ᠬᠤᠶᠠᠷ ᠦᠶ᠎ᠡ ᠶᠢᠨ ᠨᠠᠮ ᠤᠨ ᠬᠡᠰᠢᠬᠦᠨ ᠤ ᠨᠠᠮ ᠳᠠᠭᠠᠨ ᠡᠷᠭᠦᠭᠰᠡᠨ ᠰᠡᠳᠬᠢᠯ ᠤᠨ ᠪᠡᠯᠡᠭ
ᠨᠡᠶᠢᠲᠡᠯᠡᠭᠰᠡᠨ ᠴᠠᠭ᠄
2021/7/13
  ᠬᠤᠶᠠᠷ ᠦᠶ᠎ᠡ ᠶᠢᠨ ᠨᠠᠮ ᠤᠨ ᠬᠡᠰᠢᠬᠦᠨ ᠤ ᠨᠠᠮ ᠳᠠᠭᠠᠨ ᠡᠷᠭᠦᠭᠰᠡᠨ ᠰᠡᠳᠬᠢᠯ ᠤᠨ ᠪᠡᠯᠡᠭ   ᠨᠠᠯᠠᠭᠠᠷ ᠵᠤᠨ ᠤ ᠰᠠᠶᠢᠬᠠᠨ ᠡᠳᠦᠷ᠂ ᠰᠤᠷᠪᠤᠯᠵᠢᠯᠠᠭᠴᠢ ᠬᠦᠳᠡᠭᠡ ᠨᠤᠳᠤᠭ ᠢᠶᠠᠷ ᠰᠤᠷᠪᠤᠯᠵᠢᠯᠠᠨ ᠶᠠᠪᠤᠬᠤ ᠳᠠᠭᠠᠨ ᠰᠡᠴᠡᠡᠬᠤᠸᠠᠷ ᠡᠬᠡ  ᠦᠬᠢᠨ ᠬᠤᠶᠠᠭᠤᠯᠠ ᠶᠢᠨ ᠨᠠᠮ ᠳᠠᠭᠠᠨ ᠡᠷᠬᠦᠬᠦ ᠰᠡᠳᠬᠢᠯ ᠤᠨ ᠪᠡᠯᠡᠭ ᠪᠤᠯᠬᠤ ᠢᠰᠡᠬᠡᠢ ᠤᠷᠠᠯᠠᠯ ᠤᠨ ᠪᠦᠳᠦᠭᠡᠯ ᠢᠶᠠᠨ ᠤᠷᠠᠯᠠᠨ ᠤᠶᠤᠵᠤ ᠪᠠᠶᠢᠭ᠎ᠠ ᠲᠠᠢ ᠲᠤᠬᠢᠶᠠᠯᠳᠤᠯ᠎ᠠ᠃
     ᠰᠡᠴᠡᠡᠬᠤᠸᠠᠷ ᠪᠤᠯ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠪᠤᠷᠤᠬᠤᠰᠢᠭᠤ ᠭᠠᠴᠠᠭᠠᠨ ᠤ ᠮᠠᠯᠴᠢᠨ ᠪᠦᠰᠡᠭᠦᠢ ᠶᠤᠮ᠃ ᠡᠨᠡ ᠵᠢᠯ 52 ᠨᠠᠰᠤ ᠲᠠᠢ ᠲᠡᠷᠡ ᠪᠠᠷ 18 ᠵᠢᠯ ᠤᠨ ᠨᠠᠮ ᠤᠨ ᠠᠮᠢᠳᠤᠷᠠᠯ ᠲᠠᠢ᠃ ᠰᠡᠴᠡᠡᠬᠤᠸᠠᠷ ᠬᠠᠷᠠᠬᠠᠨ ᠪᠠᠭ᠎ᠠ ᠠᠴᠠ ᠪᠠᠨ ᠬᠦᠳᠡᠭᠡ ᠨᠤᠳᠤᠭ ᠲᠤ ᠦᠰᠴᠦ ᠦᠢᠯᠡ ᠤᠶᠤᠳᠠᠯ ᠳᠤ ᠴᠠᠭᠠᠷᠠᠵᠦ᠂ ᠤᠯᠤᠰ ᠲᠠᠶᠠᠭᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ ᠪᠠᠶᠢᠭ᠎ᠠ ᠡᠨᠡᠬᠦ ᠮᠦᠴᠡ ᠳᠤ ᠦᠬᠢᠨ ᠤᠷᠭᠤᠮᠠᠯ ᠲᠠᠢ ᠪᠠᠨ ᠬᠤᠶᠠᠭᠤᠯᠠ ᠭᠠᠷ ᠤᠨ ᠤᠷᠠᠨ ᠢᠶᠠᠨ ᠭᠠᠷᠭᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠵᠤᠷᠢᠭᠤᠯᠤᠨ ᠢᠰᠡᠭᠡᠢ ᠬᠠᠳᠬᠤᠮᠠᠯ ᠤᠷᠠᠯᠠᠨ ᠤᠶᠤᠭᠰᠠᠨ ᠨᠢ ᠡᠨᠡ ᠪᠠᠶᠢᠯ᠎ᠠ᠃
   ᠰᠡᠴᠡᠡᠬᠤᠸᠠᠷ ᠤᠨ ᠦᠬᠢᠨ ᠤᠷᠭᠤᠮᠠᠯ ᠪᠤᠯ ︽ᠰᠢᠯᠢᠳᠡᠭ ᠵᠠᠯᠠᠭᠤᠴᠤᠳ︾ ᠵᠡᠷᠭᠡ ᠢᠷᠠᠭᠤ ᠠᠯᠳᠠᠷ ᠬᠦᠷᠳᠡᠵᠦ ᠪᠠᠶᠢᠭᠰᠠᠨ ᠤᠬᠠᠭᠠᠯᠢᠭ  ᠦᠬᠢᠨ ᠶᠤᠮ᠃ ᠲᠡᠷᠡ ᠪᠠᠷ ᠡᠵᠢ ᠶᠢᠨ ᠢᠶᠠᠨ ᠨᠦᠯᠦᠭᠡ ᠪᠠᠷ ᠡᠷᠳᠡ ᠠᠴᠠ ᠨᠠᠮ ᠳᠤ ᠡᠷᠡᠮᠡᠯᠵᠡᠵᠦ᠂ ᠡᠨᠡ ᠵᠢᠯ ᠤᠨ 6 ᠰᠠᠷ᠎ᠠ ᠳᠤ ᠵᠢᠩᠬᠢᠨᠢ ᠪᠠᠷ ᠨᠠᠮ ᠳᠤ ᠡᠯᠰᠡᠭᠳᠡᠨ ᠤᠷᠤᠭᠰᠠᠨ ᠪᠦᠭᠡᠳ ᠡᠵᠢ ᠪᠠᠨ ᠬᠠᠮᠵᠢᠨ ᠡᠨᠡᠬᠦ ᠨᠠᠮ  ᠳᠠᠭᠠᠨ ᠡᠷᠭᠦᠭᠦ ᠨᠠᠨᠳᠢᠨ ᠪᠡᠯᠡᠭ ᠢ ᠤᠶᠤᠭᠰᠠᠨ   ᠳᠠᠭᠠᠨ ᠲᠤᠩ ᠪᠠᠶᠠᠷᠳᠠᠢ ᠪᠠᠶᠢᠯ᠎ᠠ᠃
    ᠡᠶᠢᠨᠬᠦ ᠡᠬᠡ ᠦᠬᠢᠨ ᠬᠤᠶᠠᠭᠤᠯᠠ ᠲᠦᠴᠢᠭᠡᠳ ᠡᠳᠦᠷ ᠤᠨ ᠴᠠᠭ ᠢ ᠵᠠᠷᠤᠴᠠᠭᠤᠯᠤᠨ ᠦᠵᠦᠮᠦᠴᠢᠨ ᠤ ᠤᠯᠠᠮᠵᠢᠯᠠᠯᠳᠤ ᠬᠠᠳᠬᠤᠮᠠᠯ ᠤᠷᠠᠯᠠᠯ ᠤᠨ ᠠᠷᠭ᠎ᠠ ᠪᠠᠷ ᠤᠶᠤᠭᠰᠠᠨ ᠡᠨᠡᠬᠦ ᠨᠠᠨᠳᠢᠨ ᠪᠡᠯᠡᠭ ᠢᠶᠠᠨ ᠪᠠᠯᠭᠠᠰᠤᠨ ᠤ ᠪᠠᠨ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠬᠦᠷᠭᠡᠨ ᠦᠭᠴᠦ᠂  ᠡᠩ ᠤᠨ ᠨᠢᠭᠡᠨ ᠮᠠᠯᠴᠢᠨ ᠨᠠᠮ ᠤᠨ ᠬᠡᠰᠢᠬᠦᠨ ᠤ ᠨᠠᠮ ᠳᠠᠭᠠᠨ ᠡᠷᠭᠦᠭᠰᠡᠨ ᠬᠠᠶᠢᠷ᠎ᠠ ᠬᠦᠨᠳᠦᠳᠬᠡᠯ ᠢᠶᠠᠨ  ᠢᠯᠡᠷᠭᠡᠶᠢᠯᠡᠭᠰᠡᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号