ᠪᠠᠷᠠᠭᠤᠨ ᠦᠵᠦᠮᠦᠴᠢᠨ ᠬᠤᠰᠢᠭᠤ᠄ ︽ᠬᠤᠨᠢ ᠶᠢ ᠴᠥᠬᠡᠳᠬᠡᠵᠦ ᠦᠬᠡᠷ ᠢ ᠥᠰᠬᠡᠬᠦ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠠᠮᠢ ᠠᠬᠤᠢ ᠪᠠᠨ ᠰᠠᠶᠢᠵᠢᠷᠠᠭᠤᠯᠵᠤ ᠬᠤᠣᠰ ᠦᠷ᠎ᠡ ᠠᠰᠢᠭ ᠬᠦᠷᠲᠡᠪᠡ | | ᠪᠠᠷᠠᠭᠤᠨ ᠦᠵᠦᠮᠦᠴᠢᠨ ᠬᠤᠰᠢᠭᠤ ᠨᠢ ᠮᠠᠯ ᠠᠵᠤ ᠠᠬᠤᠶ ᠶᠢᠨ ᠲᠣᠮᠣ ᠬᠤᠰᠢᠭᠤ ᠪᠠᠶᠢᠵᠤ᠂ ᠮᠠᠯ ᠠᠵᠤ ᠠᠬᠤᠶ ᠶᠢᠨ | ᠲᠠᠯ᠎ᠠ ᠪᠠᠷ ᠢᠮᠠᠭᠲᠠ ᠬᠥᠭᠵᠢᠯᠲᠡ ᠶᠢᠨ ᠳᠤᠮᠳᠠ ᠲᠣᠬᠢᠷᠠᠭᠤᠯᠤᠯᠲᠠ ᠬᠢᠵᠦ᠂ ᠲᠣᠬᠢᠷᠠᠭᠤᠯᠤᠯᠲᠠ ᠶᠢᠨ ᠳᠤᠮᠳᠠ | ᠰᠢᠯᠢᠳᠡᠭᠵᠢᠭᠦᠯᠦᠨ᠂ ᠰᠢᠯᠢᠳᠡᠭᠵᠢᠭᠦᠯᠦᠯᠲᠡ ᠶᠢᠨ ᠳᠤᠮᠳᠠ ᠳᠡᠭᠡᠭᠰᠢᠯᠡᠭᠦᠯᠦᠭᠰᠡᠭᠡᠷ ᠢᠷᠡᠪᠡ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ︽ᠬᠤᠨᠢ ᠶᠢ ᠴᠥᠭᠡᠳᠬᠡᠨ ᠦᠬᠡᠷ ᠢ | ᠥᠰᠬᠡᠬᠦ︾ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠤᠨᠢᠨ ᠤ ᠲᠤᠭ᠎ᠠ ᠲᠤᠯᠤᠭᠠᠢ ᠶᠢ ᠪᠠᠭᠠᠰᠬᠠᠨ᠂ | ᠥᠨᠳᠥᠷ ᠦᠷ᠎ᠡ ᠠᠰᠢᠭ ᠲᠠᠢ ᠦᠬᠡᠷ ᠤᠨ ᠠᠵᠤ ᠦᠢᠯᠡᠰ ᠢ ᠥᠷᠭᠡᠳᠬᠡᠵᠦ᠂ ᠠᠵᠤ ᠠᠬᠤᠢ ᠶᠢᠨ ᠦᠷ᠎ᠡ ᠠᠰᠢᠭ ᠪᠣᠯᠤᠨ | ᠠᠮᠢ ᠠᠬᠤᠢ ᠶᠢᠨ ᠬᠠᠮᠠᠭᠠᠯᠠᠯᠲᠠ ᠶᠢᠨ ︽ᠬᠤᠣᠰ ᠠᠮᠵᠢᠯᠲᠠ︾ ᠶᠢ ᠪᠡᠶᠡᠯᠡᠭᠦᠯᠪᠡ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠯᠠᠭ᠎ᠠ ᠰᠣᠮᠣᠨ ᠤ ᠠᠷᠣᠬᠤᠰᠢᠭᠤ ᠭᠠᠴᠠᠭᠠᠨ ᠤ ᠮᠠᠯᠴᠢᠨ ᠰᠧᠨᠳᠣᠸᠠ | ᠮᠠᠯ ᠪᠡᠯᠴᠢᠭᠡᠷ ᠤᠨ ᠲᠡᠩᠴᠡᠭᠦᠷᠢ ᠶᠢ ᠠᠩᠬᠠᠷᠴᠦ᠂ ᠮᠠᠯ ᠰᠦᠷᠦᠭ ᠤᠨ ᠢᠶᠠᠨ ᠪᠦᠲᠦᠴᠡ ᠶᠢ ᠰᠢᠯᠢᠳᠡᠭᠵᠢᠬᠦᠯᠦᠨ᠂ ᠨᠢᠭᠡ | ᠬᠡᠰᠡᠭ ᠨᠤᠲᠤᠭ ᠤᠨ ᠡᠭᠦᠯᠳᠡᠷ ᠤᠨ ᠦᠬᠡᠷ ᠢᠶᠠᠨ ᠬᠤᠳᠠᠯᠳᠤᠭᠰᠠᠨ ᠤ ᠳᠠᠷᠠᠭ᠎ᠠ᠂ 2020 ᠣᠨ ᠤ 2 ᠰᠠᠷ᠎ᠠ ᠳᠤ᠂ | ᠲᠣᠯᠣᠭᠠᠶ ᠪᠦᠷᠢ ᠨᠢ 16000 ᠲᠥᠭᠦᠷᠢᠭ ᠤᠨ ᠦᠨ᠎ᠡ ᠪᠠᠷ 50 ᠲᠣᠯᠣᠭᠠᠢ ᠬᠠᠢ ᠹᠦ᠋ ᠲᠧ ᠦᠬᠡᠷ ᠣᠷᠣᠭᠤᠯᠵᠤ᠂ | ᠪᠠᠰᠠ ᠵᠠᠰᠠᠭ ᠤᠨ ᠣᠷᠳᠣᠨ ᠠᠴᠠ ᠦᠬᠡᠷ ᠪᠦᠷᠢ ᠳᠤ 6500 ᠲᠥᠭᠦᠷᠢᠭ ᠤᠨ ᠨᠥᠬᠦᠪᠥᠷᠢ ᠭᠦᠷᠳᠡᠭᠰᠠᠨ ᠪᠠᠶᠢᠨ᠎ᠠ ᠃ | ᠣᠳᠣᠬᠠᠨ ᠳᠤ ᠲᠠᠳᠠᠨᠠᠶᠢᠬᠢᠨ 90 ᠭᠠᠷᠤᠶ ᠬᠠᠢ ᠹᠦ᠋ ᠲᠧ ᠦᠬᠡᠷ ᠪᠣᠯᠣᠨ ᠰᠢᠮᠧᠨ᠋ᠲᠷ ᠦᠬᠡᠷ ᠲᠠᠢ ᠪᠣᠯᠵᠤ᠂ 60 | ᠭᠠᠷᠤᠶ ᠲᠤᠭᠤᠯ ᠲᠣᠰᠪᠠ᠃ ᠨᠤᠲᠤᠭ ᠪᠡᠯᠴᠢᠭᠡᠷ ᠤᠨ ᠢᠶᠠᠨ ᠳᠠᠭᠠᠭᠠᠴᠠ ᠳᠤ ᠲᠣᠬᠢᠷᠠᠭᠤᠯᠤᠨ ᠮᠠᠯᠵᠢᠬᠤ ᠨᠢ ᠦᠬᠡᠷ ᠤᠨ | ᠡᠭᠦᠯᠳᠠᠷ ᠢ ᠰᠠᠶᠢᠵᠢᠷᠠᠭᠤᠯᠤᠨ ᠠᠷᠡᠴᠢᠯᠠᠵᠦ ᠮᠠᠯᠵᠢᠬᠤ ᠳᠤ ᠠᠰᠢᠭᠳᠠᠢ ᠮᠥᠷᠲᠡᠭᠡᠨ ᠨᠤᠲᠤᠭ ᠪᠡᠯᠴᠢᠭᠡᠷ ᠤᠨ ᠠᠮᠢ ᠠᠬᠤᠶ ᠶᠢᠨ | ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠳᠤ ᠴᠤ ᠠᠰᠢᠭᠲᠠᠶ ᠪᠠᠶᠢᠳᠠᠭ ᠬᠡᠵᠦᠰᠧᠨᠳᠣᠸᠠ ᠶᠠᠷᠢᠵᠦ ᠪᠠᠶᠢᠯ᠎ᠠ᠃ | ᠮᠠᠯᠴᠢᠨ ᠰᠧᠨᠳᠣᠸᠠ ᠰᠢᠯᠢᠳᠡᠭ ᠡᠭᠦᠯᠳᠠᠷ ᠤᠨ ᠦᠬᠡᠷ ᠣᠷᠣᠭᠤᠯᠤᠨ ᠣᠲᠣ ᠦᠶ᠎ᠡ ᠶᠢᠨ ᠮᠠᠯᠵᠢᠯ ᠤᠨ ᠠᠵᠦ | ᠦᠢᠯᠠᠰ ᠢ ᠭᠦᠭᠵᠢᠬᠦᠯᠵᠦ ᠪᠠᠶᠢᠭ᠎ᠠ ᠨᠢ ᠤᠷᠤᠨ ᠨᠤᠳᠤᠭ ᠤᠨ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠨᠢᠭᠡᠨ ᠨᠡᠶᠢᠲᠡᠯᠢᠭ ᠵᠢᠱᠢᠶ᠎ᠡ | ᠪᠤᠯᠤᠭᠰᠠᠨ ᠪᠠᠶᠢᠨ᠎ᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠠᠷᠪᠠᠨ | ᠬᠤᠶᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ | ᠶᠠᠰᠤ ᠴᠢᠨᠠᠷ ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ | ᠬᠡᠯᠪᠡᠷᠢ ᠪᠠᠨ ᠢᠳᠡᠪᠬᠢᠲᠡᠢ ᠬᠤᠪᠢᠷᠠᠭᠤᠯᠤᠨ᠂ ︽ᠬᠤᠨᠢ ᠶᠢ ᠴᠥᠭᠡᠳᠬᠡᠨ ᠦᠬᠡᠷ ᠢ ᠥᠰᠬᠡᠬᠦ︾ ᠲᠦᠷᠦ ᠶᠢᠨ ᠪᠤᠳᠤᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠠᠶᠢᠨ ᠡᠭᠦᠯᠳᠡᠷ ᠤᠨ ᠦᠬᠡᠷ ᠤᠨ ᠠᠵᠤ ᠦᠢᠯᠡᠰ ᠢ ᠴᠢᠨᠠᠭᠰᠢᠳᠠ | ᠪᠤᠵᠠᠭᠠᠶᠢᠷᠠᠭᠤᠯᠤᠨ᠂ ᠮᠠᠯ ᠠᠵᠤ ᠠᠬᠤᠢ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ ᠢᠷᠡᠭᠰᠠᠬᠡᠷ ᠦᠬᠡᠷ 16.8 | ᠲᠦᠮᠡᠨ ᠲᠣᠯᠣᠭᠠᠶ ᠪᠠᠶᠢᠭᠰᠠᠨ ᠠᠴᠠ ᠪᠠᠨ 27.8 ᠲᠦᠮᠡᠨ ᠲᠣᠯᠣᠭᠠᠶ ᠪᠣᠯᠤᠨ ᠥᠰᠴᠦ᠂ 65% ᠪᠠᠷ ᠨᠡᠮᠡᠭᠳᠡᠪᠡ᠃ | ᠪᠠᠷᠠᠭᠤᠨ ᠦᠵᠦᠮᠦᠴᠢᠨ ᠬᠤᠰᠢᠭᠤ ᠣᠶᠢᠷ᠎ᠠ ᠶᠢᠨ ᠬᠡᠳᠦᠨ ᠵᠢᠯ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ ︽ᠬᠤᠨᠢ ᠶᠢ ᠴᠥᠭᠡᠳᠬᠡᠨ ᠦᠬᠡᠷ ᠢ ᠥᠰᠬᠡᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠵᠦ᠂ | ᠰᠢᠯᠢᠳᠡᠭ ᠡᠭᠦᠯᠳᠡᠷ ᠤᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠲᠣᠭᠲᠠᠭᠠᠨ ᠬᠡᠷᠡᠭᠵᠢᠭᠦᠯᠦᠭᠡᠳ᠂ 2016 ᠣᠨ ᠠᠴᠠ 2020 ᠣᠨ ᠪᠣᠯᠲᠠᠯ᠎ᠠ᠂ ᠠᠩᠭᠧᠰ ᠦᠬᠡᠷ᠂ ᠬᠠᠢ ᠹᠦ᠋ ᠲᠧ | ᠦᠬᠡᠷ᠂ ᠰᠢᠮᠧᠨ᠋ᠲ᠋ᠠᠷ ᠦᠬᠡᠷ᠂ ᠱᠠᠷᠦ᠋ᠯᠠᠢ ᠦᠬᠡᠷ ᠵᠡᠷᠭᠡ ᠰᠢᠯᠢᠳᠡᠭ ᠡᠭᠦᠯᠳᠡᠷ ᠤᠨ ᠦᠬᠡᠷ ᠢ ᠨᠡᠶᠢᠲᠡ 13677 ᠲᠣᠯᠣᠭᠠᠢ | ᠤᠷᠤᠭᠤᠯᠤᠭᠰᠠᠨ ᠪᠦᠬᠡᠳ ᠦᠬᠡᠷ ᠬᠤᠳᠠᠯᠳᠣᠨ ᠠᠪᠤᠭᠰᠠᠨ ᠮᠠᠯᠴᠢᠳ ᠲᠤ ᠦᠬᠡᠷ ᠪᠦᠷᠢ ᠳᠤ 6000 ᠲᠥᠭᠦᠷᠢᠭ ᠤᠨ | ᠨᠥᠬᠦᠪᠥᠷᠢ ᠦᠭᠴᠦ᠂ ᠮᠠᠯᠴᠢᠳ ᠤᠨ ᠰᠢᠯᠢᠳᠡᠭ ᠡᠭᠦᠯᠳᠠᠷ ᠤᠨ ᠦᠬᠡᠷ ᠤᠷᠤᠭᠤᠯᠤᠨ ᠮᠠᠯᠵᠢᠬᠤ ᠶᠢ ᠨᠢ | ᠵᠤᠷᠢᠭᠵᠢᠭᠤᠯᠵᠦ᠂ ᠰᠢᠨ᠎ᠠ ᠮᠠᠯᠵᠢᠯ ᠤᠨ ᠠᠷᠭ᠎ᠠ ᠵᠠᠮ ᠰᠦᠪᠡᠭᠴᠢᠯᠠᠬᠦ ᠳᠤ ᠨᠢ ᠲᠤᠰᠠ ᠪᠤᠯᠤᠭᠰᠠᠭᠠᠷ᠂ ︽ᠬᠤᠨᠢ ᠶᠢ | ᠴᠥᠬᠡᠳᠬᠡᠨ ᠦᠬᠡᠷ ᠢ ᠥᠰᠬᠡᠬᠦ︾ ᠠᠵᠢᠯ ᠢᠯᠡᠳᠲᠡ ᠦᠷ᠎ᠡ ᠪᠦᠲᠦᠮᠵᠢ ᠤᠯᠵᠦ ᠂ ᠠᠮᠢ ᠠᠬᠤᠶ ᠪᠠᠷ ᠤᠷᠢᠳᠠᠯ | ᠪᠤᠯᠭᠠᠭᠰᠠᠨ ᠭᠦᠭᠵᠢᠯᠳᠠ ᠶᠢ ᠠᠬᠢᠭᠤᠯᠵᠦ ᠴᠢᠳᠠᠭᠰᠠᠨ ᠪᠠᠶᠢᠨ᠎ᠠ᠃ | |