ᠦᠪᠦᠷ ᠮᠤᠩᠭᠤᠯ ᠤᠨ ᠵᠢᠷ ᠤᠨ ᠭᠤᠣᠯ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠨᠢ ᠬᠤᠭᠤᠯᠠᠳᠤ ᠶᠢᠨ ᠭᠤᠣᠯ | ᠪᠠᠯᠭᠠᠰᠤᠨ ᠤ ᠲᠦᠷᠪᠡᠨ ᠭᠠᠴᠠᠭ᠎ᠠ ᠲᠠᠢ ︽ᠭᠠᠵᠠᠷ ᠤᠷᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠦᠭᠵᠢᠬᠦᠯᠬᠦ︾ | ᠵᠦᠪᠳᠡᠯᠴᠡᠭᠡᠷ ᠲᠤᠭᠳᠠᠭᠰᠠᠨ | 7 ᠰᠠᠷ᠎ᠠ ᠶᠢᠨ 13 ᠤ ᠡᠳᠦᠷ᠂ ᠦᠪᠦᠷ ᠮᠤᠩᠭᠤᠯ ᠤᠨ ᠵᠢᠷ ᠤᠨ ᠭᠤᠣᠯ ᠬᠤᠶᠠᠳᠤᠭᠠᠷ ᠵᠠᠳᠠᠭᠠᠶ ᠨᠡᠭᠦᠷᠡᠰᠦᠨ | ᠠᠭᠤᠷᠬᠠᠢ ᠶᠢᠨ ᠬᠢᠵᠠᠭᠠᠷᠳᠤ ᠺᠤᠮᠫᠠᠨᠢ ᠨᠢ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤᠨ ᠤ | ᠲᠦᠷᠪᠡᠨ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠠᠪᠰᠤᠷᠤᠨ ᠲᠡᠳᠬᠦᠬᠦ ᠵᠦᠪᠳᠡᠯᠴᠭᠡᠷ | ᠲᠣᠭᠲᠠᠬᠤ ᠶᠣᠰᠣᠯᠠᠯ ᠶᠠᠪᠤᠭᠤᠯᠪᠠ᠃ | ᠶᠣᠰᠣᠯᠠᠯ ᠳᠤ᠂ ᠦᠪᠦᠷ ᠮᠤᠩᠭᠤᠯ ᠤᠨ ᠵᠢᠷ ᠤᠨ ᠭᠤᠣᠯ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠢ ᠶᠢᠨ | ᠬᠢᠵᠠᠭᠠᠷᠲᠤ ᠺᠣᠮᠫᠠᠨᠢ ᠨᠢ ᠬᠤᠭᠤᠯᠠᠳᠤ ᠶᠢᠨ ᠭᠤᠣᠯ ᠪᠠᠯᠭᠠᠰᠤ ᠶᠢᠨ ᠶᠠᠷᠭᠠᠶᠢᠳᠦ ᠭᠠᠴᠠᠭ᠎ᠠ᠂ ᠪᠠᠶᠠᠨᠪᠤᠯᠠᠭ ᠭᠠᠴᠠᠭ᠎ᠠ᠂ | ᠰᠠᠷᠠᠭᠤᠯᠳᠠᠯ᠎ᠠ ᠭᠠᠴᠠᠭ᠎ᠠ᠂ ᠬᠤᠩᠭᠤᠷ ᠤᠪᠤᠭ᠎ᠠ ᠭᠠᠴᠠᠭᠠᠨ ᠤ ᠬᠠᠷᠢᠭᠤᠴᠠᠯᠭᠠᠲᠠᠨ ᠲᠠᠢ ︽ᠭᠠᠵᠠᠷ ᠤᠷᠤᠨ ᠤ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢ ᠬᠠᠪᠰᠤᠷᠤᠨ ᠲᠡᠳᠬᠦᠬᠦ︾ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠲᠣᠰ | ᠬᠡᠯᠡᠯᠴᠡᠭᠡᠷ ᠢᠶᠠᠷ ᠳᠡᠮᠵᠢᠨ᠂ ᠦᠪᠦᠷ ᠮᠤᠩᠭᠤᠯ ᠤᠨ ᠵᠢᠷ ᠤᠨ ᠭᠤᠤᠯ ᠬᠤᠶᠠᠳᠤᠭᠠᠷ ᠵᠠᠳᠠᠭᠠᠶ ᠨᠡᠭᠦᠷᠡᠰᠦᠨ ᠠᠭᠤᠷᠬᠠᠶ ᠨᠢ | ᠠᠭᠤᠷᠬᠠᠶ ᠶᠢᠨ ᠣᠷᠣᠨ ᠤ 14 ᠺᠢᠯᠣᠮᠧᠲᠷ ᠤᠨ ᠬᠠᠯᠬᠠᠪᠴᠢ ᠲᠣᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯ ᠢ ᠶᠠᠷᠭᠠᠶᠢᠳᠦ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠳᠤ | ᠲᠠᠭᠠᠭᠠᠴᠢᠯᠠᠭᠤᠯᠵᠤ᠂ ᠬᠤᠶᠠᠳᠤᠭᠠᠷ ᠨᠣᠮᠧᠷᠲᠤ ᠠᠭᠤᠷᠬᠠᠶ ᠶᠢᠨ 37 ᠺᠢᠯᠣᠮᠧᠲᠷ ᠣᠷᠳᠣ ᠵᠠᠰᠠᠮᠠᠯ ᠵᠠᠮ ᠤᠨ ᠴᠡᠭᠴᠡᠯᠡᠨ | ᠵᠠᠰᠠᠬᠤ ᠠᠵᠢᠯ ᠢ ᠬᠤᠭᠤᠯᠠᠳᠤ ᠶᠢᠨ ᠭᠤᠤᠯ ᠪᠠᠯᠭᠠᠰᠤᠨ ᠤ ᠬᠠᠷᠢᠶᠠᠨ ᠳᠠᠬᠢ ᠶᠠᠷᠭᠠᠶᠢᠳᠦ ᠭᠠᠴᠠᠭ᠎ᠠ᠂ ᠪᠠᠶᠠᠨᠪᠤᠯᠠᠭ ᠭᠠᠴᠠᠭ᠎ᠠ | ᠂ ᠰᠠᠷᠠᠭᠤᠯᠳᠠᠯ᠎ᠠ ᠭᠠᠴᠠᠭ᠎ᠠ᠂ ᠬᠤᠩᠭᠤᠷ ᠣᠪᠣᠭ᠎ᠠ ᠭᠠᠴᠠᠭ᠎ᠠ ᠶᠢᠨ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠳᠤ | ᠲᠠᠭᠠᠭᠠᠴᠢᠯᠠᠭᠤᠯᠬᠤ ᠪᠠᠷ ᠲᠤᠭᠳᠠᠪᠠ᠃ ᠡᠨᠡ ᠬᠤᠶᠠᠷ ᠲᠦᠷᠦᠯ ᠤᠨ ᠲᠦᠰᠦᠯ ᠨᠢ ᠭᠤᠷᠪᠠᠨ ᠵᠢᠯ ᠤᠨ ᠬᠤᠭᠤᠴᠠᠭ᠎ᠠ ᠲᠠᠢ | ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 229.5 ᠲᠦᠮᠡᠨ ᠲᠥᠭᠦᠷᠢᠭ ᠪᠤᠯᠤᠨ᠎ᠠ᠃ ᠡᠭᠦᠨ ᠤ ᠬᠠᠮᠲᠤ᠂ 380 | ᠲᠦᠮᠡᠨ ᠲᠥᠭᠦᠷᠢᠭ ᠤᠨ ᠪᠡᠯᠡ ᠤᠷᠤᠭᠤᠯᠤᠯᠳᠠ ᠪᠦᠬᠦᠢ ᠲᠠᠳᠠᠪᠤᠷᠢᠯᠠᠭᠰᠠᠨ ᠭᠠᠵᠠᠷ ᠤᠨ ᠪᠢᠲᠡᠭᠦᠮᠵᠢᠯᠡᠨ ᠬᠠᠮᠢᠶᠠᠷᠬᠤ | ᠢᠨᠵᠧᠨᠧᠷᠢᠩ ᠤᠨ ᠳᠠᠭᠠᠭᠠᠴᠢᠯᠡᠯᠲᠠ ᠶᠢ ᠶᠠᠷᠭᠠᠶᠢᠳᠦ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠳᠤ | ᠤᠯᠭᠤᠵᠤ᠂ ᠭᠠᠵᠠᠷ ᠤᠷᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠨ ᠲᠡᠮᠵᠢᠪᠡ᠃ | ᠰᠤᠷᠪᠤᠯᠵᠢᠯᠠᠭ᠎ᠠ᠄ ᠦᠪᠦᠷ ᠮᠤᠩᠭᠤᠯ ᠤᠨ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ | ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢ ᠶᠢᠨ ᠲᠠᠷᠤᠭ᠎ᠠ ᠵᠠᠩ ᠱᠦ ᠬᠤᠩ᠄ ︽ᠤᠯᠤᠰ ᠤᠨ ᠪᠤᠬᠢᠷᠳᠤᠯ ᠦᠭᠡᠢ ᠠᠵᠤ | ᠠᠬᠤᠢ ᠶᠢᠨ ᠬᠦᠭᠵᠢᠯᠳᠡ ᠶᠢᠨ ᠱᠠᠭᠠᠷᠳᠠᠯᠭ᠎ᠠ ᠪᠠᠷ᠂ ᠲᠦᠷᠪᠡᠨ ᠭᠠᠴᠠᠭ᠎ᠠ ᠲᠠᠢ ᠵᠠᠰᠠᠮᠠᠯ ᠵᠠᠮ ᠲᠠᠭᠠᠤ ᠤᠷᠴᠢᠨ ᠠᠬᠤᠢ ᠶᠢ | ᠬᠠᠮᠠᠭᠠᠯᠠᠬᠤ ᠵᠦᠪᠳᠡᠯᠴᠡᠭᠡᠷ ᠲᠤᠭᠳᠠᠭᠰᠠᠨ ᠪᠠᠶᠢᠨ᠎ᠠ᠃ ᠮᠠᠨ ᠤ ᠠᠵᠤ ᠠᠬᠤᠶᠢᠯᠠᠯ ᠤᠨ ᠬᠦᠭᠵᠢᠯᠳᠡ ᠨᠢ ᠭᠠᠵᠠᠷ ᠤᠷᠤᠨ ᠤ | ᠵᠠᠰᠠᠭ ᠤᠨ ᠤᠷᠳᠤᠨ ᠪᠤᠯᠤᠨ ᠭᠠᠴᠠᠭ᠎ᠠ᠂ ᠮᠠᠯᠴᠢᠨ ᠲᠦᠮᠡᠨ ᠤ ᠲᠡᠮᠵᠢᠯᠭᠡ ᠠᠴᠠ ᠰᠠᠯᠵᠤ ᠴᠢᠳᠠᠬᠤ ᠦᠭᠡᠢ᠃ ᠬᠤᠶᠢᠰᠢᠳᠠ | ᠮᠠᠯᠵᠢᠬᠤ ᠤᠷᠤᠨ ᠪᠠ ᠠᠵᠤ ᠠᠬᠤᠶᠢᠯᠠᠯ ᠤᠨ ᠡᠶ᠎ᠡ ᠵᠤᠬᠢᠴᠠᠩᠭᠤᠢ ᠬᠦᠭᠵᠢᠯᠳᠡ ᠶᠢᠨ ᠲᠦᠯᠦᠭᠡ ᠴᠢᠷᠮᠠᠶᠢᠨ ᠠᠵᠢᠯᠯᠠᠨ᠎ᠠ︾ | ᠭᠡᠯᠡ᠃ | ᠤᠢᠢᠷ᠎ᠠ ᠶᠢᠨ ᠵᠢᠯ ᠳᠤ᠂ ᠦᠪᠦᠷ ᠮᠤᠩᠭᠤᠯ ᠤᠨ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠨᠢ | ︽ᠬᠠᠮᠳᠤ ᠪᠠᠷ ᠬᠦᠭᠵᠢᠵᠦ᠂ ᠬᠠᠮᠳᠤ ᠪᠠᠷ ᠠᠰᠢᠭ ᠬᠦᠷᠳᠡᠬᠦ︾ ᠵᠠᠷᠴᠢᠮ ᠢ ᠪᠠᠷᠢᠮᠳᠠᠯᠠᠨ᠂ ᠨᠡᠶᠢᠭᠡᠮ ᠤᠨ ᠡᠭᠦᠷᠭᠡ | ᠬᠠᠷᠢᠭᠤᠴᠠᠯᠭ᠎ᠠ ᠪᠠᠨ ᠢᠳᠡᠪᠬᠢᠳᠡᠢ ᠨᠠᠶᠢᠳᠠᠪᠤᠷᠢᠵᠢᠭᠤᠯᠵᠤ᠂ ᠡᠷᠴᠢᠮᠳᠡᠢ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠯᠲᠠ | ᠪᠠᠨ ᠨᠡᠮᠡᠭᠳᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠣᠯᠭᠤᠬᠤ᠂ ᠦᠨᠳᠦᠰᠦᠨ ᠱᠠᠲᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠵᠦ᠂ ᠮᠠᠯᠴᠢᠨ ᠲᠦᠮᠡᠨ ᠤ ᠡᠪᠦᠯ ᠤᠨ | ᠤᠯᠠᠷᠢᠯ ᠤᠨ ᠵᠠᠮ ᠬᠠᠷᠢᠯᠴᠠᠭᠠᠨ ᠤ ᠠᠰᠠᠭᠤᠳᠠᠯ ᠵᠡᠷᠭᠡ ᠶᠢ ᠢᠳᠡᠪᠬᠢᠲᠡᠶ ᠪᠠᠷ ᠵᠣᠬᠢᠴᠠᠭᠤᠯᠤᠨ ᠰᠢᠶᠳᠪᠦᠷᠢᠯᠡᠵᠦ᠂ ᠮᠠᠯᠵᠢᠬᠤ | ᠤᠷᠤᠨ ᠪᠠ ᠠᠵᠤ ᠠᠬᠤᠢᠢᠯᠠᠯ ᠤᠨ ᠡᠶ᠎ᠡ ᠵᠣᠬᠢᠴᠠᠯ ᠲᠠᠢ᠂ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠂ ᠣᠷᠣᠨ ᠨᠤᠲᠤᠭ | ᠤᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠲᠠᠯ᠎ᠠ ᠪᠠᠷ ᠢᠳᠡᠪᠬᠢᠲᠡᠶ ᠨᠦᠯᠦᠭᠡ ᠦᠵᠡᠭᠦᠯᠦᠭᠰᠡᠨ | ᠪᠠᠶᠢᠨ᠎ᠠ᠃ | | | |