ᠠᠬᠠᠮᠠᠳ ᠨᠠᠮ ᠤᠨ ᠭᠡᠰᠢᠭᠦᠨ  ᠠᠷᠠᠳ ᠤᠨ ᠪᠠᠭᠰᠢ  ᠴᠠᠭᠠᠨ ᠮᠤᠷᠢᠲᠦ ᠴᠡᠷᠢᠭ — ᠵᠢᠮᠢᠰ
ᠨᠡᠶᠢᠲᠡᠯᠡᠭᠰᠡᠨ ᠴᠠᠭ᠄
2021/7/22
ᠠᠬᠠᠮᠠᠳ ᠨᠠᠮ ᠤᠨ ᠭᠡᠰᠢᠭᠦᠨ  ᠠᠷᠠᠳ ᠤᠨ ᠪᠠᠭᠰᠢ  ᠴᠠᠭᠠᠨ ᠮᠤᠷᠢᠲᠦ ᠴᠡᠷᠢᠭ — ᠵᠢᠮᠢᠰ                                                      ︽ᠬᠠᠮᠢᠭ᠎ᠠ ᠬᠡᠷᠡᠭᠴᠡᠭᠡ ᠲᠠᠢ ᠪᠣᠯ ᠲᠡᠨᠳᠡ‌‍ᠴᠠᠭᠠᠨ ᠮᠤᠷᠢᠲᠦ ᠴᠡᠷᠢᠭ ᠪᠠᠶᠢᠳᠠᠭ    ᠬᠠᠮᠢᠭ᠎ᠠ ᠬᠦᠴᠢᠷ ᠪᠡᠷᠬᠡᠰᠢᠶᠡᠯ ᠪᠠᠶᠢᠪᠠᠯ ᠲᠡᠨᠳᠡ ᠴᠠᠭᠠᠨ ᠮᠤᠷᠢᠲᠦ ᠴᠡᠷᠢᠭ ᠪᠠᠶᠢᠳᠠᠭ︾     ᠲᠡᠭᠡᠷ᠎ᠡ ᠵᠠᠭᠤᠨ ᠤ ᠵᠢᠷᠠᠭᠠᠳ ᠤᠨ ᠳᠤ ᠦᠵᠦᠮᠦᠴᠢᠨ ᠨᠤᠲᠤᠭ ᠲᠤ   ᠮᠠᠯᠵᠢᠬᠤ ᠦᠢᠯᠡᠳᠪᠦᠷᠢᠯᠡᠯ ᠤᠨ ᠭᠤᠤᠯᠯᠠᠭᠴᠢ ᠬᠦᠴᠦᠨ ᠪᠠᠶᠢᠭᠰᠠᠨ   ᠢᠶᠠᠷ  ᠪᠠᠷᠠᠬᠤ ᠦᠭᠡᠢ᠂  ᠪᠠᠶᠢᠭᠠᠯᠢ ᠶᠢᠨ ᠭᠠᠮᠰᠢᠭ ᠢ ᠡᠰᠡᠷᠭᠦᠴᠡᠭᠦ ᠭᠤᠤᠯ ᠬᠦᠴᠦᠨ  ᠪᠤᠯᠵᠦ᠂ ᠲᠠᠯ᠎ᠠ ᠨᠤᠳᠤᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠬᠢᠯᠢ ᠬᠢᠵᠠᠭᠠᠷ ᠤᠷᠤᠨ ᠤ ᠠᠮᠤᠷ ᠲᠤᠭᠳᠠᠭᠤᠨ ᠢ ᠪᠠᠳᠤᠯᠠᠬᠤ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠳᠣᠲᠣᠷᠠᠬᠢ ᠴᠣᠷ ᠤᠨ ᠭᠠᠭᠴᠠ ᠪᠠᠶᠢᠭᠤᠯᠤᠮᠵᠢ  