ᠮᠠᠨ ᠤ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠤᠯᠪᠠ | | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠠᠷᠠᠭᠤᠨ ᠦᠵᠦᠮᠦᠴᠢᠨ | ᠬᠤᠰᠢᠭᠤ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠳᠤᠷ ᠬᠢᠵᠦ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ | ᠤᠯᠠᠭᠠᠠᠬᠠᠭᠠᠯᠭ᠎ᠠ ᠰᠤᠮᠤ ᠶᠢᠨ ᠰᠢᠨᠡᠭᠤᠤᠯ ᠭᠠᠴᠠᠭᠠᠨ ᠤ ᠡᠯᠡᠰᠦᠷᠬᠡᠭ ᠭᠠᠵᠠᠷ ᠨᠢ ᠦᠵᠦᠮᠦᠴᠢᠨ ᠡᠯᠡᠰᠦ ᠶᠢᠨ ᠵᠡᠭᠦᠨ | ᠡᠮᠦᠨ᠎ᠡ ᠪᠡᠶ᠎ᠡ ᠳᠤ ᠪᠠᠶᠢᠷᠢᠯᠠᠵᠤ᠂ ᠲᠤᠰ ᠭᠠᠴᠠᠭᠠᠨ ᠤ ᠨᠡᠯᠢᠶᠡᠳ ᠡᠯᠡᠰᠦᠷᠬᠡᠭᠵᠢᠭᠰᠡᠨ ᠤᠷᠤᠨ ᠪᠤᠯᠵᠤ ᠪᠠᠶᠢᠵᠠᠢ᠃ ᠲᠤᠰ | ᠭᠠᠵᠠᠷ ᠤᠨ ᠡᠯᠡᠰᠦ ᠶᠢ ᠲᠣᠭᠲᠠᠪᠤᠷᠢᠵᠢᠭᠤᠯᠬᠤ ᠲᠦᠷᠦᠯ ᠵᠦᠢᠯ ᠨᠢ 1000 ᠮᠦ ᠪᠠᠶᠢᠵᠤ᠂ 2019 ᠣᠨ ᠳᠤ | ᠡᠬᠢᠯᠡᠬᠦᠯᠵᠦ᠂ ᠤᠳᠤ ᠪᠤᠯᠬᠤ ᠳᠤ ᠨᠢᠭᠡᠨᠲᠡ ᠨᠣᠭᠤᠭᠠᠨ ᠪᠦᠷᠢᠳᠦ ᠪᠣᠯᠤᠨ ᠬᠤᠪᠢᠷᠠᠭᠰᠠᠨ ᠪᠠᠶᠢᠨ᠎ᠠ᠃ ᠰᠢᠨᠡᠭᠤᠤᠯ ᠭᠠᠴᠠᠭ᠎ᠠ | ᠶᠢᠨ ᠮᠠᠯᠴᠢᠨ ᠡᠩᠬᠡᠪᠠᠶᠠᠷ ᠠᠬ᠎ᠠ ᠳᠡᠭᠦᠦ ᠬᠤᠶᠠᠭᠤᠯᠠ ᠶᠢᠨ 500 ᠮᠦ ᠪᠡᠯᠴᠢᠭᠡᠷ ᠨᠢ ᠲᠤᠰ ᠡᠯᠡᠰᠦ ᠶᠢ | ᠲᠣᠭᠲᠠᠪᠤᠷᠢᠵᠢᠭᠤᠯᠬᠤ ᠲᠦᠷᠦᠯ ᠵᠦᠢᠯ ᠤᠨ ᠲᠣᠭᠤᠷᠢᠭ ᠲᠤ ᠪᠠᠶᠢᠵᠤ᠂ ᠡᠳᠦᠭᠡ ᠨᠢᠭᠡᠨᠳᠡ ᠡᠯᠡᠰᠦ ᠲᠤᠭᠳᠠᠪᠤᠷᠢᠵᠢᠭᠤᠯᠬᠤ | ᠲᠤᠭᠤᠷᠢᠭ ᠲᠤ ᠲᠠᠷᠢᠭᠰᠠᠨ ᠪᠤᠷᠭᠠᠰᠤ ᠨᠢ ᠮᠧᠲᠷ ᠢᠯᠡᠭᠦᠦ ᠤᠷᠭᠤᠵᠤ᠂ ᠨᠡᠶᠢᠳᠡ ᠶᠢᠨ ᠠᠰᠢᠭᠳᠤ ᠤᠢ ᠶᠢᠨ ᠤᠷᠤᠨ ᠳᠠᠬᠢ | ᠮᠤᠳᠤ ᠪᠡᠯᠴᠢᠭᠡᠷ ᠨᠢ ᠰᠡᠷᠭᠦᠨ ᠤᠷᠭᠤᠭᠰᠠᠨ ᠪᠠᠶᠢᠨ᠎ᠠ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠠᠷᠠᠭᠤᠨ ᠦᠵᠦᠮᠦᠴᠢᠨ | ᠬᠤᠰᠢᠭᠤ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠣᠢᠢᠯᠠᠭᠠᠭᠳᠠᠬᠤᠨ ᠢ ᠪᠠᠲᠤ ᠪᠤᠶ ᠪᠣᠯᠭᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠦᠨᠳᠦᠰᠦᠨ | ᠬᠠᠷᠠᠯᠲᠠ ᠶᠢᠨ ᠲᠣᠭᠤᠷᠢᠨ ᠳᠤ᠂ ᠠᠮᠢ ᠠᠬᠤᠶ ᠶᠢᠨ ᠪᠣᠯᠪᠠᠰᠤᠨ ᠤ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠᠶᠢᠨ | ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠮᠢ ᠠᠬᠤᠶ ᠶᠢᠨ | ᠦᠶᠯᠡᠴᠢᠯᠡᠭᠡᠨ ᠤ ᠴᠢᠳᠠᠮᠵᠢ ᠶᠢ ᠪᠥᠬᠦ ᠬᠦᠴᠦᠨ ᠢᠶᠠᠷ ᠠᠬᠢᠭᠤᠯᠤᠨ ᠳᠡᠭᠡᠭᠰᠢᠯᠡᠭᠦᠯᠵᠦ᠂ 2016 — 2020 ᠣᠨ ᠳᠤ᠂ | ᠪᠥᠬᠦ ᠬᠤᠰᠢᠭᠤᠨ ᠤ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ | ᠤᠨ ᠡᠯᠡᠰᠦ ᠶᠢ ᠪᠢᠲᠡᠭᠦᠮᠵᠢᠯᠡᠨ ᠣᠢᠢᠵᠢᠭᠤᠯᠬᠤ ᠲᠥᠷᠥᠯ ᠵᠦᠶᠯ 5.8 ᠲᠦᠮᠡᠨ ᠮᠥ᠂ ᠬᠥᠮᠦᠨ ᠤ ᠬᠦᠴᠦ ᠪᠠᠷ | ᠣᠢᠢᠵᠢᠭᠤᠯᠬᠤ ᠲᠥᠷᠥᠯ ᠵᠦᠶᠯ 0.7 ᠲᠦᠮᠡᠨ ᠮᠥ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠶᠯ | 0.5 ᠲᠦᠮᠡᠨ ᠮᠥ ᠶᠢ ᠪᠡᠶᠡᠯᠡᠭᠦᠯᠪᠡ᠃ | 2018 ᠣᠨ ᠳᠤ᠂ ᠬᠤᠯᠠᠨ ᠰᠢᠷᠭ᠎ᠠ ᠲᠠᠭ᠎ᠠ ᠶᠢᠨ ᠡᠯᠡᠰᠦ᠂ ᠦᠵᠦᠮᠦᠴᠢᠨ ᠡᠯᠡᠰᠦ ᠶᠢᠨ ᠡᠯᠡᠰᠦᠷᠬᠡᠭᠵᠢᠭᠰᠡᠨ | ᠭᠤᠣᠯᠳᠠᠯᠭ᠎ᠠ ᠲᠠᠢ ᠣᠷᠣᠨ ᠢ ᠲᠤᠰᠬᠠᠢᠢᠯᠠᠨ ᠵᠠᠰᠠᠬᠤ ᠠᠵᠢᠯ ᠢ ᠡᠬᠢᠯᠡᠭᠦᠯᠦᠨ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠠᠷᠠᠭᠤᠨ ᠦᠵᠦᠮᠦᠴᠢᠨ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠵᠤᠬᠢᠴᠠᠭᠤᠯᠤᠨ᠂ ᠲᠤᠷᠤᠭ ᠮᠤᠳᠤ᠂ ᠪᠤᠳᠠ ᠮᠣᠳᠣ ᠲᠠᠷᠢᠬᠤ ᠶᠢ ᠤᠶᠠᠯᠳᠤᠭᠤᠯᠬᠤ᠂ ᠠᠮᠢᠳᠤ ᠪᠣᠳᠠᠰ ᠪᠠ ᠢᠨᠵᠧᠨᠧᠷᠢᠩ ᠢᠶᠠᠷ | ᠲᠠᠷᠢᠬᠤ ᠶᠢ ᠤᠶᠠᠯᠳᠤᠭᠤᠯᠤᠭᠰᠠᠨ ᠤᠷᠢᠲᠠᠯ ᠳᠣᠣᠷ᠎ᠠ᠂ ᠦᠵᠦᠮᠦᠴᠢᠨ ᠡᠯᠡᠰᠦᠨ ᠤ ᠡᠯᠡᠰᠦᠷᠬᠡᠭ ᠭᠠᠵᠠᠷ ᠤᠨ ᠭᠤᠣᠯᠳᠠᠯᠭ᠎ᠠ | ᠲᠠᠢ ᠣᠷᠣᠨ ᠢ ᠲᠤᠰᠬᠠᠶ ᠵᠦᠢᠯ ᠢᠶᠠᠷ ᠵᠠᠰᠠᠬᠤ ᠢᠨᠵᠧᠨᠧᠷᠢᠩ ᠢ ᠢᠳᠡᠪᠬᠢᠲᠡᠶ ᠥᠷᠨᠢᠭᠦᠯᠵᠦ᠂ ᠣᠳᠣᠬᠠᠨ ᠪᠣᠯᠲᠠᠯ᠎ᠠ᠂ ᠬᠤᠶᠠᠷ | ᠶᠡᠭᠡ ᠡᠯᠡᠰᠦᠷᠬᠡᠭ ᠭᠠᠵᠠᠷ ᠤᠨ ᠭᠤᠣᠯᠳᠠᠯᠭ᠎ᠠ ᠲᠠᠢ ᠣᠷᠣᠨ ᠤ ᠲᠤᠰᠬᠠᠶ ᠵᠦᠢᠯ ᠢᠶᠠᠷ ᠵᠠᠰᠠᠬᠤ ᠢᠨᠵᠧᠨᠧᠷᠢᠩ ᠤᠨ ᠡᠯᠡᠰᠦ ᠶᠢ | ᠪᠢᠲᠡᠭᠦᠮᠵᠢᠯᠡᠨ ᠣᠢᠢᠵᠢᠭᠤᠯᠬᠤ ᠲᠥᠷᠥᠯ ᠵᠦᠢᠯ ᠨᠡᠶᠢᠳᠡ 2 ᠲᠦᠮᠡᠨ ᠮᠤ᠋᠂ ᠬᠥᠮᠦᠨ ᠤ ᠬᠦᠴᠦ ᠪᠠᠷ ᠣᠢᠢᠵᠢᠭᠤᠯᠬᠤ | ᠲᠥᠷᠥᠯ ᠵᠦᠢᠯ 0.3 ᠲᠦᠮᠡᠨ ᠮᠤ᠋᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠢᠯ 0.2 ᠲᠦᠮᠡᠨ | ᠮᠤ᠋ ᠶᠢ ᠪᠡᠶᠡᠯᠡᠭᠦᠯᠪᠡ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠪᠠ ᠬᠤᠶᠠᠷ | ᠶᠡᠭᠡ ᠡᠯᠡᠰᠦᠷᠬᠡᠭ ᠭᠠᠵᠠᠷ ᠢ ᠲᠤᠰᠬᠠᠢᠢᠯᠠᠨ ᠵᠠᠰᠠᠬᠤ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠦᠭᠰᠡᠨ ᠢᠶᠠᠷ ᠪᠠᠷᠠᠭᠤᠨ | ᠦᠵᠦᠮᠦᠴᠢᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠶᠢ | ᠪᠦᠲᠦᠮᠵᠢᠲᠡᠶ ᠰᠡᠷᠭᠦᠭᠡᠭᠰᠡᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠂ ᠮᠠᠨ ᠤ | ᠬᠤᠰᠢᠭᠤ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠤᠯᠠᠮ ᠪᠠᠬᠢᠵᠢᠭᠦᠯᠵᠦ᠂ ᠠᠮᠢ ᠠᠬᠤᠢ ᠶᠢᠨ ᠪᠦᠳᠤᠬᠡᠨ ᠪᠠᠶᠢᠭᠤᠯᠤᠯᠲᠠ ᠶᠢ ᠠᠬᠢᠭᠤᠯᠤᠨ᠂ ᠡᠭᠡ ᠤᠯᠤᠰ | ᠤᠨ ᠤᠮᠠᠷᠠᠲᠤ ᠬᠢᠵᠠᠭᠠᠷ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠷ ᠢᠳᠡᠬᠡᠯ | ᠲᠡᠭᠦᠳᠡᠯᠷ ᠠᠵᠢᠯᠯᠠᠵᠦ ᠪᠠᠶᠢᠨ᠎ᠠ᠃ | |