᠢᠵᠦ ᠬᠠᠷᠢᠭᠤ ᠲᠤᠰᠬᠠᠬᠤ ᠶᠢ ᠪᠠᠶᠢᠩᠭᠤᠴᠢᠯᠠᠬᠤ ᠶᠢ ᠠᠬᠢᠭᠤᠯᠬᠤ ᠬᠡᠷᠡᠭᠲᠡᠶ︔ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠳᠠᠯ ᠤᠨ ᠬᠤᠷᠠᠯ᠂ | ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠨᠡᠶᠢᠭᠡᠮ ᠨᠡᠶᠢᠲᠡ ᠠᠴᠠ | ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ | ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠶᠢᠨ ᠣᠷᠣᠯᠴᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ | ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠵᠠᠰᠠᠭ ᠤᠨ ᠣᠷᠳᠣᠨ ᠤ ᠰᠦᠯᠵᠢᠶ᠎ᠡ ᠪᠠᠷ ᠵᠠᠰᠠᠭ ᠤᠨ ᠣᠷᠳᠣᠨ ᠤ | ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠴᠤᠭᠯᠠᠭᠤᠯᠬᠤ᠂ ᠵᠠᠰᠠᠭ ᠤᠨ ᠣᠷᠳᠣᠨ ᠤ | ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠬᠤ᠂ ᠵᠠᠰᠠᠭ ᠤᠨ ᠣᠷᠳᠣᠨ ᠤ ᠰᠦᠯᠵᠢᠶᠡᠨ ᠤ ᠵᠠᠰᠠᠯᠲᠠ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠣᠯᠠᠨ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠬᠦ᠂ ᠠᠯᠠᠭᠠᠨ ᠳᠡᠭᠡᠷ᠎ᠡ ᠬᠦᠢᠴᠡᠳᠭᠡᠬᠦ᠂ | ᠨᠢᠭᠡ ᠯᠠ ᠤᠳᠠᠭ᠎ᠠ ᠳᠤ ᠬᠦᠢᠴᠡᠳᠭᠡᠬᠦ ᠶᠢ ᠠᠬᠢᠭᠤᠯᠤᠨ᠂ ᠨᠢᠭᠡ ᠰᠦᠯᠵᠢᠶ᠎ᠡ ᠪᠠᠷ ᠨᠡᠶᠢᠳᠡᠮ ᠪᠠᠶᠢᠴᠠᠭᠠᠬᠤ᠂ ᠨᠢᠭᠡ | ᠰᠦᠯᠵᠢᠶ᠎ᠡ ᠪᠠᠷ ᠨᠡᠶᠢᠳᠡᠮ ᠬᠠᠷᠢᠭᠤᠯᠬᠤ᠂ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠨᠢᠭᠡ ᠰᠦᠯᠵᠢᠶ᠎ᠡ ᠪᠠᠷ | ᠨᠡᠶᠢᠳᠡᠮ ᠬᠠᠮᠢᠶᠠᠷᠬᠤ ᠶᠢ ᠪᠡᠶᠡᠯᠡᠬᠦᠯᠬᠦ ᠬᠡᠷᠡᠭᠳᠡᠢ ᠭᠡᠵᠦ ᠲᠤᠳᠤᠷᠬᠠᠶᠢᠯᠠᠪᠠ︔ ᠵᠢᠯ ᠤᠨ ᠳᠣᠲᠣᠷ᠎ᠠ ᠴᠢᠳᠠᠮᠵᠢ ᠨᠢ | ᠡᠷᠴᠢᠮᠵᠢᠭᠰᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠴᠢᠮᠵᠢᠭᠦᠯᠦᠭᠰᠡᠨ ᠲᠠᠪᠴᠠᠩ ᠢ ᠪᠠᠶᠢᠭᠤᠯᠵᠦ᠂ | ᠣᠲᠣ ᠶᠢᠨ ᠪᠠᠶᠢᠭ᠎ᠠ ᠡᠯ᠎ᠡ ᠠᠶᠢᠮᠠᠭ ᠬᠤᠲᠠ ᠶᠢᠨ ᠰᠦᠯᠵᠢᠶᠡᠨ ᠴᠤᠭᠯᠠᠷᠠᠯ ᠤᠨ ᠲᠠᠪᠴᠠᠩ ᠢ ᠡᠷᠴᠢᠮᠵᠢᠭᠦᠯᠦᠭᠰᠡᠨ | ᠲᠠᠪᠴᠠᠩ ᠪᠣᠯᠭᠠᠨ ᠲᠦᠷᠭᠡᠳᠬᠡᠨ ᠲᠠᠰ ᠳᠡᠪᠰᠢᠬᠦᠯᠬᠦ ᠪᠠᠷ ᠦᠭᠡᠷᠡᠴᠢᠯᠡᠨ ᠪᠠᠶᠢᠭᠤᠯᠵᠦ᠂ ᠵᠠᠰᠠᠭ ᠤᠨ ᠣᠷᠳᠣᠨ ᠤ | ᠰᠦᠯᠵᠢᠶᠡᠨ ᠳᠡᠭᠡᠷ᠎ᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠲᠣᠳᠣᠷᠬᠠᠶᠢᠯᠠᠪᠠ︔ ᠲᠥᠷᠥᠯ ᠬᠤᠪᠢᠶᠠᠭᠰᠠᠨ ᠰᠢᠨᠵᠢᠯᠡᠬᠦ | ᠤᠬᠠᠭᠠᠨᠴᠢ᠂ ᠲᠥᠪᠯᠡᠷᠡᠭᠦᠯᠦᠨ ᠵᠢᠷᠤᠮᠵᠢᠭᠤᠯᠤᠭᠰᠠᠨ᠂ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠪᠥᠬᠦ | ᠲᠠᠪᠴᠠᠩ ᠤᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠲᠦᠷᠭᠡᠳᠬᠡᠨ ᠪᠠᠶᠢᠭᠤᠯᠵᠤ᠂ | ᠪᠥᠬᠦ ᠣᠷᠣᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠮᠡᠳᠡᠭᠡ ᠵᠠᠩᠭᠢ ᠶᠢᠨ ᠡᠬᠢ ᠪᠠᠶᠠᠯᠢᠭ ᠢ | ᠨᠢᠭᠡᠳᠦᠯᠲᠡᠶ ᠬᠠᠮᠢᠶᠠᠷᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠲᠤᠭ᠎ᠠ ᠪᠠᠷᠢᠮᠲᠠ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠬᠦᠯᠬᠦ ᠬᠡᠷᠡᠭᠳᠡᠢ ᠭᠡᠵᠦ ᠲᠣᠳᠣᠷᠬᠠᠶᠢᠯᠠᠪᠠ︔ ᠪᠥᠬᠦ | ᠣᠷᠣᠨ ᠤ ᠪᠣᠶ ᠪᠥᠬᠦᠶ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠮᠡᠳᠡᠬᠦᠯᠦᠨ ᠬᠦᠷᠭᠡᠬᠦ ᠰᠢᠰᠲ᠋ᠧᠮ︾ ᠳᠤ | ᠣᠷᠣᠭᠤᠯᠤᠨ ᠬᠠᠮᠢᠶᠠᠷᠴᠤ᠂ ᠡᠯ᠎ᠡ ᠭᠠᠵᠠᠷ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠴᠡᠭᠴᠡᠯᠡᠵᠦ ᠨᠡᠶᠢᠯᠡᠭᠦᠯᠬᠦ ᠵᠡᠷᠭᠡ ᠠᠵᠢᠯ ᠢ | ᠦᠷᠨᠢᠬᠦᠯᠬᠦ ᠬᠡᠷᠡᠭᠲᠡᠢ ᠭᠡᠵᠦ ᠲᠣᠳᠣᠷᠬᠠᠶᠢᠯᠠᠪᠠ︔ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠪᠠ ︽ᠮᠥᠩᠬᠡ ᠰᠤᠪᠠᠭ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠶᠡᠷᠦᠩᠬᠡᠶ | ᠫᠤᠷᠲ᠋ᠧᠯ ᠰᠦᠯᠵᠢᠶ᠎ᠡ᠂ ᠶᠡᠷᠦᠩᠬᠡᠶ ᠬᠦᠢᠰᠦ ᠪᠣᠯᠭᠠᠨ ᠪᠠᠶᠢᠭᠤᠯᠵᠤ᠂ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠬᠦ | ᠬᠡᠷᠡᠭᠳᠡᠢ ᠭᠡᠵᠦ ᠲᠣᠳᠣᠷᠬᠠᠶᠢᠯᠠᠪᠠ᠃ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠭᠦᠨᠵᠡᠭᠡᠶᠢᠷᠡᠭᠦᠯᠬᠦ | ᠲᠠᠯ᠎ᠠ ᠪᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶᠡᠨ ᠤ ︽ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾᠂ ︽ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠤᠨ ᠬᠥᠮᠥᠷᠭᠡ︾ ᠵᠡᠷᠭᠡ ᠪᠤᠯᠤᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠠᠷᠠᠳ ᠣᠯᠠᠨ ᠤ | ᠠᠩᠬᠠᠷᠤᠨ ᠬᠠᠯᠠᠮᠵᠢᠯᠠᠵᠤ ᠪᠠᠶᠢᠭ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠢᠯᠡ ᠪᠣᠯᠭᠠᠬᠤ ᠠᠵᠢᠯ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠳᠤᠳᠤᠷᠬᠠᠶᠢᠯᠠᠪᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠤᠰᠤᠭᠠᠷ ᠢᠯᠡ ᠪᠣᠯᠭᠠᠬᠤ | ᠲᠠᠪᠴᠠᠩ ᠤᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ | ᠶᠤᠰᠤᠭᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠭᠤᠶᠤᠴᠢᠯᠠᠯ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠠᠬᠢᠭᠤᠯᠤᠨ | ᠪᠡᠶᠡᠯᠡᠬᠦᠯᠬᠦ ᠬᠡᠷᠡᠭᠲᠡᠶ ᠭᠡᠵᠦ ᠲᠣᠳᠣᠷᠬᠠᠶᠢᠯᠠᠪᠠ︔ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠣᠷᠣᠨ ᠨᠤᠲᠤᠭ ᠤᠨ ᠪᠠᠷᠢᠮᠵᠢᠶ᠎ᠠ ᠶᠢ | ᠲᠦᠭᠡᠮᠡᠯᠵᠢᠬᠦᠯᠦᠨ ᠲᠤᠷᠰᠢᠨ ᠬᠡᠷᠡᠭᠯᠡᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠨᠳᠦᠰᠦᠨ | ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ | ᠵᠢᠷᠤᠮᠵᠢᠭᠤᠯᠬᠤ ᠠᠵᠢᠯ ᠢ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠳᠡᠭᠡᠷ᠎ᠡ ᠨᠢᠭᠡ ᠵᠢᠯ ᠤᠨ | ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠡᠷᠭᠢᠴᠡᠭᠦᠯᠵᠦ᠂ ᠲᠣᠰ ᠤᠨ ᠤ ᠠᠵᠢᠯ ᠤᠨ ᠡᠭᠦᠷᠭᠡ ᠪᠠᠨ ᠳᠠᠬᠢᠨ | ᠪᠠᠶᠢᠷᠢᠯᠠᠭᠤᠯᠵᠤ᠂ ᠪᠠᠷᠢᠮᠵᠢᠶᠠᠵᠢᠭᠤᠯᠬᠤ ᠪᠠᠷ ᠭᠠᠷᠳᠠᠴᠠ ᠪᠣᠯᠭᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠳᠤᠳᠤᠷᠬᠠᠶᠢᠯᠠᠪᠠ᠃ ᠢᠯᠡ ᠪᠣᠯᠭᠠᠬᠤ ᠡᠩᠨᠡᠭᠡ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠠᠵᠢᠯ ᠢᠶᠠᠨ ᠵᠤᠬᠢᠴᠠᠭᠤᠯᠵᠦ᠂ ᠬᠢᠨᠠᠯᠲᠠ ᠲᠠᠯᠪᠢᠬᠤ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ | ᠲᠣᠭᠲᠠᠭᠠᠯ ᠰᠠᠬᠢᠯᠭ᠎ᠠ ᠪᠠᠲᠤ ᠶᠣᠰᠣᠭᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠯᠭᠠᠨ ᠬᠢᠨᠠᠵᠤ | ᠦᠨᠡᠯᠡᠨ ᠵᠢᠱᠢᠬᠦ ᠶᠢ ᠥᠷᠨᠢᠭᠦᠯᠵᠦ᠂ ᠬᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠲᠣᠭᠲᠠᠭᠠᠵᠤ᠂ ᠠᠵᠢᠯ ᠤᠨ ᠪᠦᠬᠦᠯᠢ ᠴᠣᠭᠴᠠ ᠶᠢᠨ ᠬᠠᠨᠳᠤᠰᠢ ᠶᠢ ᠨᠠᠩ ᠰᠠᠶᠢᠨ ᠡᠵᠡᠮᠳᠡᠬᠦ ᠬᠡᠷᠡᠭᠲᠡᠶ | ᠭᠡᠵᠦ ᠳᠤᠲᠤᠷᠬᠠᠶᠢᠯᠠᠪᠠ︔ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯᠪᠠᠰᠤᠷᠠᠯ ᠤᠨ ᠠᠵᠢᠯ ᠢ ᠲᠡᠭᠦᠯᠳᠡᠷᠵᠢᠭᠦᠯᠵᠦ᠂ | ᠪᠣᠯᠪᠠᠰᠤᠷᠠᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠣᠯᠠᠨ ᠡᠰᠢᠲᠦ ᠪᠣᠯᠪᠠᠰᠤᠷᠠᠯ ᠤᠨ ᠪᠠᠶᠢᠷᠢᠰᠢᠯ ᠢ ᠪᠣᠶ | ᠪᠣᠯᠭᠠᠵᠤ᠂ ᠠᠵᠢᠯ ᠤᠨ ᠭᠤᠤᠯᠳᠠᠯᠭ᠎ᠠ ᠶᠢ ᠬᠠᠷᠭᠤᠭᠤᠯᠬᠤ᠂ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠠᠷᠠᠯᠲᠠ ᠳᠤ | ᠬᠦᠷᠬᠦ ᠬᠡᠷᠡᠭᠲᠡᠶ ᠭᠡᠵᠦ ᠲᠣᠳᠣᠷᠬᠠᠶᠢᠯᠠᠪᠠ︔ ᠲᠤᠰ ᠭᠤᠤᠯᠳᠠᠯᠭ᠎ᠠ ᠳᠤ ᠳᠤᠷᠠᠳᠤᠭᠰᠠᠨ ᠲᠤᠰ ᠭᠠᠵᠠᠷ ᠣᠷᠣᠨ᠂ ᠲᠤᠰ | ᠰᠠᠯᠠᠭ᠎ᠠ ᠮᠥᠴᠢᠷ ᠲᠤ ᠬᠤᠯᠪᠣᠭᠳᠠᠬᠤ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠡᠬᠡ | ᠳᠠᠩᠰᠠ ᠶᠢ ᠡᠮᠬᠢᠯᠡᠨ ᠪᠦᠷᠢᠯᠳᠦᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠨ᠂ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠶ︖ | ᠨᠢᠭᠡ ᠳᠤ᠂ ᠭᠤᠤᠯᠳᠠᠯᠭ᠎ᠠ ᠲᠠᠢ ᠠᠵᠢᠯ ᠪᠣᠯᠤᠨ ᠡᠳᠦᠷ ᠲᠤᠲᠤᠮ ᠤᠨ ᠠᠵᠢᠯ ᠤᠨ ᠬᠠᠷᠢᠴᠠᠭ᠎ᠠ ᠶᠢ ᠰᠠᠶᠢᠲᠤᠷ | ᠡᠵᠡᠮᠳᠡᠬᠦ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠪᠣᠯ ᠥᠪᠡᠷᠲᠡᠭᠡᠨ ᠵᠠᠰᠠᠬᠤ | ᠣᠷᠣᠨ ᠠᠴᠠ ᠪᠥᠬᠦ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠳᠤᠷᠠᠳᠤᠭᠰᠠᠨ ᠶᠡᠷᠦᠩᠬᠡᠶ | ᠱᠠᠭᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠭᠤᠤᠯᠳᠠᠯᠭ᠎ᠠ ᠶᠢᠨ ᠲᠣᠭᠤᠷᠢᠨ ᠳᠤ | ᠠᠵᠢᠯ ᠢᠶᠠᠨ ᠠᠬᠢᠭᠤᠯᠵᠤ᠂ ᠭᠤᠤᠯᠳᠠᠯᠭ᠎ᠠ ᠪᠠᠷ ᠠᠵᠢᠯ ᠢᠶᠠᠨ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠬᠡᠷᠡᠭᠲᠡᠶ᠃ | ᠭᠤᠤᠯᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠭᠤᠤᠯᠳᠠᠯᠭ᠎ᠠ ᠲᠠᠢ ᠠᠵᠢᠯ ᠢ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ ᠪᠠᠷ ᠪᠠᠷᠠᠬᠤ ᠦᠭᠡᠢ ᠪᠠᠰᠠ ᠠᠰᠠᠭᠤᠳᠠᠯ | ᠳᠤᠲᠠᠭᠤᠳᠠᠯ ᠢ ᠣᠨᠣᠪᠴᠢᠲᠠᠢ ᠡᠷᠢᠵᠦ᠂ ᠡᠳᠦᠷ ᠲᠤᠳᠤᠮ ᠤᠨ ᠠᠵᠢᠯ ᠢ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠠᠵᠢᠯ ᠤᠨ ᠭᠤᠤᠯᠳᠠᠯᠭ᠎ᠠ ᠳᠤ ᠳᠤᠷᠠᠳᠤᠭᠰᠠᠨ ︽ᠳᠡᠭᠡᠷ᠎ᠡ | ᠨᠢᠭᠡ ᠤᠨ ᠤ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ︿ᠪᠤᠴᠠᠨ ᠦᠵᠡᠬᠦ﹀ ᠠᠵᠢᠯ ᠢ | ᠥᠷᠨᠢᠭᠦᠯᠬᠦ︾ ᠱᠠᠭᠠᠷᠳᠠᠯᠭ᠎ᠠ ᠶᠣᠰᠣᠭᠠᠷ᠂ ᠥᠩᠭᠡᠷᠡᠭᠰᠡᠨ ᠤ ᠠᠵᠢᠯ ᠤᠨ ᠭᠤᠤᠯᠳᠠᠯᠭ᠎ᠠ ᠳᠠᠬᠢ ᠪᠡᠶᠡᠯᠡᠭᠦᠯᠦᠭᠡᠳᠦᠶ | ᠡᠭᠦᠷᠭᠡ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠳᠡᠢ᠃ ᠠᠵᠢᠯ ᠤᠨ ᠭᠤᠣᠯᠳᠠᠯᠭ᠎ᠠ ᠪᠣᠯ ᠭᠤᠤᠯ | ᠠᠵᠢᠯ ᠮᠥᠨ ᠪᠤᠯᠪᠠᠴᠦ ᠪᠦᠬᠦ ᠠᠵᠢᠯ ᠪᠢᠰᠢ᠂ ᠭᠤᠤᠯᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ | ᠭᠤᠣᠯᠳᠠᠯᠭ᠎ᠠ ᠲᠠᠢ ᠠᠵᠢᠯ ᠢ ᠠᠳᠬᠤᠬᠤ ᠪᠠ ᠡᠳᠦᠷ ᠲᠤᠳᠤᠮ ᠤᠨ ᠠᠵᠢᠯ ᠢ ᠠᠳᠬᠤᠬᠤ ᠶᠢᠨ ᠬᠠᠷᠢᠴᠠᠭ᠎ᠠ ᠶᠢ | ᠰᠠᠶᠢᠲᠤᠷ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ | ᠠᠬᠢᠭᠤᠯᠬᠤ ᠶᠢᠨ ᠬᠠᠮᠲᠤ᠂ ᠡᠳᠦᠷ ᠲᠤᠳᠤᠮ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠠᠵᠢᠯ ᠤᠨ ᠪᠠᠶᠢᠭᠤᠯᠤᠮᠵᠢ ᠶᠢᠨ ᠬᠠᠷᠢᠴᠠᠭ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠠᠵᠢᠯ ᠤᠨ ᠭᠤᠤᠯᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠯ᠎ᠡ ᠭᠠᠵᠠᠷ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ | ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠵᠢᠯᠣᠭᠤᠳᠤᠨ | ᠠᠬᠢᠭᠤᠯᠵᠤ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠬᠠᠷᠢᠯᠴᠠᠭ᠎ᠠ ᠪᠠᠨ ᠴᠢᠩᠭᠠᠳᠬᠠᠨ᠂ ᠳᠤᠤᠷᠠᠳᠤ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠶᠢ ᠬᠢᠨᠠᠨ | ᠵᠢᠯᠣᠭᠤᠳᠬᠤ ᠪᠠᠨ ᠴᠢᠩᠭᠠᠷᠠᠭᠤᠯᠵᠤ᠂ ᠠᠵᠢᠯ ᠤᠨ ᠭᠤᠤᠯᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠶᠠᠪᠤᠴᠠ ᠳᠤ ᠬᠡᠯᠪᠡᠷᠢ ᠶᠢᠨ ᠲᠠᠳᠤᠢ ᠪᠤᠯᠭᠠᠬᠤ᠂ ᠳᠦᠭᠦᠮᠴᠢᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠠᠵᠢᠯ ᠢ | ᠠᠬᠢᠭᠤᠯᠬᠤ ᠨᠡᠶᠢᠯᠡᠮᠡᠯ ᠬᠦᠴᠦᠨ ᠢ ᠪᠦᠷᠢᠳᠦᠬᠦᠯᠬᠦ ᠬᠡᠷᠡᠭᠳᠡᠢ᠃ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠠᠴᠠ ᠠᠵᠢᠯ ᠤᠨ ᠭᠤᠤᠯᠳᠠᠯᠭ᠎ᠠ ᠲᠠᠢ ᠪᠠᠨ | ᠬᠠᠷᠢᠴᠠᠭᠤᠯᠤᠨ ᠰᠠᠨᠠᠭᠠᠴᠢᠯᠠᠭ᠎ᠠ ᠠᠴᠠ ᠪᠠᠨ ᠡᠭᠦᠷᠭᠡ ᠬᠦᠯᠢᠶᠡᠵᠦ᠂ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ | ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠵᠦ᠂ ᠢᠯᠡ ᠪᠣᠯᠭᠠᠬᠤ ᠪᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠵᠢᠷᠤᠮᠵᠢᠯ ᠢ ᠠᠬᠢᠭᠤᠯᠬᠤ᠂ ᠦᠢᠯᠡᠴᠢᠯᠡᠭᠡ ᠶᠢ ᠠᠬᠢᠭᠤᠯᠬᠤ ᠶᠢᠨ | ᠲᠣᠭᠤᠷᠢᠨ ᠳᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ | ᠴᠢᠭᠯᠡᠭᠦᠯᠦᠨ᠂ ᠲᠣᠰ ᠰᠠᠯᠠᠭ᠎ᠠ ᠮᠥᠴᠢᠷ ᠤᠨ ᠢᠶᠠᠨ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ | ᠲᠤᠰᠬᠠᠬᠤ᠂ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠬᠢᠷᠢ ᠲᠦᠪᠰᠢᠨ ᠢᠶᠠᠨ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ | ᠰᠦᠯᠵᠢᠶ᠎ᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢᠨ ᠬᠠᠷᠢᠴᠠᠭ᠎ᠠ ᠶᠢ ᠰᠠᠶᠢᠲᠤᠷ ᠡᠵᠡᠮᠳᠡᠬᠦ ᠬᠡᠷᠡᠭᠲᠡᠶ | ᠃ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠣᠯ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠮᠥᠨ᠂ ᠣᠯᠠᠨ ᠲᠦᠮᠡᠨ ᠤ ᠵᠠᠰᠠᠭ ᠤᠨ | ᠣᠷᠳᠣᠨ ᠢ ᠮᠡᠳᠡᠷᠡᠬᠦ ᠪᠠ ᠵᠠᠰᠠᠭ ᠤᠨ ᠣᠷᠳᠣᠨ ᠢ ᠦᠨᠡᠯᠡᠬᠦ ᠶᠢᠨ ︽ᠬᠠᠮᠤᠭ ᠤᠨ ᠲᠡᠷᠢᠭᠦᠨ ᠤ ᠨᠢᠭᠡ ᠺᠢᠯᠣᠮᠧᠳ᠋ᠷ︾ | ᠮᠥᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠤᠳᠠᠳᠠᠢ ᠳᠤ | ᠨᠠᠶᠢᠳᠠᠪᠤᠷᠢᠵᠢᠭᠤᠯᠵᠦ ᠦᠷ᠎ᠡ ᠪᠦᠲᠦᠮᠵᠢ ᠭᠠᠷᠭᠠᠬᠤ ᠶᠢᠨ ︽ᠬᠠᠮᠤᠭ ᠤᠨ ᠡᠴᠦᠰ ᠤᠨ ᠨᠢᠭᠡ ᠺᠢᠯᠣᠮᠧᠳ᠋ᠷ︾ ᠮᠥᠨ᠃ | ᠠᠵᠢᠯ ᠤᠨ ᠭᠤᠤᠯᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶ᠎ᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢᠨ | ᠬᠠᠷᠢᠴᠠᠭ᠎ᠠ ᠶᠢ ᠰᠠᠶᠢᠲᠤᠷ ᠡᠵᠡᠮᠳᠡᠬᠦ ᠬᠡᠷᠡᠭᠲᠡᠶ᠂ ᠲᠤᠬᠠᠶᠢᠯᠠᠪᠠᠯ ᠵᠠᠰᠠᠭ ᠤᠨ ᠣᠷᠳᠣᠨ ᠤ ᠰᠦᠯᠵᠢᠶ᠎ᠡ ︵ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ︶ ᠶᠢᠨ ᠪᠠᠶᠢᠭᠤᠯᠤᠯᠲᠠ ᠬᠠᠮᠢᠶᠠᠷᠤᠯᠲᠠ ᠶᠢ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠭᠦᠨᠵᠡᠭᠡᠶᠢᠷᠡᠭᠦᠯᠬᠦ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ | ᠣᠷᠳᠣᠨ ᠤ ᠰᠦᠯᠵᠢᠶ᠎ᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠠᠴᠠ ᠠᠵᠢᠯ ᠤᠨ ᠭᠤᠤᠯᠳᠠᠯᠭ᠎ᠠ ᠶᠢᠨ | ᠲᠣᠭᠤᠷᠢᠨ ᠳᠤ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠲᠤᠰᠬᠠᠬᠤ᠂ ᠠᠵᠢᠯ ᠶᠠᠪᠤᠳᠠᠯ | ᠬᠦᠢᠴᠡᠳᠭᠡᠬᠦ ᠳᠤ ᠦᠢᠯᠡᠴᠢᠯᠡᠬᠦ᠂ ᠬᠠᠷᠢᠯᠴᠠᠨ ᠦᠢᠯᠡᠳᠦᠯᠴᠡᠵᠦ ᠰᠣᠯᠢᠯᠴᠠᠬᠤ ᠵᠡᠷᠭᠡ ᠲᠠᠯ᠎ᠠ ᠶᠢᠨ ᠴᠢᠳᠠᠮᠵᠢ ᠶᠢᠨ | ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠳᠤ ᠵᠠᠰᠠᠭ ᠤᠨ | ᠣᠷᠳᠣᠨ ᠤ ᠰᠦᠯᠵᠢᠶ᠎ᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢᠨ ᠲᠠᠪᠴᠠᠩ ᠤᠨ ᠦᠢᠯᠡᠳᠦᠯ ᠢ | ᠬᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ | ᠦᠢᠯᠡᠴᠢᠯᠡᠭᠡ ᠶᠢ ᠨᠠᠩ ᠢᠯᠡ ᠲᠣᠳᠣ ᠵᠢᠷᠤᠮᠵᠢᠯ ᠲᠠᠢ ᠪᠣᠯᠭᠠᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠠᠰᠠᠭ ᠤᠨ | ᠣᠷᠳᠣᠨ ᠤ ᠰᠦᠯᠵᠢᠶ᠎ᠡ ᠶᠢᠨ ᠭᠤᠤᠯᠯᠠᠨ ᠡᠷᠬᠢᠯᠡᠵᠦ ᠪᠠᠶᠢᠭ᠎ᠠ ᠨᠢᠭᠡᠴᠢ ᠨᠦᠭᠦᠳ ᠵᠤᠬᠢᠴᠠᠭᠤᠯᠭ᠎ᠠ ᠬᠠᠮᠵᠢᠯᠴᠠᠭ᠎ᠠ᠂ | ᠠᠵᠢᠯ ᠤᠨ ᠬᠠᠷᠢᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠯ᠎ᠠ ᠪᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠡᠭᠦᠷᠭᠡᠯᠡᠬᠦ | ᠬᠡᠷᠡᠭᠲᠡᠶ᠃ |