ᠪᠠᠷ ᠦᠯᠡᠳᠡᠭᠡᠭᠰᠡᠨ ᠨᠢᠭᠡ ᠰᠠᠯᠠᠭ᠎ᠠ ᠡᠷᠦᠬᠡ ᠶᠢᠨ ᠴᠡᠷᠢᠭ ᠤᠨ ᠮᠣᠷᠢᠲᠤ ᠴᠡᠷᠢᠭ ᠤᠨ ᠰᠤᠮᠤ  ᠪᠤᠯ ᠲᠠᠷᠤᠢ ᠴᠠᠭᠠᠨ ᠮᠤᠷᠢᠲᠦ ᠡᠷᠦᠬᠡ ᠶᠢᠨ ᠴᠡᠷᠢᠭ   ᠤᠨ ᠰᠤᠮᠤ  ᠪᠤᠯᠤᠨ᠎ᠠ᠃  ᠪᠠᠷᠠᠭᠤᠨ ᠦᠵᠦᠮᠦᠴᠢᠨ ᠬᠤᠰᠢᠭᠤᠨ ᠤ ᠬᠤᠭᠤᠯᠲᠦ ᠵᠢᠨ‌ᠭᠤᠣᠯ ᠪᠠᠯᠭᠠᠰᠤᠨ ᠤ ᠶᠠᠷᠭᠠᠶᠢᠲᠤ ᠭᠠᠴᠠᠭᠠᠨ ᠤ  ᠵᠢᠮᠢᠰ ᠨᠠᠰᠤᠲᠠᠨ ᠪᠣᠯ  ᠶᠠᠭ  ᠲᠤᠰ ᠴᠠᠭᠠᠨ ᠮᠤᠷᠢᠲᠤ ᠴᠡᠷᠢᠭ ᠤᠨ  ᠨᠢᠭᠡᠨ ᠬᠡᠰᠢᠬᠦᠨ  ᠪᠤᠯᠬᠤ ᠶᠤᠮ᠃   ᠡᠨᠡ ᠵᠢᠯ 75   ᠶᠢᠨ ᠦᠨᠳᠦᠷ ᠨᠠᠰᠤ   ᠶᠢ ᠵᠤᠭᠤᠭᠯᠠᠵᠦ ᠶᠠᠪᠤᠭ᠎ᠠ ᠵᠢᠮᠢᠰ ᠨᠠᠰᠤᠲᠠᠨ 1964 ᠤᠨ ᠳᠤ 19 ᠨᠠᠰᠤᠲᠠᠢ  ᠳᠠᠭᠠᠨ ᠴᠠᠭᠠᠨ ᠮᠤᠷᠢᠲᠦ ᠡᠷᠦᠬᠡ ᠶᠢᠨ ᠴᠡᠷᠢᠭ ᠲᠤ ᠡᠯᠰᠡᠭᠳᠡᠵᠦ᠂ 4 ᠵᠢᠯ ᠤᠨ ᠲᠤᠷᠰᠢ ᠮᠤᠷᠢᠲᠦ ᠴᠡᠷᠢᠭ ᠤᠨ ᠬᠠᠳᠠᠭᠤᠵᠢᠯᠲᠠᠢ ᠪᠤᠯᠪᠠᠰᠤᠷᠠᠯ᠂ ᠮᠠᠯᠵᠢᠬᠤ ᠤᠷᠤᠨ ᠤ ᠪᠦᠳᠦᠭᠡᠨ ᠪᠠᠶᠢᠭᠤᠯᠥᠯᠲᠠ᠂ ᠬᠢᠯᠢ ᠭᠢᠵᠠᠭᠠᠷ ᠤᠨ ᠪᠠᠳᠤᠯᠠᠨ ᠬᠠᠮᠠᠭᠠᠯᠠᠯᠲᠠ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠤ ᠢᠳᠡᠪᠭᠢᠯᠡᠨ ᠤᠷᠤᠯᠴᠠᠵᠦ  ᠂ ᠤᠷᠤᠨ ᠨᠤᠳᠤᠭ   ᠤᠨ ᠢᠶᠠᠨ ᠭᠦᠭᠵᠢᠯᠲᠡ ᠳᠤ  ᠭᠠᠷᠮᠠᠭᠠᠢ ᠬᠤᠪᠢ ᠨᠡᠮᠡᠷᠢ ᠪᠠᠨ ᠦᠵᠡᠬᠦᠯᠦᠨ᠂ ︽ᠮᠡᠷᠭᠡᠨ ᠫᠤᠤᠴᠢ︾  ᠂ ᠪᠦᠬᠦ ᠠᠶᠢᠮᠠᠭ ᠪᠦᠬᠦ ᠬᠤᠰᠢᠭᠤᠨ ᠤ ᠮᠠᠤ ᠲᠡᠷᠢᠭᠦᠯᠡᠭᠴᠢ ᠶᠢᠨ ᠵᠤᠬᠢᠶᠠᠯ ᠢ ᠰᠤᠷᠤᠯᠴᠠᠭᠰᠠᠨ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠦᠮᠦᠨ᠂ ︽ᠭᠤᠷᠪᠠ ᠶᠢ ᠨᠠᠶᠢᠳᠠᠪᠦᠷᠢᠵᠢᠭᠤᠯᠥᠯᠲᠠ︾   ᠶᠢᠨ ᠲᠡᠷᠢᠭᠦᠨ ᠤ ᠨᠢᠭᠡᠴᠡ ᠵᠡᠷᠭᠡ‌ᠤᠯᠠᠨ ᠠᠷᠪᠢᠨ ᠱᠠᠩᠨᠠᠯ ᠬᠦᠬᠢᠬᠦᠯᠥᠯ ᠪᠤᠯᠥᠨ ᠢᠷᠠᠭᠤ ᠠᠯᠳᠠᠷ ᠢ  ᠬᠦᠷᠳᠡᠵᠦ ᠢᠷᠡᠭᠰᠡᠨ ᠶᠤᠮ᠃ ᠵᠢᠮᠢᠰ ᠨᠠᠰᠤᠲᠠᠨ 1966 ᠤᠨ   ᠤ 7 ᠰᠠᠷ᠎ᠠ  ᠳᠤ  ᠂ ᠲᠤᠮᠳᠠᠲᠤ ᠤᠯᠤᠰ ᠤᠨ ᠡᠪ ᠬᠠᠮᠲᠦ ᠨᠠᠮ ᠳᠤ ᠡᠯᠰᠡᠭᠳᠡᠨ᠂ ᠤᠳᠤ ᠪᠤᠯᠳᠠᠯ᠎ᠠ 55 ᠵᠢᠯ ᠤᠨ ᠲᠤᠷᠰᠢ  ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠬᠠᠷᠢᠭᠤᠴᠠᠯᠭ᠎ᠠ  ᠪᠠᠨ ᠭᠦᠢᠴᠡᠳᠭᠡᠭᠰᠡᠭᠡᠷ  ᠢᠷᠡᠭᠰᠡᠨ ᠪᠦᠭᠡᠳ ᠤᠷᠴᠢᠮᠬᠠᠨ ︽ᠨᠠᠮ  ᠤᠨ ᠭᠡᠰᠢᠭᠦᠨ ᠪᠤᠯᠤᠠᠠᠰᠠᠨ ᠢᠷᠠᠭᠤ ᠠᠯᠲᠠᠷᠲᠦ  50 ᠵᠢᠯ ᠤᠨ ᠲᠤᠷᠠᠰᠬᠠᠯ ᠤᠨ ᠲᠡᠮᠳᠡᠭ  ︾ ᠢᠶᠠᠷ ᠡᠩᠭᠡᠷ ᠢᠶᠠᠨ ᠮᠢᠯᠢᠶᠠᠯᠭᠠᠭᠰᠠᠨ ᠪᠢᠯᠡ᠃    ᠨᠠᠰᠤᠲᠠᠨ ᠭᠤᠸᠠᠢ ᠦᠪᠡᠷ ᠤᠨ ᠨᠠᠮ ᠳᠤ ᠤᠷᠤᠭᠰᠠᠨ ᠦᠡᠭᠭᠡᠷᠡᠭᠡᠯᠲᠡ ᠪᠠᠨ ᠡᠷᠬᠢᠴᠡᠬᠦᠯᠬᠦ ᠳᠤ ᠲᠡᠭᠦᠨ ᠤ ᠭᠠᠷ ᠲᠠᠭᠠᠨ ᠪᠠᠷᠢᠵᠦ ᠪᠠᠶᠢᠭᠰᠠᠨ‌ᠣᠯᠠᠭᠠᠨ ᠭᠠᠳᠠᠷ ᠲᠠᠢ ᠬᠠᠭᠤᠴᠢᠷᠠᠵᠦ ᠰᠢᠷᠠᠯᠠᠭᠰᠠᠨ ᠲᠡᠮᠳᠡᠭᠯᠡᠯ ᠤᠨ ᠲᠡᠪᠲᠡᠷ ᠨᠢ ᠰᠤᠷᠪᠤᠯᠵᠢᠯᠠᠭᠴᠢ ᠶᠢᠨ  ᠠᠩᠬᠠᠷᠤᠯ ᠢ ᠲᠠᠳᠠᠯ᠎ᠠ᠂  ᠰᠤᠷᠪᠤᠯᠵᠢᠯᠠᠭᠴᠢ ᠲᠡᠮᠳᠡᠭᠯᠡᠯ ᠢ  ᠤᠷᠪᠠᠭᠤᠯᠵᠤ ᠦᠵᠡᠬᠦ ᠳᠤ ᠨᠢᠭᠡᠳᠦᠭᠡᠷ ᠨᠢᠭᠤᠷ   ᠲᠤ ᠨᠢ  ︽ᠮᠠᠨ ᠤ ᠠᠵᠢᠯ ᠦᠢᠯᠡᠰ ᠢ ᠤᠳᠤᠷᠢᠳᠬᠤ ᠭᠤᠣᠯᠯᠠᠭᠴᠢ ᠬᠦᠴᠦᠨ ᠪᠣᠯ ᠲᠤᠮᠳᠠᠳᠤ ᠤᠯᠤᠰ ᠤᠨ ᠡᠪ ᠬᠠᠮᠳᠤ ᠨᠠᠮ᠂ ᠮᠠᠨ ᠤ ᠦᠵᠡᠯ ᠰᠠᠨᠠᠭ᠎ᠠ ᠶᠢ ᠵᠢᠯᠣᠭᠤᠳᠬᠤ ᠣᠨᠣᠯ ᠤᠨ ᠰᠠᠭᠤᠷᠢ ᠪᠣᠯ ᠮᠠᠷᠺᠰ ᠯᠧᠨᠢᠨ ᠤ ᠥᠵᠠᠯ ᠁  ︾  ᠭᠡᠰᠡᠨ ᠮᠠᠤ ᠲᠡᠷᠢᠭᠦᠯᠡᠭᠴᠢ ᠶᠢᠨ ᠦᠭᠡ ᠶᠢᠨ ᠲᠡᠭᠦᠪᠦᠷᠢ ᠶᠢ ᠲᠤᠷᠠᠶᠢᠳᠠᠯ᠎ᠠ ᠪᠢᠴᠢᠭᠰᠡᠨ 1965 ᠣᠨ ᠤ 11 ᠰᠠᠷ᠎ᠠ ᠶᠢᠨ 10 ᠤ ᠡᠳᠦᠷ  ᠤᠨ ᠲᠡᠮᠳᠡᠭᠯᠡᠯ  ᠪᠠᠶᠢᠵᠤ᠂ ᠨᠠᠮ ᠤᠨ ᠲᠥᠷᠥ ᠶᠢᠨ ᠪᠣᠳᠣᠯᠭ᠎ᠠ  ᠶᠢᠨ ᠰᠤᠷᠤᠯᠴᠠᠭ᠎ᠠ ᠶᠢᠨ ᠪᠠᠶᠢᠳᠠᠯ᠂ ᠤᠯᠤᠯᠲᠠ ᠤᠶᠢᠯᠭᠠᠯᠲᠠ ᠪᠤᠯᠥᠨ ᠲᠦᠷᠦᠭᠳᠡᠯ ᠰᠡᠳᠬᠢᠭᠳᠡᠯ ᠢᠶᠠᠨ ᠲᠡᠮᠳᠡᠭᠯᠡᠭᠰᠡᠨ ᠪᠠᠶᠢᠯ᠎ᠠ  ᠃     ᠨᠠᠰᠤᠳᠠᠨ ᠭᠤᠸᠠᠢ 1976 ᠤᠨ ᠳᠤ ᠲᠤᠬᠠᠢ ᠶᠢᠨ ᠦᠶ᠎ᠡ ᠶᠢᠨ ᠲᠠᠪᠰᠢᠯᠲᠦ ᠪᠠᠷᠢᠭᠠᠳᠠ ᠳᠤ ᠰᠤᠷᠭᠠᠭᠤᠯᠢ ᠪᠠᠶᠢᠭᠤᠯᠤᠭᠳᠠᠬᠤ ᠦᠶᠡᠰ ᠲᠤᠰ ᠰᠤᠷᠭᠠᠭᠤᠯᠢ   ᠶᠢᠨ ᠬᠠᠮᠤᠭ ᠠᠩᠬᠠᠨ ᠤ ᠠᠷᠠᠳ ᠤᠨ ᠪᠠᠭᠰᠢ ᠪᠤᠯᠵᠦ᠂ ᠠᠵᠢᠯ ᠤᠨ ᠭᠠᠷᠤᠭ᠎ᠠ ᠪᠠᠨ ᠠᠪᠴᠦ᠂ 17 ᠵᠢᠯ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠡᠷᠬᠢᠮ ᠳᠡᠭᠡᠳᠦ ᠠᠷᠠᠳ ᠤᠨ ᠪᠠᠭᠰᠢ ᠶᠢᠨ ᠠᠵᠢᠯ ᠢ ᠡᠭᠦᠷᠭᠡᠯᠡᠵᠦ  ᠶᠠᠪᠤᠭᠰᠠᠨ ᠢᠶᠠᠨ ︽3 · 8 ︾ ᠤ ᠤᠯᠠᠭᠠᠨ ᠲᠤᠭᠴᠢ ᠵᠡᠷᠭᠡ ᠮᠠᠰᠢ ᠣᠯᠠᠨ ᠢᠷᠠᠭᠤ ᠠᠯᠳᠠᠷ ᠢ ᠭᠥᠷᠳᠡᠵᠡᠶ᠃ 1993 ᠤᠨ ᠳᠤ ᠠᠵᠢᠯ ᠤᠨ ᠠᠮᠠᠷᠠᠯᠳᠠ ᠪᠠᠨ ᠠᠪᠴᠦ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠦᠷ᠎ᠡ ᠬᠡᠣᠬᠡᠳ ᠤᠨ ᠢᠶᠠᠨ ᠰᠠᠶᠢᠨ ᠶᠢ ᠦᠵᠡᠵᠦ᠂ ᠦᠳᠡᠯᠦᠭᠡ  ᠨᠠᠰᠤ ᠪᠠᠨ ᠪᠠᠶᠠᠷ  ᠬᠦᠷ ᠲᠠᠢ ᠦᠡᠭᠭᠡᠷᠡᠭᠦᠯᠵᠦ ᠪᠤᠢ᠃    ᠵᠢᠮᠢᠰ ᠨᠠᠰᠤᠲᠠᠨ ᠭᠡᠳᠦᠶᠢᠪᠡᠷ ᠠᠵᠢᠯ ᠤᠨ ᠠᠮᠠᠷᠠᠯᠲᠠ ᠪᠠᠨ ᠠᠪᠤᠭᠰᠠᠨ  ᠪᠤᠯᠪᠠᠴᠤ  ᠂ ᠨᠠᠮ ᠤᠨ ᠭᠡᠰᠢᠭᠦᠨ ᠤ ᠦᠢᠯᠡᠳᠦᠯ ᠴᠢᠳᠠᠪᠬᠢ ᠪᠠᠨ  ᠭᠦᠢᠴᠡᠳ ᠪᠠᠳᠠᠷᠠᠭᠤᠯᠵᠦ᠂ ᠰᠤᠯᠠ ᠰᠡᠯᠡᠬᠦᠦ ᠴᠠᠭ ᠢᠶᠠᠷ ᠢᠶᠠᠨ ᠰᠠᠶᠢᠨ ᠲᠤᠷ᠎ᠠ ᠶᠢᠨ ᠠᠵᠢᠯᠯᠠᠭ᠎ᠠ ᠳᠤ ᠢᠳᠡᠪᠬᠢᠯᠡᠨ ᠤᠷᠤᠯᠴᠠᠨ᠂ ᠨᠡᠶᠢᠭᠡᠮ ᠨᠡᠶᠢᠲᠡ ᠳᠤ᠂ ᠥᠪᠡᠷ ᠤᠨ ᠭᠡᠰᠡᠨ ᠬᠦᠴᠦᠨ ᠴᠢᠳᠠᠯ ᠢᠶᠠᠨ ᠡᠷᠭᠦᠵᠦ  ᠶᠠᠪᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号